ᠱᠧᠩᠯᠢ ᠵᠡᠭᠡᠯᠢ ᠶᠢᠨ ᠱᠤ᠋ ᠭᠤᠸᠠᠩ ᠨᠡᠶᠢᠭᠡᠮ ᠲᠣᠭᠤᠷᠢᠭ ᠰᠢᠨ᠎ᠡ ᠴᠠᠭ ᠦᠶ᠎ᠡ ᠶᠢᠨ ᠪᠤᠯᠪᠠᠰᠤᠨ ᠤ ᠤᠶᠢᠯᠡᠳᠤᠯᠭᠡ ᠶᠢᠨ ᠪᠠᠶᠢᠴᠠᠭᠠᠯᠳᠠ ᠬᠢᠵᠠᠢ
ᠨᠡᠶᠢᠲᠡᠯᠡᠭᠰᠡᠨ ᠴᠠᠭ᠄
2023/4/13
   4 ᠰᠠᠷ᠎ᠠ ᠶᠢᠨ 8 ᠤ ᠡᠳᠦᠷ᠂ ᠠᠶᠢᠮᠠᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠳᠠᠬᠢᠨ ᠬᠢᠨᠠᠵᠤ ᠰᠢᠯᠭᠠᠨ ᠠᠪᠬᠤ ᠳᠤᠭᠤᠶᠢᠯᠠᠩ ᠤᠯᠠᠭᠠᠨᠬᠤᠳᠠ ᠶᠢᠨ ᠱᠧᠩᠯᠢ ᠯᠢ ᠵᠡᠭᠡᠯᠢ ᠶᠢᠨ ᠱᠤ᠋ ᠭᠤᠸᠠᠩ ᠨᠡᠶᠢᠭᠡᠮ ᠲᠣᠭᠤᠷᠢᠭ ᠲᠤ ᠬᠦᠷᠴᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠨᠡᠶᠢᠳᠡᠮ ᠬᠠᠮᠤᠷᠬᠤ ᠠᠵᠢᠯ ᠳᠤ ᠳᠠᠬᠢᠨ ᠬᠢᠨᠠᠵᠤ ᠰᠢᠯᠭᠠᠨ ᠠᠪᠬᠤ ᠠᠵᠢᠯ ᠥᠷᠨᠢᠭᠦᠯᠵᠦ᠂ ᠱᠧᠩᠯᠢ ᠵᠡᠭᠡᠯᠢ ᠶᠢᠨ ᠭᠤᠣᠯ ᠤᠳᠤᠷᠢᠳᠤᠯᠭ᠎ᠠ ᠪᠠᠷ᠎ᠠ ᠪᠣᠯᠪᠠ᠃    ᠳᠠᠬᠢᠨ ᠬᠢᠨᠠᠵᠤ ᠰᠢᠯᠭᠠᠨ ᠠᠪᠬᠤ ᠳᠤᠭᠤᠶᠢᠯᠠᠩ ᠤᠨ ᠬᠢᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ᠂ ᠡᠩᠨᠡᠭᠡᠨ ᠤ ᠪᠦᠲᠦᠭᠡᠨ ᠪᠠᠶᠢᠭᠤᠯᠤᠯᠲᠠ᠂ ᠣᠯᠠᠨ ᠲᠦᠮᠡᠨ ᠳᠤ ᠦᠢᠯᠡᠴᠢᠯᠡᠬᠦ᠂ ᠤᠬᠠᠭᠤᠯᠤᠨ ᠲᠦᠭᠡᠮᠡᠯᠵᠢᠭᠦᠯᠬᠦ᠂ ᠰᠢᠯᠭᠠᠨ ᠲᠣᠭᠲᠠᠭᠠᠵᠤ ᠬᠥᠬᠢᠭᠦᠯᠬᠦ ᠵᠡᠷᠭᠡ ᠲᠠᠪᠤᠨ ᠲᠠᠯ᠎ᠠ ᠪᠠᠷ ᠳᠠᠬᠢᠨ ᠬᠢᠨᠠᠵᠤ ᠰᠢᠯᠭᠠᠨ ᠠᠪᠤᠪᠠ ᠃ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ ᠵᠡᠷᠭᠡ ᠠᠷᠭ᠎ᠠ ᠪᠠᠷ ᠳᠠᠮᠵᠢᠭᠤᠯᠤᠨ᠂ ᠱᠧᠩᠯᠢ ᠵᠡᠭᠡᠯᠢ ᠶᠢᠨ ᠱᠤ᠋ ᠭᠤᠸᠠᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠦᠨᠳᠦᠰᠦᠨ ᠪᠠᠶᠢᠳᠠᠯ ᠢ ᠨᠠᠷᠢᠨ ᠣᠶᠢᠯᠠᠭᠠᠵᠤ᠂ ᠢᠯᠠᠩᠭᠤᠶ᠎ᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠪᠠᠶᠢᠭᠤᠯᠤᠯᠲᠠ ᠶᠢᠨ ᠪᠠᠶᠢᠳᠠᠯ ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠭᠤᠷᠢᠨ ᠵᠡᠷᠭᠡ ᠲᠠᠯ᠎ᠠ ᠶᠢᠨ ᠠᠬᠢᠭᠤᠯᠤᠭᠰᠠᠨ ᠪᠠᠶᠢᠳᠠᠯ ᠢ ᠨᠠᠷᠢᠨ ᠨᠢᠮᠪᠠᠢ ᠠᠰᠠᠭᠤᠨ ᠯᠠᠪᠯᠠᠵᠠᠢ᠃ ᠳᠠᠷᠠᠭ᠎ᠠ ᠨᠢ᠂ ᠰᠢᠯᠭᠠᠨ ᠠᠪᠬᠤ ᠳᠤᠭᠤᠶᠢᠯᠠᠩ ᠤᠨ ᠬᠢᠨ ᠰᠣᠶᠣᠯ ᠤᠨ ᠠᠵᠢᠯᠯᠠᠭᠠᠨ ᠤ ᠲᠠᠰᠤᠭ ᠲᠤ ᠱᠤ᠋ ᠭᠤᠸᠠᠩ ᠨᠡᠶᠢᠭᠡᠮ ᠲᠣᠭᠤᠷᠢᠭ ᠤᠨ ᠠᠵᠢᠯ ᠤᠨ ᠴᠢᠯᠦᠭᠡᠨ ᠤ ᠤᠯᠠᠭᠠᠨᠮᠥ᠋ᠴᠢᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠪᠠ᠃    ᠲᠠᠬᠢᠨ ᠬᠢᠨᠠᠵᠤ ᠰᠢᠯᠭᠠᠨ ᠠᠪᠬᠤ ᠳᠤᠭᠤᠶᠢᠯᠠᠩ ᠠᠴᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢ ᠪᠠᠶᠢᠭᠤᠯᠬᠤ ᠪᠣᠯ ᠥᠷᠭᠡᠨ ᠤᠯᠠᠨ ᠰᠠᠭᠤᠭᠠᠯᠢ ᠠᠷᠠᠳ ᠤᠨ ᠦᠵᠡᠯ ᠰᠠᠨᠠᠭᠠᠨ ᠤ ᠤᠬᠠᠮᠰᠠᠷ᠂ ᠶᠣᠰᠣ ᠰᠤᠷᠲᠠᠬᠤᠨ ᠤ ᠲᠦᠪᠰᠢᠨ᠂ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠯᠪᠡᠷᠢ ᠪᠣᠯᠣᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠬᠦᠴᠦᠯᠡᠨ ᠪᠠᠬᠢᠵᠢᠭᠦᠯᠵᠦ ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠪᠠᠷ ᠴᠢᠷᠮᠠᠶᠢᠬᠤ ᠬᠡᠷᠡᠭᠲᠡᠢ᠃ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠤᠯᠠᠨ ᠲᠦᠮᠡᠨ ᠤ ᠬᠡᠷᠡᠭᠴᠡᠭᠡ ᠶᠢ ᠬᠠᠩᠭᠠᠵᠤ᠂ ᠤᠯᠠᠨ ᠲᠦᠮᠡᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠲᠡᠭᠡ ᠳᠠᠬᠢ ᠬᠠᠨᠤᠮᠵᠢ ᠶᠢᠨ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯᠯᠠᠵᠤ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠤᠯᠠᠨ ᠲᠦᠮᠡᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠳᠤ ᠣᠷᠣᠯᠴᠠᠬᠤ ᠨᠤᠷᠮ᠎ᠠ ᠶᠢ ᠳᠡᠭᠡᠭᠰᠢᠯᠡᠭᠦᠯᠵᠦ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠳ᠋ᠷ︾ ᠢ ᠨᠡᠪᠲᠡᠷᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃    
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号