ᠲᠢᠶᠠᠨ ‍ᠤᠤᠢ ᠨᠡᠶᠢᠭᠡᠮ ᠲᠣᠭᠤᠷᠢᠭ ︽ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ︾ ᠲᠤᠰᠬᠠᠶ ᠰᠡᠳᠦᠪᠲᠦ ᠰᠤᠷᠤᠯᠴᠠᠬᠤ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2023/4/13
 ᠨᠠᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠣᠯᠤᠨ ᠣᠨᠣᠯ ᠤᠨ ᠮᠡᠳᠡᠯᠭᠡ ᠶᠢ ᠤᠯᠠᠮ ᠨᠢᠭᠡ ᠠᠯᠬᠤᠮ ᠤᠬᠠᠭᠤᠯᠤᠨ ᠰᠤᠷᠤᠯᠴᠠᠵᠤ᠂ ᠨᠡᠶᠢᠭᠡᠮ ᠲᠣᠭᠤᠷᠢᠭ ᠤᠨ ᠺᠠᠳ᠋ᠷ᠂ ᠨᠠᠮ ᠤᠨ ᠭᠡᠰᠢᠭᠦᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠵᠦ᠂ ᠬᠠᠮᠲᠤ ᠪᠠᠷ ᠴᠡᠴᠡᠭᠯᠡᠨ ᠬᠥᠭᠵᠢᠬᠦ ᠦᠨᠳᠦᠰᠦᠲᠡᠨ ᠤ ᠵᠣᠷᠢᠭ ᠰᠠᠨᠠᠭ᠎ᠠ ᠶᠢ ᠪᠠᠲᠤ ᠡᠵᠡᠮᠰᠢᠭᠦᠯᠬᠦ ᠶᠢᠨ ᠲᠥᠯᠥᠭᠡ᠂ ᠣᠶᠢᠷ᠎ᠠ ᠳᠤ᠂ ᠷᠠᠰᠢᠶᠠᠨ ᠬᠤᠳᠠ ᠶᠢᠨ ᠲᠢᠶᠠᠨ ‍ᠤᠤᠢ ᠨᠡᠶᠢᠭᠡᠮ ᠲᠣᠭᠤᠷᠢᠭ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ︾ ᠲᠤᠰᠬᠠᠶ ᠰᠡᠳᠦᠪᠲᠦ ᠰᠤᠷᠤᠯᠴᠠᠬᠤ ᠬᠤᠷᠠᠯ ᠬᠤᠷᠠᠯᠳᠤᠭᠤᠯᠪᠠ᠃ ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠨᠢᠭᠡᠳᠦᠮᠡᠯ ᠹᠷᠣᠨᠲ᠂ ᠦᠨᠳᠦᠰᠦᠲᠡᠨ ᠤ ᠪᠦᠯᠬᠦᠮᠳᠡᠯ ᠲᠠᠪᠰᠢᠯᠳᠠ᠂ ᠱᠠᠰᠢᠨ ᠰᠤᠷᠲᠠᠬᠤᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠲᠡᠭᠦᠪᠦᠷᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠵᠡᠷᠭᠡ ᠬᠤᠯᠪᠣᠭᠳᠠᠯ ᠪᠦᠬᠦᠢ ᠦᠨᠳᠦᠰᠦᠲᠡᠨ ᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢ ᠤᠯᠠᠮᠵᠢᠯᠠᠨ ᠰᠤᠷᠤᠯᠴᠠᠵᠠᠢ᠃     ᠬᠤᠷᠠᠯ ᠠᠴᠠ᠂ ᠨᠡᠶᠢᠭᠡᠮ ᠲᠣᠭᠤᠷᠢᠭ ᠤᠨ ᠺᠠᠳ᠋ᠷ᠂ ᠨᠠᠮ ᠤᠨ ᠭᠡᠰᠢᠭᠦᠳ ᠦᠨᠳᠦᠰᠦᠲᠡᠨ ᠤ ᠣᠨᠣᠯ ᠪᠣᠯᠤᠨ ᠲᠥᠷᠥ ᠶᠢᠨ ᠪᠣᠳᠣᠯᠭ᠎ᠠ ᠶᠢ ᠲᠦᠷᠦᠭᠦᠯᠡᠨ ᠰᠤᠷᠤᠯᠴᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠲᠦᠷᠦᠭᠦᠯᠡᠨ ᠶᠠᠷᠢᠵᠤ᠂ ᠦᠨᠳᠦᠰᠦᠲᠡᠨ ᠨᠦᠭᠦᠳ ᠤᠨ ︽ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠦᠨᠳᠦᠰᠦᠲᠡᠨ ᠤ ᠠᠵᠢᠯ ᠤᠨ ᠭᠤᠣᠯ ᠰᠡᠳᠦᠪ ᠢ ᠪᠠᠲᠤ ᠡᠵᠡᠮᠰᠢᠵᠦ᠂ ᠦᠨᠳᠦᠰᠦᠲᠡᠨ ᠤ ᠠᠰᠠᠭᠤᠳᠠᠯ᠂ ᠦᠨᠳᠦᠰᠦᠲᠡᠨ ᠤ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠲᠠᠰᠤᠷᠠᠯᠲᠠ ᠦᠭᠡᠶ ᠳᠡᠭᠡᠭᠰᠢᠯᠡᠭᠦᠯᠵᠦ᠂ ᠤᠯᠤᠰ ᠣᠷᠣᠨ ᠤ ᠨᠢᠭᠡᠳᠦᠯ ᠪᠣᠯᠤᠨ ᠦᠨᠳᠦᠰᠦᠲᠡᠨ ᠤ ᠪᠦᠯᠬᠦᠮᠳᠡᠯ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃    
 
ᠢᠷᠡᠯᠲᠡ᠄ ᠲᠢᠶᠠᠨ ‍ᠤᠤᠢ ᠪᠠᠯᠭᠠᠰᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号