ᠵᠢᠭᠠᠰᠤ ᠠᠷᠪᠢᠨ ᠢᠳᠡᠪᠡᠯ ᠪᠡᠶ᠎ᠡ ᠳᠤ ᠰᠠᠶᠢᠨ᠂ ᠭᠡᠪᠡᠴᠦ ᠡᠨᠡ ᠭᠤᠷᠪᠠᠨ ᠵᠦᠢᠯ ᠤᠨ ᠵᠢᠭᠠᠰᠤ ᠶᠢ ᠢᠳᠡᠬᠦ ᠦᠭᠡᠢ ᠪᠣᠯ ᠬᠠᠮᠤᠭ ᠰᠠᠶᠢᠨ︕
ᠨᠡᠶᠢᠲᠡᠯᠡᠭᠰᠡᠨ ᠴᠠᠭ᠄
2023/4/13
   1. ᠵᠢᠭᠠᠰᠤᠨ ᠤ ᠴᠤᠤᠬ᠎ᠠ ᠣᠯᠠᠩᠬᠢ ᠦᠶ᠎ᠡ ᠳᠤ᠂ ᠪᠢᠳᠡ ᠵᠢᠭᠠᠰᠤ ᠬᠤᠳᠠᠯᠳᠤᠨ ᠠᠪᠬᠤ ᠳᠤ ᠵᠢᠭᠠᠰᠤ ᠶᠢ ᠠᠷᠢᠯᠭᠠᠴᠢᠬᠰᠠᠨ ᠮᠦᠷᠳᠡᠭᠡᠨ ᠴᠤᠤᠬ᠎ᠠ ᠶᠢ ᠨᠢ ᠠᠪᠴᠤ ᠬᠠᠶᠠᠬᠰᠠᠨ ᠪᠠᠶᠢᠳᠠᠭ᠂ ᠭᠡᠳᠡᠯ᠎ᠡ ᠤᠭᠤᠷᠠᠭ ᠤᠨ ᠠᠭᠤᠯᠤᠭᠳᠠᠴᠠ ᠠᠴᠠ ᠠᠪᠴᠤ ᠬᠡᠯᠡᠪᠡᠯ᠂ ᠵᠢᠭᠠᠰᠤᠨ ᠤ ᠴᠤᠤᠬ᠎ᠠ ᠶᠢᠨ ᠳᠣᠲᠣᠷᠠᠬᠢ ᠤᠭᠤᠷᠠᠭ ᠤᠨ ᠠᠭᠤᠯᠤᠭᠳᠠᠴᠠ ᠨᠢ ᠨᠡᠯᠢᠶᠡᠳ ᠥᠨᠳᠥᠷ᠂ 76% — 79 % ᠶᠢᠨ ᠬᠤᠭᠤᠷᠣᠨᠳᠣ ᠪᠠᠶᠢᠳᠠᠭ᠂ ᠬᠡᠪᠡᠴᠦ ᠥᠭᠡᠬᠦᠨ ᠤ ᠠᠭᠤᠯᠤᠭᠳᠠᠴᠠ ᠨᠢ ᠨᠡᠯᠢᠶᠡᠳ ᠳᠤᠤᠷ᠎ᠠ᠂ ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠨᠢ ᠴᠦ ᠥᠨᠳᠥᠷ ᠪᠢᠰᠢ ᠪᠠᠶᠢᠳᠠᠭ ᠪᠦᠭᠡᠳ ᠮᠢᠬᠠᠨ ᠤ ᠴᠢᠨᠠᠷ ᠨᠢ ᠨᠡᠯᠢᠶᠡᠳ ᠵᠦᠭᠡᠷ ᠬᠡᠰᠡᠭ ᠪᠣᠯᠤᠨ᠎ᠠ  ᠃     2.ᠵᠢᠭᠠᠰᠤᠨ ᠤ ᠲᠣᠯᠣᠭᠠᠢ ᠵᠢᠭᠠᠰᠤᠨ ᠤ ᠲᠣᠯᠣᠭᠠᠶ ᠶᠢᠨ ᠰᠢᠮ᠎ᠡ ᠲᠡᠵᠢᠭᠡᠯ ᠨᠢ ᠨᠡᠯᠢᠶᠡᠳ ᠥᠨᠳᠥᠷ᠂ ᠤᠭᠤᠷᠠᠭ᠂ ᠺᠠᠯᠼ᠂ ᠹᠣᠰᠹᠣᠷ᠂ ᠲᠡᠮᠦᠷ᠂ ᠸᠢᠲ᠋ᠠᠮᠢᠨ B1 ᠵᠡᠷᠭᠡ ᠣᠯᠠᠨ ᠵᠦᠢᠯ ᠤᠨ ᠰᠢᠮ᠎ᠡ ᠲᠡᠵᠢᠭᠡᠯ ᠤᠨ ᠡᠯᠧᠮᠧᠨ᠋ᠲ ᠠᠭᠤᠯᠵᠤ ᠪᠠᠶᠢᠳᠠᠭ᠃ ᠪᠢᠳᠡᠨ ᠤ ᠦᠷᠭᠦᠯᠵᠢ ᠢᠳᠡᠳᠡᠭ ᠶᠠᠷᠮ᠎ᠠ ᠵᠢᠭᠠᠰᠤᠨ ᠤ ᠲᠣᠯᠣᠭᠠᠶ ︵ᠲᠠᠷᠭᠤᠨ ᠲᠣᠯᠣᠭᠠᠶᠢᠲᠤ ᠵᠢᠭᠠᠰᠤ︶ ᠪᠠᠷ ᠵᠢᠱᠢᠶᠡᠯᠡᠬᠦ ᠳᠤ᠂ ᠲᠡᠭᠦᠨ ᠤ ᠲᠣᠯᠣᠭᠠᠶ ᠶᠢᠨ ᠤᠭᠤᠷᠠᠭ ᠤᠨ ᠠᠭᠤᠯᠤᠭᠳᠠᠴᠠ ᠨᠢ 18.32 % ᠲᠤ ᠬᠦᠷᠴᠦ ᠪᠠᠶᠢᠬᠤ ᠪᠦᠭᠡᠳ ᠡᠭᠦᠨ ᠠᠴᠠ ᠭᠠᠳᠠᠨ᠎ᠠ ᠲᠣᠯᠣᠭᠠᠶ ᠳᠤᠨᠢ ᠪᠠᠰᠠ ᠬᠠᠨᠤᠮᠠᠯ ᠪᠤᠰᠤ ᠥᠭᠡᠬᠦᠨ ᠬᠦᠴᠢᠯ᠂ ᠹᠣᠰᠹᠣᠷᠲᠤ ᠥᠭᠡᠬᠦᠨ ᠤ ᠲᠥᠷᠥᠯ ᠤᠨ ᠪᠣᠳᠠᠰ ᠡᠯᠪᠡᠭ ᠠᠭᠤᠯᠵᠤ ᠪᠠᠶᠢᠳᠠᠭ᠂ ᠡᠨᠡ ᠨᠢ ᠨᠢᠯᠬ᠎ᠠ ᠬᠡᠦᠬᠡᠳ ᠤᠨ ᠶᠡᠭᠡ ᠲᠠᠷᠢᠬᠢᠨ ᠤ ᠪᠤᠶᠢᠵᠢᠯᠲᠠ ᠳᠤ ᠠᠰᠢᠭᠲᠠᠶ ᠪᠦᠭᠡᠳ ᠠᠯᠽᠧᠶᠢᠮᠧᠷ ᠡᠪᠡᠳᠴᠢᠨ ᠢ ᠰᠠᠶᠢᠵᠢᠷᠠᠭᠤᠯᠬᠤ ᠳᠤ ᠲᠤᠰᠠᠯᠠᠳᠠᠭ᠃ ᠠᠩᠬᠠᠷᠤᠭᠤᠰᠢᠳᠠᠢ ᠨᠢ᠄ ᠵᠢᠭᠠᠰᠤᠨ ᠤ ᠲᠣᠯᠣᠭᠠᠶ ᠶᠢᠨ ᠰᠥᠰᠥᠨ ᠤ ᠭᠤᠨᠠᠨ ᠠᠯᠺᠣᠣᠯ ᠤᠨ ᠠᠭᠤᠯᠤᠭᠳᠠᠴᠠ ᠨᠡᠯᠢᠶᠡᠳ ᠥᠨᠳᠥᠷ ᠪᠣᠯᠬᠤᠷ ᠢᠳᠡᠬᠦ ᠬᠡᠮᠵᠢᠶ᠎ᠡ  ᠪᠠᠨ ᠬᠢᠵᠠᠭᠠᠷᠯᠠᠬᠤ ᠬᠡᠷᠡᠭᠲᠡᠶ᠃     3. ᠵᠢᠭᠠᠰᠤᠨ ᠤ ᠠᠷᠠᠰᠤ ᠤᠭᠤᠷᠠᠭ ᠤᠨ ᠠᠭᠤᠯᠤᠭᠳᠠᠴᠠ ᠨᠢ ᠨᠡᠯᠢᠶᠡᠳ ᠡᠯᠪᠡᠭ ᠪᠠᠶᠢᠵᠤ᠂ 30% ᠣᠷᠴᠢᠮ ᠬᠦᠷᠴᠦ ᠪᠠᠶᠢᠬᠤ ᠪᠦᠭᠡᠳ ᠪᠠᠰᠠ ᠴᠠᠪᠠᠤᠯᠢᠭ ᠤᠭᠤᠷᠠᠭ ᠡᠯᠪᠡᠭ ᠠᠭᠤᠯᠵᠤ ᠪᠠᠶᠢᠳᠠᠭ᠂ ᠤᠯᠠᠭᠠᠨ ᠲᠤᠯᠪᠠᠭ᠎ᠠ ᠵᠢᠭᠠᠰᠤ ᠪᠠᠷ ᠵᠢᠱᠢᠶᠡᠯᠡᠬᠦ ᠳᠤ᠂ ᠲᠡᠭᠦᠨ ᠤ ᠬᠠᠯᠢᠰᠤᠨ ᠳᠣᠲᠣᠷᠠᠬᠢ ᠴᠠᠪᠠᠤᠯᠢᠭ ᠤᠭᠤᠷᠠᠭ ᠤᠨ ᠠᠭᠤᠯᠤᠭᠳᠠᠴᠠ ᠨᠢ 80% ᠠᠴᠠ ᠳᠡᠭᠡᠭᠰᠢ ᠪᠠᠶᠢᠳᠠᠭ᠃ ᠠᠩᠬᠠᠷᠤᠭᠤᠰᠢᠳᠠᠢ ᠨᠢ᠄ ᠵᠢᠭᠠᠰᠤᠨ ᠤ ᠰᠥᠰᠥ ᠶᠢ ᠶᠠᠭᠠᠬᠢᠭᠰᠠᠨ ᠴᠤ ᠢᠳᠡᠵᠦ ᠪᠤᠯᠬᠤ ᠦᠭᠡᠢ︕ ᠵᠢᠭᠠᠰᠤᠨ ᠤ ᠰᠥᠰᠥᠨ ᠳᠤ ᠶᠡᠭᠡ ᠬᠡᠮᠵᠢᠶᠡᠨ ᠤ ᠰᠥᠰᠥᠨ ᠳᠠᠪᠤᠰᠤ᠂ ᠬᠤᠣᠷᠲᠤ ᠡᠳ᠋ ᠪᠠ ᠨᠡᠬᠡᠳᠡᠰᠦ ᠶᠢᠨ ᠠᠮᠢᠨ ᠠᠭᠤᠯᠤᠭᠳᠠᠵᠤ ᠪᠠᠶᠢᠳᠠᠭ ᠪᠤᠯᠬᠤᠷ ᠠᠳᠡᠭᠦᠷᠡᠨ ᠢᠳᠡᠪᠡᠯ ᠪᠥᠭᠡᠷ᠎ᠡ ᠶᠢ ᠮᠠᠭᠤᠳᠠᠭᠤᠯᠬᠤ ᠪᠤᠶᠤ ᠡᠯᠢᠭᠡᠨ ᠡᠪᠡᠳᠴᠢᠨ ᠡᠭᠦᠰᠭᠡᠵᠦ ᠮᠡᠳᠡᠨ᠎ᠡ᠂ ᠴᠢᠨᠠᠬᠰᠢᠯᠠᠪᠠᠯ ᠠᠮᠢ ᠨᠠᠰᠤᠨ ᠤ ᠠᠶᠤᠯ ᠲᠠᠢ ᠶᠤᠮ᠂ ᠡᠶᠢᠮᠦ ᠠᠴᠠ ᠶᠠᠭᠠᠬᠢᠭᠰᠠᠨ ᠴᠤ ᠢᠳᠡᠵᠦ ᠪᠣᠯᠬᠤ ᠦᠭᠡᠶ︕      ᠭᠠᠷᠠᠭ ᠲᠤ ᠬᠡᠳᠦᠢ ᠵᠢᠭᠠᠰᠤ ᠢᠳᠡᠪᠡᠯ ᠵᠣᠬᠢᠯᠳᠠᠢ ᠪᠤᠢ︖      ︽ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠢᠳᠡᠭᠡᠨ ᠤᠮᠳᠠᠭᠠᠨ ᠤ ᠵᠦᠭᠯᠡᠭᠦᠷ ︵2022︶︾ ᠢ ᠦᠨᠳᠦᠰᠦᠯᠡᠪᠡᠯ᠂ ᠭᠠᠷᠠᠭ ᠲᠤ 2 ᠤᠳᠠᠭ᠎ᠠ ᠵᠢᠭᠠᠰᠤ ᠢᠳᠡᠬᠦ ᠪᠤᠶᠤ 300 ~ 500 ᠭᠷᠠᠮ ᠵᠢᠭᠠᠰᠤ ᠢᠳᠡᠪᠡᠯ ᠬᠠᠮᠤᠭ ᠰᠠᠶᠢᠨ ᠭᠡᠵᠡᠢ᠃      ᠵᠢᠭᠠᠰᠤᠨ ᠤ ᠮᠢᠬ᠎ᠠ ᠢᠳᠡᠬᠦ ᠪᠠᠨ ᠵᠣᠬᠢᠬᠤ ᠬᠡᠮᠵᠢᠶ᠎ᠡ ᠪᠠᠷ ᠨᠡᠮᠡᠭᠳᠡᠭᠦᠯᠪᠡᠯ ᠪᠠᠰᠠ ᠨᠠᠰᠤᠨ ᠳᠤ ᠬᠦᠷᠦᠭᠰᠡᠳ ᠤᠨ ᠲᠠᠷᠢᠬᠢᠨ ᠰᠠ ᠳᠤ ᠳᠠᠭᠠᠷᠢᠬᠳᠠᠬᠤ ᠲᠦᠭᠰᠢᠭᠦᠷᠢ ᠶᠢ ᠪᠠᠭᠠᠰᠬᠠᠵᠤ ᠴᠢᠳᠠᠨ᠎ᠠ᠃ ᠵᠢᠭᠠᠰᠤᠨ ᠤ ᠮᠢᠬ᠎ᠠ ᠶᠢ ᠢᠯᠡᠭᠦᠬᠡᠨ ᠰᠢᠭ ᠢᠳᠡᠪᠡᠯ ᠢᠳᠡᠷ ᠥᠲᠡᠯᠦᠭᠡ ᠨᠠᠰᠤᠨ ᠤ ᠬᠦᠮᠦᠰ ᠤᠨ ᠠᠯᠽᠧᠶᠢᠮᠧᠷ ᠡᠪᠡᠳᠴᠢᠨ ᠵᠢᠴᠢ ᠲᠠᠨᠢᠨ ᠮᠡᠳᠡᠬᠦᠶ ᠶᠢᠨ ᠴᠢᠳᠠᠮᠵᠢ ᠶᠢᠨ ᠰᠠᠭᠠᠲᠠᠯ ᠤᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠪᠠᠭᠤᠷᠠᠭᠤᠯᠵᠤ ᠴᠢᠳᠠᠨ᠎ᠠ᠃ ᠡᠨᠡ 3 ᠵᠦᠢᠯ ᠤᠨ ᠵᠢᠭᠠᠰᠤ ᠶᠢ ᠢᠳᠡᠬᠦ ᠦᠭᠡᠶ ᠪᠣᠯ ᠰᠠᠶᠢᠨ 1. ᠴᠢᠨᠠᠵᠤ ᠪᠤᠯᠭᠤᠬᠰᠠᠨ ᠥᠬᠡᠶ ᠵᠢᠭᠠᠰᠤ 2. ᠲᠣᠰᠣᠨ ᠳᠤ ᠭᠡᠳᠦ ᠪᠤᠴᠠᠯᠭᠠᠭᠰᠠᠨ ᠵᠢᠭᠠᠰᠤ 3. ᠳᠠᠪᠤᠰᠤᠯᠠᠭᠰᠠᠨ ᠵᠢᠭᠠᠰᠤ  
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号