ᠬᠢᠴᠢᠶᠡ︕ ᠡᠶᠢᠮᠦ ᠬᠤᠶᠠᠷ ᠬᠡᠮᠵᠢᠯᠳᠦ ᠲᠡᠮᠳᠡᠭ ᠢ ᠪᠢᠲᠡᠭᠡᠶ ᠰᠢᠷᠪᠢᠭᠡᠷᠡᠢ︕
ᠨᠡᠶᠢᠲᠡᠯᠡᠭᠰᠡᠨ ᠴᠠᠭ᠄
2023/4/13
     ᠣᠶᠢᠷ᠎ᠠ ᠳᠤ᠂ ᠴᠥᠭᠡᠨ ᠪᠤᠰᠤ ᠬᠤᠲᠠ ᠶᠢᠨ ᠠᠷᠠᠳ ᠨᠢᠭᠡᠨ ᠬᠤᠶᠠᠷ ᠬᠡᠮᠵᠢᠯᠳᠦ ᠲᠡᠮᠳᠡᠭ ᠲᠠᠢ ᠲᠠᠨᠢᠯ ᠪᠤᠰᠤ ᠲᠦᠷᠭᠡᠨ ᠬᠦᠷᠭᠡᠯᠲᠡ ᠶᠢ ᠤᠯᠪᠠ᠂ ᠵᠠᠷᠢᠮ ᠨᠢ ᠴᠣᠮᠣ ᠪᠠᠶᠢᠵᠤ᠂ ᠵᠠᠷᠢᠮ ᠨᠢ ᠤᠬᠠᠭᠤᠯᠭ᠎ᠠ ᠶᠢᠨ ᠬᠠᠭᠤᠳᠠᠰᠤ ᠪᠠᠶᠢᠯ᠎ᠠ ᠭᠡᠵᠦ ᠲᠤᠰᠬᠠᠪᠠ᠃ ᠡᠭᠦᠨ ᠤ ᠬᠠᠮᠲᠤ ᠶᠢᠨ ᠣᠨᠴᠠᠯᠢᠭ ᠭᠡᠪᠡᠯ ᠪᠤᠭᠤᠳᠠᠯ ᠳᠡᠭᠡᠷ᠎ᠡ ᠨᠢ ᠪᠦᠷ ᠬᠤᠶᠠᠷ ᠬᠡᠮᠵᠢᠯᠳᠦ ᠲᠡᠮᠳᠡᠭ ᠳᠠᠷᠤᠮᠠᠯᠯᠠᠬᠰᠠᠨ ᠪᠠᠶᠢᠪᠠ᠃ ᠡᠨᠡ ᠪᠣᠯ ᠨᠢᠭᠡᠨ ᠮᠠᠰᠢ ᠬᠦᠮᠦᠨ ᠢ ᠲᠥᠭᠡᠷᠢᠭᠳᠡᠭᠦᠯᠬᠦ ᠴᠢᠨᠠᠷᠲᠠᠶ ᠰᠢᠨ᠎ᠡ ᠬᠡᠯᠪᠡᠷᠢ ᠶᠢᠨ ᠮᠡᠬᠡᠯᠡᠯ ᠤᠨ ᠠᠷᠭ᠎ᠠ ᠪᠠᠷᠢᠯ ᠮᠥᠨ᠃ ᠤᠤᠯ ᠨᠢ ᠮᠡᠬᠡᠯᠡᠭᠴᠢ ᠬᠠᠤᠯᠢ ᠪᠤᠰᠤ ᠠᠷᠭ᠎ᠠ ᠵᠠᠮ ᠢᠶᠠᠷ ᠣᠯᠠᠨ ᠬᠦᠮᠦᠨ ᠤ ᠪᠡᠶ᠎ᠡ ᠬᠡᠮ ᠤᠨ ᠮᠡᠳᠡᠭᠡ ᠵᠠᠩᠭᠢ᠂ ᠵᠢᠱᠢᠶᠡᠯᠡᠪᠡᠯ ᠣᠪᠣᠭ ᠨᠡᠷ᠎ᠡ᠂ ᠭᠠᠷ ᠤᠲᠠᠰᠤᠨ ᠤ ᠨᠣᠮᠧᠷ᠂ ᠪᠠᠷᠠᠭ᠎ᠠ ᠲᠣᠰᠬᠤ ᠬᠠᠶ᠋ᠢᠭ ᠵᠡᠷᠭᠡ ᠶᠢ ᠤᠯᠤᠭᠠᠳ ᠬᠤᠶᠠᠷ ᠬᠡᠮᠵᠢᠯᠳᠦ ᠲᠡᠮᠳᠡᠭ ᠲᠠᠢ ᠲᠦᠷᠭᠡᠨ ᠬᠦᠷᠭᠡᠯᠲᠡ ᠶᠢ ᠰᠢᠤᠳᠠᠨ ᠢᠶᠠᠷ ᠢᠯᠡᠭᠡᠳᠡᠭ ᠪᠠᠶᠢᠨ᠎ᠠ᠃ ᠵᠠᠷᠢᠮ ᠮᠡᠬᠡᠯᠡᠭᠴᠢ ᠪᠠᠰᠠ ᠡᠯᠧᠺᠳ᠋ᠷᠣᠨ ᠬᠤᠳᠠᠯᠳᠤᠭᠠᠨ ᠤ ᠲᠠᠪᠴᠠᠩ ᠤᠨ ᠵᠣᠴᠢᠳ ᠤᠨ ᠦᠢᠯᠡᠴᠢᠯᠡᠭᠡ ᠶᠢᠨ ᠨᠡᠷ᠎ᠡ ᠪᠠᠷ ᠣᠪᠯᠠᠵᠤ᠂ ᠪᠠᠰᠠ ᠨᠢᠭᠡ ᠤᠭᠤᠲᠠ ᠪᠤᠳᠠᠭ᠎ᠠ᠂ ᠨᠢᠭᠡ ᠬᠠᠶᠢᠷᠴᠠᠭ ᠵᠢᠮᠢᠰ ᠪᠤᠶᠤ ᠬᠤᠪᠴᠠᠰᠤ ᠤᠬᠢᠶᠠᠬᠤ ᠰᠢᠩᠭᠡᠨ ᠵᠡᠷᠭᠡ ᠬᠡᠷᠡᠭᠰᠡᠯ ᠬᠦᠷᠭᠡᠵᠦ᠂ ᠵᠠᠷᠢᠮ ᠬᠤᠲᠠ ᠶᠢᠨ ᠠᠷᠠᠳ ᠤᠨ ᠰᠡᠵᠢᠭᠯᠡᠰᠢ ᠥᠬᠡᠶ ᠪᠠᠲᠤ ᠢᠳᠡᠭᠡᠯ ᠢ ᠤᠯᠳᠠᠭ᠃ ᠲᠥᠯᠥᠪᠦᠷᠢ ᠥᠬᠡᠶ ᠪᠡᠯᠡᠭ ᠢ ᠣᠯᠤᠭᠰᠠᠨ ᠤ ᠳᠠᠷᠠᠭ᠎ᠠ᠂ ᠵᠠᠷᠢᠮ ᠬᠥᠮᠦᠨ ᠡᠭᠦᠨ ᠢ ᠬᠤᠳᠠᠯᠳᠤᠭᠠᠨ ᠤ ᠲᠠᠪᠴᠠᠩ ᠤᠨ ᠵᠣᠴᠢᠳ ᠤᠨ ᠦᠢᠯᠡᠴᠢᠯᠡᠭᠡ ᠶᠢᠨ ᠬᠢᠨ ᠤ ᠬᠦᠷᠭᠡᠭᠰᠡᠨ ᠠᠰᠠᠷᠠᠮᠵᠢ ᠭᠡᠵᠦ ᠦᠵᠡᠭᠡᠳ᠂ ᠶᠠᠭᠤ ᠴᠤ ᠪᠤᠳᠤᠬᠤ ᠦᠭᠡᠢ ᠪᠠᠷ ᠨᠥᠭᠦᠭᠡ ᠡᠲᠡᠭᠡᠳ ᠤᠨ ᠢᠶᠠᠨ ᠬᠠᠩᠭᠠᠭᠰᠠᠨ ᠬᠤᠶᠠᠷ ᠬᠡᠮᠵᠢᠯᠳᠦ ᠲᠡᠮᠳᠡᠭ ᠢ ᠰᠢᠷᠪᠢᠵᠦ ᠮᠡᠬᠡᠯᠡᠭᠴᠢ ᠶᠢᠨ ᠨᠡᠭᠡᠭᠡᠭᠰᠡᠨ ᠵᠣᠭᠤᠭ ᠤᠨ ᠬᠤᠯᠪᠣᠭᠠᠨ ᠳᠤ ᠤᠷᠤᠳᠠᠭ᠃ ᠵᠣᠭᠤᠭ ᠤᠨ ᠬᠤᠯᠪᠣᠭᠠᠨ ᠳᠤ ᠣᠷᠣᠭᠰᠠᠨ ᠤ ᠳᠠᠷᠠᠭ᠎ᠠ᠂ ᠮᠡᠬᠡᠯᠡᠭᠴᠢ ᠨᠢ ᠬᠤᠯᠪᠤᠭᠠᠨ ᠲᠤᠳᠤᠷ᠎ᠠ ᠪᠠᠨ ᠵᠠᠬᠢᠶᠠᠯᠠᠭ᠎ᠠ ᠶᠢᠨ ᠬᠠᠭᠤᠳᠠᠰᠤ ᠰᠢᠷᠪᠢᠬᠦ ᠡᠭᠦᠷᠭᠡ ᠦᠭᠴᠦ᠂ ᠪᠡᠶᠡᠯᠡᠭᠦᠯᠪᠡᠯ ᠳᠠᠷᠤᠶ ᠤᠯᠠᠭᠠᠨ ᠪᠠᠭᠯᠠᠭ᠎ᠠ ᠲᠠᠷᠬᠠᠭᠠᠨ ᠦᠭᠴᠦ᠂ ᠬᠥᠮᠦᠰ ᠲᠤ ᠪᠠᠭ᠎ᠠ ᠰᠠᠭ᠎ᠠ ᠪᠠᠶᠠᠰᠤᠯ ᠬᠦᠷᠳᠡᠭᠡᠭᠡᠳ ᠬᠦᠮᠦᠰ ᠰᠡᠷᠭᠡᠶᠢᠯᠡᠬᠦ ᠪᠤᠳᠤᠯ ᠢᠶᠠᠨ ᠪᠦᠷᠢᠮᠦᠰᠦᠨ ᠲᠠᠶᠠᠬᠳᠠᠬᠰᠠᠨ ᠤ ᠬᠤᠶᠢᠨ᠎ᠠ᠂ ᠵᠥᠭᠡᠯᠡᠨ ᠲᠣᠨᠤᠭ ᠪᠠᠭᠤᠯᠭᠠᠬᠤ᠂ ᠵᠣᠭᠤᠰ ᠨᠡᠮᠡᠵᠦ ᠣᠷᠣᠯᠠᠨ ᠲᠦᠯᠦᠬᠦ ᠪᠠᠷ ᠤᠷᠮᠠᠰᠢᠭᠤᠯᠤᠨ ᠲᠠᠳᠠᠵᠤ᠂ ᠲᠡᠳᠡᠨ ᠢᠶᠠᠷ ᠬᠥᠯᠥᠰᠥᠨ ᠮᠥᠩᠭᠦ ᠨᠢ ᠨᠠᠩ ᠥᠨᠳᠥᠷ ᠲᠤᠰᠢᠶᠠᠯ ᠬᠠᠪᠰᠤᠷᠭᠠᠬᠤ ᠡᠭᠦᠷᠭᠡ ᠶᠢ ᠪᠡᠶᠡᠯᠡᠭᠦᠯᠦᠬᠦᠯᠳᠡᠭ᠃ ᠬᠡᠷᠪᠡ ᠣᠷᠣᠭᠤᠯᠤᠯᠲᠠ ᠪᠠᠨ ᠲᠠᠰᠤᠷᠠᠯᠲᠠ ᠥᠬᠡᠶ ᠨᠡᠮᠡᠭᠳᠡᠭᠦᠯᠬᠦ ᠳᠤ ᠭᠦᠷᠪᠡᠯ᠂ ᠥᠪᠡᠷ ᠤᠨ ᠴᠢᠨᠢ ᠡᠬᠡ ᠮᠥᠩᠭᠦ ᠪᠠ ᠬᠥᠯᠥᠰᠥᠨ ᠮᠥᠩᠭᠦ ᠪᠦᠷ ᠭᠠᠷᠭᠠᠵᠤ ᠠᠪᠬᠤ ᠶᠢᠨ ᠠᠷᠭ᠎ᠠ ᠥᠬᠡᠶ ᠪᠤᠯᠳᠠᠭ᠂ ᠡᠨᠡ ᠦᠶ᠎ᠡ ᠳᠤ ᠮᠡᠬᠡᠯᠡᠭᠴᠢ ᠳᠠᠷᠤᠶ ︽ᠰᠢᠰᠲ᠋ᠧᠮ ᠲᠦᠭᠵᠢᠷᠡᠯ ᠲᠠᠢ ᠪᠤᠯᠤᠬᠰᠠᠨ︾᠂ ︽ᠡᠭᠦᠷᠭᠡ ᠴᠠᠭ ᠠᠴᠠ ᠪᠠᠨ ᠬᠡᠲᠦᠷᠡᠭᠰᠡᠨ︾᠂ ︽ᠠᠵᠢᠯᠯᠠᠭᠠᠨ ᠤ ᠠᠯᠳᠠᠰᠢ ᠭᠠᠷᠤᠬᠰᠠᠨ︾ ᠭᠡᠬᠦ ᠮᠡᠳᠦ ᠶᠢᠨ ᠰᠢᠯᠳᠠᠭ ᠭᠡᠯᠡᠵᠦ ᠦᠷᠭᠦᠯᠵᠢᠯᠡᠨ ᠵᠤᠭᠤᠰ ᠨᠡᠮᠡᠵᠦ ᠣᠷᠣᠯᠠᠨ ᠳᠥᠯᠥᠬᠦ ᠶᠢ ᠱᠠᠭᠠᠷᠳᠠᠳᠠᠭ᠃ ᠦᠨᠡᠨ ᠳᠡᠭᠡᠨ᠂ ᠡᠨᠡ ᠪᠣᠯ ᠪᠦᠷ ᠮᠡᠬᠡᠯᠡᠭᠴᠢ ᠶᠢᠨ ᠶᠠᠷᠢᠶᠠᠲᠤ ᠵᠦᠴᠦᠭᠡ ᠶᠢᠨ ᠵᠣᠬᠢᠶᠠᠯ ᠪᠤᠯᠬᠤᠷ ᠮᠡᠬᠡᠯᠡᠭᠳᠡᠭᠴᠢ ᠥᠪᠡᠷ ᠤᠨ ᠡᠬᠡ ᠮᠥᠩᠭᠦ ᠪᠣᠯᠤᠨ ᠬᠥᠯᠥᠰᠥᠨ ᠮᠥᠩᠭᠦ ᠪᠠᠨ ᠭᠠᠷᠭᠠᠨ ᠠᠪᠬᠤ ᠶᠢᠨ ᠠᠷᠭ᠎ᠠ ᠦᠭᠡᠢ ᠶᠤᠮ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号