4 ᠳ᠋ᠦ᠋ᠭᠡᠷ ᠰᠠᠷ᠎ᠠ ᠶᠢᠨ 15 ᠤ ᠡᠳᠦᠷ᠂ ᠬᠢᠩᠭᠠᠨ ᠠᠶᠢᠮᠠᠭ ᠤᠨ 2023 ᠣᠨ ᠤ ︽ᠬᠠᠪᠤᠷ ᠤᠨ | ᠲᠠᠷᠢᠶᠠᠯᠠᠭ᠎ᠠ ᠶᠢᠨ ᠨᠢᠭᠡᠳᠦᠭᠡᠷ ᠠᠨᠵᠢᠰᠤ︾ ᠵᠢᠴᠢ ᠠᠮᠤ ᠪᠤᠳᠠᠭᠠᠨ ᠤ ᠦᠢᠯᠡᠳᠪᠦᠷᠢᠯᠡᠯ ᠤᠨ ᠠᠵᠢᠯ ᠢ ᠳᠥᠯᠭᠢᠨ | ᠠᠬᠢᠭᠤᠯᠬᠤ ᠲᠤᠬᠠᠶ ᠶᠢᠨ ᠲᠠᠯᠠᠪᠤᠷ ᠤᠨ ᠬᠤᠷᠠᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠪᠠᠶᠠᠨᠬᠤᠰᠢᠭᠤ ᠪᠠᠯᠭᠠᠰᠤᠨ ᠤ ᠮᠠ ᠵᠢᠶᠠ ᠽᠢ ᠭᠠᠴᠠᠭ᠎ᠠ ᠳᠤ ᠶᠠᠪᠤᠭᠳᠠᠪᠠ᠃ ᠮᠠᠰᠢᠨ ᠮᠧᠬᠠᠨᠢᠭ ᠨᠢᠵᠢᠭᠢᠨᠡᠵᠦ᠂ ᠬᠡᠳᠦᠨ | ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ ᠬᠠᠷ᠎ᠠ ᠬᠥᠷᠥᠰᠥᠨ ᠳᠤ ᠨᠠᠰᠢ ᠴᠠᠰᠢ ᠰᠦᠯᠵᠢᠯᠳᠦᠵᠦ᠂ ᠡᠪᠦᠯ | ᠢᠴᠡᠭᠡᠯᠡᠬᠦ ᠭᠠᠵᠠᠷ ᠢ ᠰᠡᠬᠦᠵᠦ᠂ ︽ᠬᠠᠪᠤᠷ ᠤᠨ ᠲᠠᠷᠢᠶᠠᠯᠠᠭ᠎ᠠ ᠶᠢᠨ ᠠᠩᠬᠠᠨ ᠤ ᠠᠨᠵᠢᠰᠤ︾ ᠨᠢ ᠬᠢᠩᠭᠠᠨ | ᠠᠶᠢᠮᠠᠭ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠤᠢ᠃ | ︽ᠬᠢᠩᠭᠠᠨ ᠠᠶᠢᠮᠠᠭ ᠨᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠲᠤᠯᠭᠠᠭᠤᠷᠢ | ᠬᠦᠴᠦᠨ ᠪᠣᠯᠤᠭᠰᠠᠨ ᠤ ᠬᠤᠪᠢ ᠳᠤ᠂ 2022 ᠣᠨ ᠳᠤ ᠪᠥᠬᠦ ᠠᠶᠢᠮᠠᠭ ᠤᠨ ᠠᠮᠤ ᠪᠤᠳᠠᠭᠠᠨ ᠤ ᠤᠨᠠᠯᠲᠠ 134. | 3 ᠳ᠋ᠦᠩᠰᠢᠭᠤᠷ ᠵᠢᠩ ᠳᠤ ᠬᠦᠷᠴᠦ᠂ ᠶᠡᠷᠦᠩᠬᠡᠶ ᠤᠨᠠᠯᠲᠠ ᠨᠢ ᠪᠥᠬᠦ ᠣᠷᠣᠨ ᠳᠤ ᠭᠤᠷᠪᠠᠳᠤᠭᠠᠷ ᠲᠤ ᠣᠷᠣᠵᠤ | ᠪᠠᠶᠢᠭᠰᠠᠨ ᠠᠴᠠ ᠪᠠᠨ ᠳᠡᠭᠡᠭᠰᠢᠯᠡᠭᠡᠳ ᠬᠤᠶᠠᠳᠤᠭᠠᠷ ᠲᠤ ᠣᠷᠣᠵᠤ᠂ ᠬᠥᠮᠦᠨ ᠳᠤᠮᠳᠠᠴᠢ ᠶᠢᠨ ᠠᠮᠤ ᠪᠤᠳᠠᠭᠠᠨ ᠤ | ᠡᠵᠡᠯᠡᠬᠦ ᠬᠡᠮᠵᠢᠶ᠎ᠡ ᠪᠠ ᠲᠠᠸᠠᠷ ᠤᠨ ᠬᠡᠮᠵᠢᠶ᠎ᠡ ᠨᠢ ᠪᠥᠬᠦ ᠣᠷᠣᠨ ᠳᠤ ᠨᠢᠭᠡᠳᠦᠭᠡᠷ ᠲᠤ ᠣᠷᠣᠵᠤ᠂ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠬᠢᠩᠭᠠᠨ ᠳᠤ ᠬᠤᠪᠢ ᠨᠡᠮᠡᠷᠢ ᠦᠵᠡᠭᠦᠯᠪᠡ᠃ 2023 ᠣᠨ ᠳᠤ᠂ | ᠬᠢᠩᠭᠠᠨ ᠠᠶᠢᠮᠠᠭ ᠤᠨ ᠬᠢᠨ ︿ᠳᠤᠮᠳᠠᠳᠤ ᠤᠯᠤᠰ ᠤᠨ ᠠᠮᠤ ᠪᠤᠳᠠᠭ᠎ᠠ﹀ ᠳᠤ ᠨᠡᠩ ᠤᠯᠠᠨ ︿ᠬᠢᠩᠭᠠᠨ ᠠᠮᠤ | ᠪᠤᠳᠠᠭ᠎ᠠ ﹀ ᠶᠢ ᠣᠷᠣᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ︾ ᠭᠡᠵᠦ ᠲᠤᠬᠠᠢ ᠶᠢᠨ ᠲᠠᠯᠠᠪᠠᠢ ᠶᠢᠨ ᠬᠤᠷᠠᠯ | ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠶᠡᠷᠦᠩᠬᠡᠢ | ᠲᠠᠷᠢᠶᠠᠯᠠᠩ ᠤᠨ ᠮᠡᠷᠭᠡᠵᠢᠯᠲᠡᠨ ᠯᠢᠦ ᠶᠦᠩ ᠮᠢᠩ ᠬᠡᠯᠡᠪᠡ᠃ | ᠣᠶᠢᠯᠠᠭᠠᠭᠰᠠᠨ ᠢᠶᠠᠷ᠂ 2023 ᠣᠨ ᠳᠤ᠂ ᠮᠠᠨ ᠤ ᠠᠶᠢᠮᠠᠭ ᠤᠨ ᠲᠠᠷᠢᠮᠠᠯ ᠤᠨ ᠶᠡᠷᠦᠩᠬᠡᠶ ᠳᠠᠷᠢᠬᠤ ᠲᠠᠯᠠᠪᠠᠶ | ᠵᠢᠱᠢᠯᠲᠡ ᠪᠠᠷ 1783.68 ᠲᠦᠮᠡᠨ ᠮᠥ ᠳᠤ ᠬᠦᠷᠴᠦ᠂ ᠳᠡᠭᠡᠷ᠎ᠡ ᠵᠢᠯ ᠤᠨ ᠬᠢ ᠠᠴᠠ 2.72 ᠲᠦᠮᠡᠨ ᠮᠥ | ᠨᠡᠮᠡᠭᠳᠡᠵᠡᠶ᠂ ᠡᠭᠦᠨ ᠳᠤ ᠠᠮᠤ ᠪᠤᠳᠠᠭᠠᠨ ᠤ ᠲᠠᠷᠢᠮᠠᠯ 1689.36 ᠲᠦᠮᠡᠨ ᠮᠥ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 0.21 ᠲᠦᠮᠡᠨ ᠮᠥ ᠨᠡᠮᠡᠭᠳᠡᠵᠡᠶ᠃ ᠣᠳᠣᠬᠠᠨ ᠳᠤ᠂ ᠮᠠᠨ ᠤ ᠠᠶᠢᠮᠠᠭ ᠤᠨ ᠬᠠᠪᠤᠷ ᠤᠨ | ᠲᠠᠷᠢᠶᠠᠯᠠᠭ᠎ᠠ ᠶᠢᠨ ᠭᠤᠤᠯ ᠪᠣᠯᠬᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠣᠳᠠᠲᠠᠶᠢᠵᠢᠭᠰᠠᠨ ᠨᠣᠷᠮ᠎ᠠ | 95% ᠳᠤ ᠬᠦᠷᠴᠦ᠂ ᠡᠯ᠎ᠡ ᠵᠦᠢᠯ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠨᠢᠭᠡᠨᠲᠡ ᠪᠡᠯᠡᠳᠬᠡᠵᠦ | ᠳᠠᠭᠤᠰᠴᠠᠶ᠂ ᠡᠯ᠎ᠡ ᠭᠠᠵᠠᠷ ᠤᠨ ᠬᠢᠨ ᠳᠤᠯᠠᠭᠠᠨ ᠤ ᠬᠡᠮᠵᠢᠶ᠎ᠡ᠂ ᠴᠢᠭᠢᠭ ᠤᠨ ᠪᠠᠶᠢᠳᠠᠯ ᠵᠡᠷᠭᠡ ᠠᠭᠤᠷ ᠠᠮᠢᠰᠬᠤᠯ ᠤᠨ | ᠨᠥᠬᠦᠴᠡᠯ ᠳᠤ ᠳᠣᠭᠢᠷᠠᠬᠤ ᠶᠢ ᠬᠦᠯᠢᠶᠡᠪᠡᠯ ᠳᠠᠷᠤᠶ ᠡᠬᠢᠯᠡᠨ ᠳᠠᠷᠢᠵᠤ ᠪᠣᠯᠤᠨ᠎ᠠ᠃ | ︽ᠣᠳᠣᠬᠠᠨ ᠳᠤ ᠬᠠᠪᠤᠷ ᠤᠨ ᠲᠠᠷᠢᠶᠠᠯᠠᠭ᠎ᠠ ᠳᠤ ᠬᠡᠷᠡᠭᠰᠡᠬᠦ ᠦᠷ᠎ᠡ᠂ ᠬᠢᠮᠢ ᠶᠢᠨ ᠪᠤᠷᠳᠤᠭᠤᠷ ᠵᠡᠷᠭᠡ ᠡᠳ᠋ ᠪᠣᠳᠠᠰ | ᠴᠥᠮ ᠮᠠᠰᠢ ᠭᠦᠢᠴᠡᠳ ᠪᠠᠶᠢᠵᠤ᠂ ᠲᠠᠷᠢᠶᠠᠨ ᠭᠠᠵᠠᠷ ᠢ ᠴᠤ ᠤᠷᠢᠳᠴᠢᠯᠠᠨ ᠮᠠᠯᠲᠠᠵᠤ ᠳᠠᠭᠤᠰᠬᠠᠪᠠ᠂ ᠮᠠᠨ ᠤ | ᠠᠶᠢᠮᠠᠭ ᠤᠨ ᠲᠠᠷᠢᠶᠠᠯᠠᠩ ᠤᠨ ᠮᠠᠰᠢᠨ᠂ ᠲᠠᠷᠢᠶᠠᠯᠠᠩ ᠤᠨ ᠮᠡᠷᠭᠡᠵᠢᠯ ᠪᠣᠯᠤᠨ ᠦᠷ᠎ᠡ ᠪᠤᠶᠢᠵᠢᠭᠤᠯᠬᠤ ᠮᠡᠷᠭᠡᠵᠢᠯ ᠤᠨ | ᠲᠠᠰᠤᠷᠠᠯᠲᠠ ᠦᠭᠡᠢ ᠳᠡᠰ ᠳᠡᠪᠰᠢᠬᠦ ᠪᠠ ᠳᠡᠭᠡᠭᠰᠢᠯᠡᠬᠦ ᠨᠢ ᠮᠢᠨᠦ ᠡᠨᠡ ᠵᠢᠯ ᠤᠨ ᠬᠤᠷᠢᠶᠠᠯᠲᠠ ᠳᠤ ᠢᠲᠡᠭᠡᠯ ᠲᠡᠭᠦᠯᠳᠡᠷ | ᠪᠠᠶᠢᠨ᠎ᠠ︾᠃ ᠯᠢ ᠶᠦᠩ ᠮᠧᠶ ᠪᠣᠯ ᠲᠤᠬᠠᠶ ᠶᠢᠨ ᠭᠠᠵᠠᠷ ᠤᠨ ︽ᠠᠮᠤ ᠪᠤᠳᠠᠭ᠎ᠠ ᠳᠠᠷᠢᠬᠤ ᠲᠣᠮᠣ ᠡᠷᠦᠬᠡ︾ ᠮᠥᠨ᠂ | ᠭᠤᠤᠯᠳᠠᠭᠤ ᠡᠷᠳᠡᠨᠢ ᠰᠢᠰᠢ᠂ ᠰᠢᠷ᠎ᠠ ᠪᠤᠷᠴᠠᠭ ᠳᠠᠷᠢᠬᠤ ᠪᠠᠷ ᠭᠤᠤᠯᠯᠠᠵᠤ᠂ ︽ᠠᠩᠬᠠᠨ ᠤ ᠠᠨᠵᠢᠰᠤ︾ ᠶᠢ | ᠤᠷᠤᠭᠰᠢᠲᠠᠶ ᠡᠬᠢᠯᠡᠭᠦᠯᠦᠭᠰᠡᠨ ᠨᠢ ᠲᠡᠭᠦᠨ ᠤ ᠢᠲᠡᠭᠡᠯ ᠵᠣᠷᠢᠭ ᠢ ᠬᠥᠪᠴᠢᠯᠡᠵᠡᠶ᠃ ᠯᠢ ᠶᠦᠩ ᠮᠧᠢ ᠶᠢᠨ | ᠲᠠᠨᠢᠯᠴᠠᠭᠤᠯᠤᠭᠰᠠᠨ ᠢᠶᠠᠷ᠂ ᠡᠨᠡ ᠵᠢᠯ ᠲᠡᠭᠦᠨ ᠤ ᠲᠠᠷᠢᠭᠰᠠᠨ 12 ᠲᠦᠮᠡᠨ ᠮᠦ ᠲᠠᠷᠢᠶᠠᠨ ᠭᠠᠵᠠᠷ ᠲᠤ 2 ᠰᠢᠨ᠎ᠡ | ᠲᠦᠷᠦᠯ ᠵᠦᠢᠯ ᠢ ᠣᠷᠣᠭᠤᠯᠤᠭᠰᠠᠨ ᠪᠥᠭᠡᠳ ᠪᠦᠬᠦᠨ ᠢ ᠭᠦᠢᠬᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢᠶᠠᠷ | ᠲᠠᠷᠢᠵᠤ᠂ ᠤᠰᠤ ᠠᠷᠪᠢᠯᠠᠬᠤ ᠪᠥᠭᠡᠳ ᠥᠨᠳᠥᠷ ᠦᠷ᠎ᠡ ᠠᠰᠢᠭ ᠲᠠᠢ ᠪᠠᠶᠢᠬᠤ ᠶᠢ ᠪᠠᠲᠤᠯᠠᠨ᠎ᠠ᠃ | ︽ᠠᠮᠤ ᠪᠤᠳᠠᠭ᠎ᠠ ᠳᠠᠷᠢᠬᠤ ᠲᠣᠮᠣ ᠡᠷᠦᠬᠡ︾ ᠢᠲᠡᠭᠡᠯ ᠲᠠᠢ ᠪᠠᠶᠢᠵᠤ᠂ ︽ᠲᠠᠷᠢᠶᠠᠯᠠᠩ ᠤᠨ ᠮᠠᠰᠢᠨ ᠤ ᠲᠣᠮᠣ | ᠦᠢᠯᠡᠳᠪᠦᠷᠢ︾ ᠪᠠᠲᠤᠯᠠᠭ᠎ᠠ ᠲᠠᠢ ᠪᠣᠯᠪᠠ᠃ ︽ᠮᠠᠨ ᠤ ᠭᠠᠷᠭᠠᠭᠰᠠᠨ 5 ᠰᠢᠨ᠎ᠡ ᠬᠡᠯᠪᠡᠷᠢ ᠶᠢᠨ ᠲᠠᠷᠢᠶᠠᠯᠠᠩ ᠤᠨ | ᠮᠠᠰᠢᠨ ᠢ ᠨᠢᠭᠡᠨᠲᠡ ᠳᠤᠮᠳᠠᠳᠤ ᠤᠯᠤᠰ ᠤᠨ ᠠᠮᠤ ᠪᠤᠳᠠᠭᠠᠨ ᠤ ᠺᠣᠮᠫᠠᠨᠢ ᠲᠠᠢ ᠬᠠᠮᠲᠤᠷᠠᠨ ᠰᠣᠩᠭᠤᠨ ᠬᠡᠷᠡᠭᠯᠡᠬᠦ ᠪᠠᠷ | ᠲᠣᠭᠲᠠᠵᠠᠢ᠂ ᠲᠦᠷᠦᠭᠦᠬᠡᠨ ᠰᠤᠳᠤᠯᠤᠨ ᠦᠢᠯᠡᠳᠦᠭᠰᠡᠨ ᠰᠢᠨ᠎ᠡ ᠬᠡᠯᠪᠡᠷᠢ ᠶᠢᠨ ᠥᠨᠳᠥᠷ ᠬᠤᠷᠳᠤᠴᠠᠲᠤ | ᠲᠠᠷᠢᠶᠠᠯᠠᠬᠤ ᠠᠴᠠ ᠬᠡᠯᠲᠦᠷᠢᠭᠦᠯᠬᠦ ᠬᠡᠢ ᠰᠣᠷᠣᠬᠤ ᠮᠠᠶ᠋ᠢᠭ ᠤᠨ ᠤᠶᠤᠨᠲᠤ ᠦᠷ᠎ᠡ ᠰᠠᠴᠤᠬᠤ ᠮᠠᠰᠢᠨ ᠤ ᠠᠵᠢᠯᠯᠠᠬᠤ | ᠬᠤᠷᠳᠤᠴᠠ ᠶᠢ ᠶᠡᠭᠡ ᠪᠠᠷ ᠳᠡᠭᠡᠭᠰᠢᠯᠡᠭᠦᠯᠪᠡ᠂ ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ | ᠮᠠᠰᠢᠨ ᠤ ᠦᠢᠯᠡᠳᠪᠦᠷᠢᠯᠡᠯ ᠤᠨ ᠬᠥᠭᠵᠢᠶᠡᠨᠲᠡᠢ ᠤᠯᠠᠷᠢᠯ ᠪᠤᠯᠵᠤ ᠪᠠᠶᠢᠨ᠎ᠠ᠂ ᠪᠢᠳᠡ ᠲᠠᠷᠢᠶᠠᠯᠠᠩ ᠤᠨ ᠮᠠᠰᠢᠨ ᠤ | ᠵᠠᠬᠢᠶᠠᠯᠠᠭ᠎ᠠ ᠶᠢ ᠥᠨᠳᠥᠷ ᠪᠦᠲᠦᠮᠵᠢᠲᠡᠢ ᠪᠠᠷ ᠪᠡᠶᠡᠯᠡᠭᠦᠯᠵᠦ᠂ ᠲᠠᠷᠢᠶᠠᠴᠢᠳ ᠤᠨ ᠲᠠᠷᠢᠶᠠᠯᠠᠩ ᠤᠨ ᠮᠠᠰᠢᠨ ᠬᠤᠳᠠᠯᠳᠤᠨ | ᠠᠪᠬᠤ ᠬᠡᠷᠡᠭᠴᠡᠭᠡ ᠶᠢ ᠬᠠᠩᠭᠠᠬᠤ ᠪᠣᠯᠤᠨ᠎ᠠ︾᠃ ᠭᠡᠵᠦ ᠤᠯᠠᠭᠠᠨᠬᠤᠲᠠ ᠶᠢᠨ ᠱᠦᠨ ᠶᠤᠸᠠᠨ ᠲᠠᠷᠢᠶᠠᠯᠠᠩ ᠮᠠᠯ ᠠᠵᠤ | ᠠᠬᠤᠢ ᠶᠢᠨ ᠮᠠᠰᠢᠨ ᠮᠧᠬᠠᠨᠢᠭ ᠦᠢᠯᠡᠳᠬᠦ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢᠦ ᠱᠸᠦ ᠶᠤᠸᠠᠨ | ᠬᠡᠯᠡᠪᠡ᠃ | ᠲᠤᠬᠠᠶ ᠶᠢᠨ ᠲᠠᠯᠠᠪᠠᠶ ᠶᠢᠨ ᠬᠤᠷᠠᠯ ᠳᠡᠭᠡᠷ᠎ᠡ ᠪᠠᠰᠠ ᠰᠢᠨ᠎ᠡ ᠮᠡᠷᠭᠡᠵᠢᠯ ᠤᠨ ᠦᠵᠡᠭᠦᠯᠦᠯᠭᠡ ᠶᠢᠨ ᠲᠣᠭᠤᠷᠢᠭ᠂ | ᠰᠢᠨ᠎ᠡ ᠮᠠᠰᠢᠨ ᠪᠠᠭᠠᠵᠢ ᠶᠢᠨ ᠦᠵᠡᠭᠦᠯᠦᠯᠭᠡ ᠶᠢᠨ ᠲᠣᠭᠤᠷᠢᠭ᠂ ᠰᠢᠨ᠎ᠡ ᠲᠥᠷᠥᠯ ᠵᠦᠢᠯ ᠤᠨ ᠦᠵᠡᠭᠦᠯᠦᠯᠭᠡ ᠶᠢᠨ | ᠲᠣᠭᠤᠷᠢᠭ᠂ ᠠᠵᠤ ᠠᠬᠤᠶᠢᠯᠠᠯ ᠤᠨ ᠦᠢᠯᠡᠴᠢᠯᠡᠭᠡᠨ ᠤ ᠲᠣᠭᠤᠷᠢᠭ ᠭᠠᠷᠭᠠᠵᠤ᠂ ᠨᠠᠩ ᠲᠡᠷᠢᠭᠦᠨ ᠤ ᠳᠠᠷᠢᠬᠤ ᠠᠷᠭ᠎ᠠ | ᠮᠠᠶ᠋ᠢᠭ᠂ ᠲᠠᠷᠢᠶᠠᠯᠠᠩ ᠤᠨ ᠮᠠᠰᠢᠨ ᠪᠠ ᠲᠠᠷᠢᠶᠠᠯᠠᠩ ᠤᠨ ᠪᠠᠭᠠᠵᠢ ᠪᠠ ᠲᠠᠷᠢᠶᠠᠨ ᠤ ᠲᠠᠷᠢᠮᠠᠯ ᠤᠨ ᠬᠠᠮᠢᠶᠠᠷᠤᠯᠲᠠ ᠶᠢᠨ | ᠠᠷᠭ᠎ᠠ ᠵᠡᠷᠭᠡ ᠶᠢ ᠳᠡᠯᠭᠡᠷᠡᠭᠦᠯᠵᠦ᠂ ᠪᠥᠬᠦ ᠠᠶᠢᠮᠠᠭ ᠤᠨ ᠲᠠᠷᠢᠶᠠᠴᠢᠳ ᠲᠤ ᠰᠢᠨ᠎ᠡ ᠪᠠᠷ ᠪᠣᠶ ᠪᠣᠯᠤᠭᠰᠠᠨ | ᠲᠠᠷᠢᠶᠠᠯᠠᠩ ᠤᠨ ᠮᠡᠷᠭᠡᠵᠢᠯ ᠢ ᠰᠤᠷᠤᠯᠴᠠᠬᠤ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ ᠢ ᠣᠶᠢᠯᠠᠭᠠᠬᠤ᠂ | ᠲᠠᠷᠢᠮᠠᠯ ᠤᠨ ᠰᠢᠨ᠎ᠡ ᠡᠭᠦᠯᠳᠡᠷ ᠢ ᠲᠠᠨᠢᠬᠤ ᠲᠠᠪᠴᠠᠩ ᠬᠠᠩᠭᠠᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ | ᠠᠬᠢᠭᠤᠯᠤᠨ᠂ ᠪᠥᠬᠦ ᠠᠶᠢᠮᠠᠭ ᠤᠨ ᠲᠠᠷᠢᠶᠠᠯᠠᠩ ᠤᠨ ᠦᠢᠯᠡᠳᠪᠦᠷᠢᠯᠡᠯ ᠤᠨ ᠶᠠᠰᠤ ᠴᠢᠨᠠᠷ ᠤᠨ ᠳᠡᠭᠡᠭᠰᠢᠯᠡᠯᠲᠡ ᠶᠢ | ᠪᠠᠲᠤᠯᠠᠨ᠎ᠠ᠃ | ︽ᠡᠨᠡ ᠵᠢᠯ᠂ ᠮᠠᠨ ᠤ ᠠᠶᠢᠮᠠᠭ ︿ᠠᠮᠤ ᠪᠤᠳᠠᠭᠠᠨ ᠤ ᠤᠨᠠᠯᠲᠠ ᠶᠢ ᠪᠠᠭᠤᠷᠠᠭᠤᠯᠬᠤ ᠥᠬᠡᠶ᠂ ᠭᠠᠷᠤᠯᠲᠠ ᠶᠢ | ᠨᠡᠮᠡᠭᠳᠡᠭᠦᠯᠬᠦ ᠪᠠᠷ ᠴᠢᠷᠮᠠᠶᠢᠬᠤ﹀ ᠪᠠᠷ ᠭᠤᠤᠯ ᠡᠭᠦᠷᠭᠡ ᠪᠠᠨ ᠪᠣᠯᠭᠠᠵᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠮᠤ | ᠪᠤᠳᠠᠭᠠᠨ ᠤ ᠨᠡᠮᠡᠭᠳᠡᠯ ᠤᠨ ᠵᠢᠱᠢᠶ᠎ᠡ ᠦᠵᠡᠭᠦᠯᠬᠦ ᠣᠷᠣᠨ᠂ ᠲᠠᠷᠢᠶᠠᠨ ᠭᠠᠵᠠᠷ ᠢ ᠡᠭᠡᠯᠵᠢᠯᠡᠨ ᠳᠠᠷᠢᠬᠤ᠂ ᠲᠠᠷᠢᠶᠠᠨ | ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ᠂ ᠬᠠᠭᠠᠯᠪᠤᠷᠢᠯᠠᠬᠤ ᠥᠬᠡᠶ ᠪᠠᠷ ᠳᠠᠷᠢᠬᠤ ᠵᠡᠷᠭᠡ ᠲᠥᠷᠥᠯ | ᠵᠦᠢᠯ ᠢ ᠬᠡᠷᠡᠭᠵᠢᠭᠦᠯᠵᠦ᠂ ᠰᠠᠶᠢᠨ ᠡᠭᠦᠯᠳᠡᠷ ᠰᠠᠶᠢᠨ ᠠᠷᠭ᠎ᠠ ᠰᠠᠶᠢᠨ ᠲᠣᠬᠢᠶᠠᠯ ᠰᠠᠶᠢᠨ ᠭᠠᠵᠠᠷ ᠢ ᠢᠵᠢ | ᠪᠥᠷᠢᠳᠦᠭᠦᠯᠬᠦ ᠪᠠᠷ ᠳᠠᠮᠵᠢᠭᠤᠯᠤᠨ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ | ᠴᠢᠷᠮᠠᠶᠢᠨ ᠳᠡᠭᠡᠭᠰᠢᠯᠡᠭᠦᠯᠦᠨ᠎ᠡ︾᠃ ᠭᠡᠵᠦ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ | ᠲᠤᠪᠴᠢᠶ᠎ᠠ ᠶᠢᠨ ᠲᠠᠷᠢᠮᠠᠯ ᠤᠨ ᠦᠢᠯᠡᠰ ᠤᠨ ᠰᠠᠯᠠᠭᠠᠨ ᠤ ᠳᠠᠷᠤᠭ᠎ᠠ ᠸᠠᠩ ᠯᠢ ᠯᠢ ᠬᠡᠯᠡᠪᠡ᠃ |