︽ᠬᠢᠩᠭᠠᠨ ᠠᠶᠢᠮᠠᠭ ᠤᠨ ᠨᠠᠷᠠᠲᠤ ᠲᠡᠮᠳᠡᠭ︾ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠬᠡᠷᠡᠭᠯᠡᠭᠡᠨ ᠤ ᠵᠦᠢᠯ ᠤᠨ ᠦᠵᠡᠰᠬᠦᠯᠡᠩ  ᠳᠤ ᠤᠷᠤᠯᠴᠠᠪᠠ
ᠨᠡᠶᠢᠲᠡᠯᠡᠭᠰᠡᠨ ᠴᠠᠭ᠄
2023/4/17
   4 ᠰᠠᠷ᠎ᠠ ᠶᠢᠨ 10 ᠤ ᠡᠳᠦᠷ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠬᠡᠷᠡᠭᠯᠡᠭᠡᠨ ᠤ ᠵᠦᠢᠯ ᠤᠨ ᠦᠵᠡᠰᠬᠦᠯᠡᠩ ᠬᠠᠶᠢᠨᠠᠨ ᠤ ᠤᠯᠠᠨ ᠤᠯᠤᠰ ᠤᠨ ᠦᠵᠡᠰᠬᠦᠯᠡᠩ ᠤᠨ ᠲᠥᠪ ᠲᠤ ᠡᠬᠢᠯᠡᠪᠡ᠃ ᠬᠢᠩᠭᠠᠨ ᠠᠶᠢᠮᠠᠭ ᠠᠴᠠ ᠢᠷᠡᠭᠰᠡᠨ ᠥᠪᠥᠷ ᠮᠣᠩᠭᠤᠯ ᠤᠨ ᠬᠤᠷᠴᠢᠨ ᠸᠠᠨ ᠵᠢᠶᠠ ᠢᠳᠡᠭᠡᠨ ᠤ ᠬᠢᠵᠠᠭᠠᠷᠲᠤ ᠺᠣᠮᠫᠠᠨᠢ᠂ ᠬᠢᠩᠭᠠᠨ ᠠᠶᠢᠮᠠᠭ ᠤᠨ ᠡᠯ ᠯᠦᠩ ᠳᠦᠨ ᠣᠷᠭᠠᠨᠢᠭ ᠲᠠᠷᠢᠶᠠᠯᠠᠩ ᠤᠨ ᠬᠢᠵᠠᠭᠠᠷᠲᠤ ᠺᠣᠮᠫᠠᠨᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ  ᠤᠷᠳᠤᠨ ᠬᠠᠳᠬᠤᠮᠠᠯ ᠤᠨ ᠠᠵᠤ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠭᠤᠷᠪᠠᠨ ᠺᠣᠮᠫᠠᠨᠢ ᠦᠵᠡᠰᠬᠦᠯᠡᠩ ᠳᠤ ᠣᠷᠣᠯᠴᠠᠪᠠ᠃    ᠦᠵᠡᠭᠦᠯᠦᠯᠭᠡ ᠶᠢᠨ ᠴᠤᠭᠯᠠᠭᠠᠨ ᠳᠡᠭᠡᠷ᠎ᠡ᠂ ᠬᠤᠷᠴᠢᠨ ᠸᠠᠨ ᠵᠢᠶᠠ ᠳᠠᠪᠤᠰᠤᠯᠠᠭᠰᠠᠨ ᠵᠢᠶᠠᠩᠨᠠᠭᠰᠠᠨ ᠨᠣᠭᠤᠭ᠎ᠠ᠂ ᠣᠷᠭᠠᠨᠢᠭ ᠠᠮᠲᠠ  ᠵᠡᠷᠭᠡ 23 ᠲᠥᠷᠥᠯ ᠤᠨ ᠪᠦᠲᠦᠭᠡᠭᠳᠡᠬᠦᠨ ᠢᠶᠠᠨ ᠳᠡᠯᠭᠡᠨ ᠦᠵᠡᠭᠦᠯᠦᠭᠰᠡᠨ ᠪᠥᠭᠡᠳ ᠪᠠᠶᠢᠭᠠᠯᠢᠯᠢᠭ ᠂ ᠪᠣᠬᠢᠷᠲᠤᠯ ᠥᠬᠡᠶ᠂ ᠣᠷᠭᠠᠨᠢᠭ ᠰᠢᠯᠢᠳᠡᠭ ᠴᠢᠨᠠᠷ ᠴᠢᠨᠰᠠᠭ᠎ᠠ ᠪᠠᠷ ᠢᠶᠠᠨ ᠣᠯᠠᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃  ᠤᠷᠳᠤᠨ ᠬᠠᠳᠬᠤᠮᠠᠯ ᠤᠨ ᠳᠡᠯᠭᠡᠨ ᠦᠵᠡᠭᠦᠯᠦᠭᠰᠡᠨ ᠭᠠᠷ ᠤᠷᠠᠯᠠᠯ ᠤᠨ ᠬᠠᠳᠬᠤᠮᠠᠯ ᠨᠢ ᠴᠦ ᠥᠪᠡᠷᠮᠢᠴᠡ ᠵᠢᠷᠤᠭ ᠲᠥᠯᠥᠪᠯᠡᠭᠡ ᠪᠠ ᠳᠡᠭᠡᠳᠦ ᠳᠡᠰ ᠤᠨ ᠴᠢᠨᠠᠷ ᠴᠢᠨᠰᠠᠭ᠎ᠠ ᠪᠠᠷ ᠢᠶᠠᠨ ᠲᠤᠬᠠᠶ ᠶᠢᠨ ᠲᠠᠯᠠᠪᠠᠶ ᠳᠤ ᠲᠣᠭᠤᠷᠢᠨ ᠦᠵᠡᠭᠴᠢᠳ ᠤᠨ ᠠᠩᠬᠠᠷᠤᠯ ᠢ ᠲᠠᠲᠠᠭᠰᠠᠨ ᠪᠠᠶᠢᠨ᠎ᠠ᠃    ᠣᠶᠢᠯᠠᠭᠠᠭᠰᠠᠨ ᠢᠶᠠᠷ᠂ ᠡᠨᠡ ᠤᠳᠠᠭᠠᠨ ᠤ ᠬᠡᠷᠡᠭᠯᠡᠭᠴᠢᠳ ᠤᠨ ᠬᠡᠷᠡᠭᠯᠡᠭᠡᠨ ᠤ ᠦᠵᠡᠰᠬᠦᠯᠡᠩ ᠤᠨ ᠴᠤᠭᠯᠠᠭᠠᠨ 4 ᠰᠠᠷ᠎ᠠ ᠶᠢᠨ 15 ᠤ ᠡᠳᠦᠷ ᠪᠣᠯᠲᠠᠯ᠎ᠠ ᠡᠨᠡ ᠬᠤᠭᠤᠴᠠᠭᠠᠨ ᠳᠤ᠂ ᠠᠶᠢᠮᠠᠭ ᠤᠨ ᠵᠠᠬᠢᠷᠭ᠎ᠠ ᠬᠠᠶᠢᠺᠸᠤ ᠬᠤᠳᠠ ᠳᠤ ︽ᠥᠪᠥᠷ ᠮᠣᠩᠭᠤᠯ · ᠬᠢᠩᠭᠠᠨ ᠠᠶᠢᠮᠠᠭ ᠤᠨ ᠪᠡᠯᠡ ᠣᠷᠣᠭᠤᠯᠤᠯᠲᠠ ᠠᠷᠠᠯᠵᠢᠶᠠᠨ ᠤ ᠲᠠᠨᠢᠯᠴᠠᠭᠤᠯᠭ᠎ᠠ ᠶᠢᠨ ᠴᠤᠭᠯᠠᠭᠠᠨ︾ ᠢ ᠡᠷᠬᠢᠯᠡᠭᠰᠡᠨ ᠪᠥᠭᠡᠳ ᠬᠤᠰᠢᠭᠤ ᠰᠢᠶᠠᠨ ᠬᠤᠳᠠ ᠶᠢᠨ ᠲᠥᠯᠥᠭᠡᠯᠡᠭᠴᠢ ᠲᠠᠨᠢᠯᠴᠠᠭᠤᠯᠬᠤ᠂ ᠲᠥᠪᠯᠡᠷᠡᠭᠦᠯᠦᠨ ᠭᠡᠷ᠎ᠡ ᠲᠣᠭᠲᠠᠬᠤ᠂ ᠪᠦᠲᠦᠭᠡᠭᠳᠡᠬᠦᠨ ᠢᠶᠠᠨ ᠳᠡᠯᠭᠡᠨ ᠦᠵᠡᠭᠦᠯᠬᠦ ᠪᠠ ᠶᠠᠰᠤ ᠴᠢᠨᠠᠷ ᠢᠶᠠᠷ ᠲᠤᠯᠢ ᠪᠣᠯᠭᠠᠬᠤ ᠵᠡᠷᠭᠡ ᠭᠤᠭᠴᠤᠭ᠎ᠠ ᠶᠢ ᠲᠤᠬᠢᠷᠠᠭᠤᠯᠵᠤ᠂ ᠬᠢᠩᠭᠠᠨ ᠠᠶᠢᠮᠠᠭ ᠤᠨ ᠲᠤᠲᠤᠷᠭ᠎ᠠ᠂ ᠬᠤᠪᠣᠷ ᠡᠷᠳᠡᠨᠢ᠂ ᠦᠬᠡᠷ ᠬᠤᠨᠢᠨ ᠮᠢᠬ᠎ᠠ᠂ ᠨᠠᠷᠢᠮᠤ ᠠᠮᠤ᠂ ᠡᠯᠳᠡᠪ ᠠᠮᠤ ᠵᠡᠷᠭᠡ 200 ᠭᠠᠷᠤᠢ ᠲᠦᠷᠦᠯ ᠤᠨ ᠤᠨᠴᠠᠯᠢᠭᠳᠤ ᠪᠦᠲᠦᠭᠡᠭᠳᠡᠬᠦᠨ ᠢ ᠦᠵᠡᠰᠬᠦᠯᠡᠩ ᠤᠨ ᠴᠤᠭᠯᠠᠭᠠᠨ ᠳᠡᠭᠡᠷ᠎ᠡ ᠲᠥᠪᠯᠡᠷᠡᠭᠦᠯᠦᠨ ᠳᠡᠯᠭᠡᠨ ᠦᠵᠡᠭᠦᠯᠪᠡ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号