ᠬᠢᠩᠭᠠᠨ ᠠᠶᠢᠮᠠᠭ ᠤᠨ 9 ᠡᠮᠴᠢ ᠰᠤᠪᠢᠯᠠᠭᠴᠢ ︽ᠥᠪᠥᠷ ᠮᠣᠩᠭᠤᠯ ᠤᠨ ᠰᠠᠶᠢᠨ ᠡᠮᠴᠢ  ᠥᠪᠥᠷ ᠮᠣᠩᠭᠤᠯ ᠤᠨ ᠰᠠᠶᠢᠨ ᠰᠤᠪᠢᠯᠠᠭᠴᠢ︾ ᠭᠡᠬᠦ ᠢᠷᠠᠭᠤ ᠠᠯᠳᠠᠷ ᠤᠨ ᠴᠣᠯᠠ ᠭᠥᠷᠳᠡᠪᠡ
ᠨᠡᠶᠢᠲᠡᠯᠡᠭᠰᠡᠨ ᠴᠠᠭ᠄
2023/4/17
   4 ᠳ᠋ᠦ᠋ᠭᠡᠷ ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠬᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠢᠩᠭᠠᠨ ᠠᠶᠢᠮᠠᠭ ᠲᠤ ︽ᠥᠪᠥᠷ ᠮᠣᠩᠭᠤᠯ ᠤᠨ ᠰᠠᠶᠢᠨ ᠡᠮᠴᠢ᠂ ᠥᠪᠥᠷ ᠮᠣᠩᠭᠤᠯ ᠤᠨ ᠰᠠᠶᠢᠨ ᠰᠤᠪᠢᠯᠠᠭᠴᠢ︾ ᠶᠢᠨ ᠲᠤᠬᠠᠶ ᠶᠢᠨ ᠲᠠᠯᠠᠪᠤᠷ ᠲᠤ ᠬᠦᠷᠴᠦ ᠰᠣᠯᠢᠯᠴᠠᠬᠤ ᠠᠵᠢᠯᠯᠠᠭ᠎ᠠ ᠥᠷᠨᠢᠭᠦᠯᠵᠦ᠂ ᠬᠢᠩᠭᠠᠨ ᠠᠶᠢᠮᠠᠭ ᠤᠨ 9 ᠡᠮᠴᠢ ᠰᠤᠪᠢᠯᠠᠭᠴᠢ ︽ᠥᠪᠥᠷ ᠮᠣᠩᠭᠤᠯ ᠤᠨ ᠰᠠᠶᠢᠨ ᠡᠮᠴᠢ᠂ ᠥᠪᠥᠷ ᠮᠣᠩᠭᠤᠯ ᠤᠨ ᠰᠠᠶᠢᠨ ᠰᠤᠪᠢᠯᠠᠭᠴᠢ︾ ᠶᠢᠨ ᠢᠷᠠᠭᠤ ᠠᠯᠳᠠᠷ ᠢ ᠭᠥᠷᠳᠡᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ 2022 ᠣᠨ ᠤ ︽ᠥᠪᠥᠷ ᠮᠣᠩᠭᠤᠯ ᠤᠨ ᠰᠠᠶᠢᠨ ᠡᠮᠴᠢ᠂ ᠥᠪᠥᠷ ᠮᠣᠩᠭᠤᠯ ᠤᠨ ᠰᠠᠶᠢᠨ ᠰᠤᠪᠢᠯᠠᠭᠴᠢ︾ ᠭᠡᠬᠦ ᠰᠠᠷ᠎ᠠ ᠶᠢᠨ 120 ᠬᠥᠮᠦᠨ ᠢ ᠨᠡᠶᠢᠲᠡᠯᠡᠭᠰᠡᠨ ᠪᠥᠭᠡᠳ ᠱᠠᠩᠨᠠᠯ ᠣᠯᠤᠭᠰᠠᠨ 30 ᠲᠥᠯᠥᠭᠡᠯᠡᠭᠴᠢ ᠳᠤ ᠱᠠᠩᠨᠠᠯ ᠭᠠᠷᠳᠠᠭᠤᠯᠵᠠᠢ᠃ ᠲᠤᠬᠠᠢ ᠶᠢᠨ ᠲᠠᠯᠠᠪᠠᠢ ᠶᠢᠨ ᠰᠣᠯᠢᠯᠴᠠᠭᠠᠨ ᠤ ᠭᠤᠭᠴᠤᠭ᠎ᠠ ᠳᠤ᠂ ︽ᠥᠷᠥᠰᠢᠶᠡᠯ ᠵᠢᠷᠤᠮ︾᠂ ︽ᠠᠨᠴᠢᠷ ᠤᠨ ᠬᠠᠶᠢᠷ᠎ᠠ ᠬᠠᠯᠠᠮᠵᠢ︾᠂ ︽ᠤᠯᠤᠰ ᠭᠡᠷ ᠤᠨ ᠬᠠᠶᠢᠷ᠎ᠠ ᠰᠡᠳᠬᠢᠯᠭᠡ︾ ᠭᠡᠬᠦ ᠭᠤᠷᠪᠠᠨ ᠪᠦᠯᠦᠭ ᠢᠶᠠᠷ ᠰᠣᠩᠭᠤᠭᠳᠠᠭᠰᠠᠨ ᠬᠥᠮᠦᠰ ᠢ ᠤᠷᠢᠵᠤ ᠲᠠᠶᠢᠰᠠᠨ ᠳᠤ ᠭᠠᠷᠭᠠᠨ ᠰᠣᠯᠢᠯᠴᠠᠭᠤᠯᠵᠤ᠂ ︽ᠠᠮᠢ ᠨᠠᠰᠤ ᠶᠢ ᠢᠪᠡᠭᠡᠬᠦ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠬᠦ᠂ ᠳᠤᠷᠠᠲᠠᠶ᠎ᠠ ᠬᠠᠷᠠᠮ ᠦᠭᠡᠢ ᠵᠣᠷᠢᠭᠤᠯᠬᠤ᠂ ᠶᠡᠭᠡ ᠬᠠᠶᠢᠷ᠎ᠠ ᠶᠢ ᠬᠢᠵᠠᠭᠠᠯᠠᠰᠢ ᠦᠭᠡᠢ ᠬᠠᠶᠢᠷᠠᠯᠠᠬᠤ︾ ᠡᠷᠬᠢᠮ ᠳᠡᠭᠡᠳᠦ ᠵᠣᠷᠢᠭ ᠰᠠᠨᠠᠭ᠎ᠠ ᠶᠢ ᠴᠢᠨᠠᠭᠰᠢᠳᠠ ᠪᠠᠳᠠᠷᠠᠭᠤᠯᠵᠤ᠂ ᠪᠦᠬᠦ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠰᠢᠯᠢᠳᠡᠭ ᠡᠮᠴᠢ ᠰᠤᠪᠢᠯᠠᠭᠴᠢ ᠶᠢᠨ ᠰᠡᠳᠬᠢᠯ ᠬᠥᠳᠡᠯᠭᠡᠮ᠎ᠡ ᠦᠢᠯᠡ ᠠᠵᠢᠯᠯᠠᠭ᠎ᠠ ᠪᠠ ᠰᠡᠳᠬᠢᠯ ᠬᠥᠳᠡᠯᠭᠡᠮ᠎ᠡ ᠴᠤᠭ ᠵᠢᠪᠬᠤᠭ᠎ᠠ ᠶᠢ ᠪᠦᠬᠦ ᠲᠠᠯ᠎ᠠ ᠪᠠᠷ ᠳᠡᠯᠭᠡᠨ ᠦᠵᠡᠭᠦᠯᠪᠡ᠃    ᠥᠷᠭᠡᠨ ᠤᠯᠠᠨ ᠡᠮᠨᠡᠯᠭᠡ ᠶᠢᠨ ᠠᠵᠢᠯᠳᠠᠨ ᠪᠣᠯ ᠠᠷᠠᠳ ᠲᠦᠮᠡᠨ ᠤ ᠡᠷᠡᠭᠦᠯ ᠮᠡᠨᠳᠤ ᠶᠢᠨ ᠬᠠᠮᠠᠭᠠᠯᠠᠭᠴᠢ ᠮᠥᠨ ᠪᠥᠭᠡᠳ ᠪᠠᠰᠠ ᠴᠤ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠭᠴᠢ᠂ ᠤᠯᠠᠮᠵᠢᠯᠠᠭᠴᠢ ᠮᠥᠨ᠃ ᠣᠶᠢᠯᠠᠭᠠᠭᠰᠠᠨ ᠢᠶᠠᠷ᠂ 2019 ᠣᠨ ᠠᠴᠠ ᠨᠠᠰᠢ᠂ ᠲᠥᠪ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠪᠣᠯᠤᠨ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ ︽ᠪᠢ ᠥᠪᠡᠷ ᠤᠨ ᠳᠡᠷᠭᠡᠳᠡᠬᠢ ᠰᠠᠶᠢᠨ ᠬᠥᠮᠦᠨ ᠢᠶᠠᠨ ᠲᠠᠨᠢᠯᠴᠠᠭᠤᠯᠤᠶ᠎ᠠ︾ ᠭᠡᠬᠦ ︽ᠥᠪᠥᠷ ᠮᠣᠩᠭᠤᠯ ᠤᠨ ᠰᠠᠶᠢᠨ ᠡᠮᠴᠢ᠂ ᠥᠪᠥᠷ ᠮᠣᠩᠭᠤᠯ ᠤᠨ ᠰᠠᠶᠢᠨ ᠰᠤᠪᠢᠯᠠᠭᠴᠢ︾ ᠶᠢ ᠲᠠᠨᠢᠯᠴᠠᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡᠨᠲᠡ 394 ᠨᠡᠷᠡᠰ ︽ᠥᠪᠥᠷ ᠮᠣᠩᠭᠤᠯ ᠤᠨ ᠰᠠᠶᠢᠨ ᠡᠮᠴᠢ᠂ ᠥᠪᠥᠷ ᠮᠣᠩᠭᠤᠯ ᠤᠨ ᠰᠠᠶᠢᠨ ᠰᠤᠪᠢᠯᠠᠭᠴᠢ︾ ᠰᠠᠷ᠎ᠠ ᠶᠢᠨ ᠬᠥᠮᠦᠨ ᠢ ᠨᠡᠶᠢᠲᠡᠯᠡᠵᠦ᠂ ᠣᠯᠠᠨ ᠲᠦᠮᠡᠨ 500 ᠲᠦᠮᠡ ᠰᠢᠬᠠᠮ ᠬᠥᠮᠦᠨ ᠤᠳᠠᠭ᠎ᠠ ᠶᠢᠨ ᠮᠠᠭᠲᠠᠭᠠᠯ ᠦᠨᠡᠯᠡᠯᠲᠡ ᠳᠤ ᠣᠷᠣᠯᠴᠠᠵᠤ᠂ 10 ᠬᠥᠮᠦᠨ ︽ᠳᠤᠮᠳᠠᠳᠤ ᠤᠯᠤᠰ ᠤᠨ ᠰᠠᠶᠢᠨ ᠡᠮᠴᠢ᠂ ᠳᠤᠮᠳᠠᠳᠤ ᠤᠯᠤᠰ ᠤᠨ ᠰᠠᠶᠢᠨ ᠰᠤᠪᠢᠯᠠᠭᠴᠢ︾ ᠶᠢᠨ ᠰᠠᠷ᠎ᠠ ᠶᠢᠨ ᠬᠥᠮᠦᠨ ᠤ ᠴᠣᠯᠠ ᠶᠢ ᠭᠥᠷᠳᠡᠪᠡ᠃  
 
ᠢᠷᠡᠯᠲᠡ᠄ ᠬᠢᠩᠭᠠᠨ  ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号