ᠵᠦ ᠹᠦ᠋ ᠱᠠᠨ᠄ ᠵᠣᠯ ᠵᠢᠷᠭᠠᠯᠲᠤ ᠠᠮᠢᠳᠤᠷᠠᠯ ᠢ ᠪᠣᠯ ᠴᠢᠷᠮᠠᠶᠢᠨ ᠲᠡᠮᠡᠴᠡᠵᠦ ᠪᠠᠶᠢᠭᠠᠳ ᠪᠤᠶ ᠪᠣᠯᠭᠠᠭᠰᠠᠨ ᠶᠤᠮ
ᠨᠡᠶᠢᠲᠡᠯᠡᠭᠰᠡᠨ ᠴᠠᠭ᠄
2023/4/18
 ︽ᠭᠠᠴᠠᠭᠠᠨ ᠤ ᠱᠦᠵᠢ᠂ ᠺᠠᠳ᠋ᠷᠴᠤᠳ ᠦᠷᠭᠦᠯᠵᠢ ᠪᠢᠳᠡᠨ ᠢ ᠦᠵᠡᠬᠦ ᠪᠠᠷ ᠢᠷᠡᠵᠦ᠂ ᠪᠢᠳᠡᠨ ᠤ ᠮᠠᠰᠢ ᠣᠯᠠᠨ ᠪᠣᠳᠠᠲᠠᠶ ᠠᠰᠠᠭᠤᠳᠠᠯ ᠢ  ᠰᠢᠢᠳᠪᠦᠷᠢᠯᠡᠨ ᠥᠭᠴᠦ᠂ ᠡᠵᠢ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠭᠠᠳ᠂ ᠣᠳᠣ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠰᠠᠶᠢᠵᠢᠷᠠᠵᠠᠶ᠂ ᠮᠠᠨ ᠤ ᠭᠡᠷ ᠤᠨ ᠭᠤᠷᠪᠠᠭᠤᠯᠠ ᠪᠠᠨ ᠮᠠᠰᠢ ᠵᠣᠯ ᠵᠢᠷᠭᠠᠯᠲᠠᠶ ᠠᠮᠢᠳᠤᠷᠠᠵᠤ ᠪᠠᠶᠢᠨ᠎ᠠ︾ ᠭᠡᠵᠦ ᠵᠠᠯᠠᠶᠢᠳ ᠬᠤᠰᠢᠭᠤᠨ ᠤ ᠪᠠᠶ᠋ᠬᠠᠣᠯᠠᠭᠠᠨ ᠰᠤᠮᠤ ᠶᠢᠨ  ᠪᠠᠶ᠋ᠬᠠᠣᠯᠠᠭᠠᠨ ᠭᠠᠴᠠᠭᠠᠨ ᠤ ᠠᠷᠠᠳ ᠵᠦ ᠹᠦ᠋ ᠱᠠᠨ ᠬᠡᠯᠡᠪᠡ᠃    ᠵᠦ ᠹᠦ᠋ ᠱᠠᠨ ᠤ ᠭᠡᠷ ᠲᠤ ᠣᠷᠣᠬᠤ ᠳᠤ᠂ ᠡᠩ ᠲᠡᠷᠢᠭᠦᠨ ᠳᠤ ᠥᠷᠭᠡᠨ ᠠᠭᠤᠳᠠᠮ ᠴᠡᠪᠡᠷ ᠴᠡᠮᠴᠡᠭᠡᠷ  ᠬᠦᠷᠢᠶ᠎ᠡ ᠬᠠᠰᠢᠶ᠎ᠠ ᠬᠠᠷᠠᠭᠳᠠᠨ᠎ᠠ᠂ ᠬᠦᠷᠢᠶᠡᠨ ᠳᠤ ᠨᠢᠭᠡ ᠲᠤᠮᠤ ᠤᠳᠬᠤᠭᠤᠷ ᠲᠡᠷᠭᠡ ᠪᠠ ᠨᠢᠭᠡ ᠲᠷᠠᠺᠲ᠋ᠣᠷ ᠲᠠᠢ᠂ ᠪᠠᠰᠠ ᠦᠷ᠎ᠡ ᠰᠠᠴᠤᠬᠤ ᠮᠠᠰᠢᠨ᠂ ᠲᠡᠵᠢᠭᠡᠯ ᠪᠣᠷᠳᠣᠭᠠᠨ ᠤ ᠮᠠᠰᠢᠨ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠲᠥᠬᠦᠭᠡᠷᠦᠮᠵᠢ ᠲᠠᠢ᠂ ᠬᠥᠮᠥᠷᠭᠡ ᠳᠤ ᠬᠢᠮᠢ ᠶᠢᠨ ᠪᠤᠷᠳᠤᠭᠤᠷ᠂ ᠲᠡᠵᠢᠭᠡᠯ ᠪᠣᠷᠳᠤᠭ᠎ᠠ ᠶᠢ ᠮᠠᠰᠢ ᠲᠡᠷᠢ ᠲᠡᠭᠰᠢ ᠲᠠᠯᠪᠢᠵᠠᠢ᠃ ᠡᠭᠦᠳᠡᠨ ᠤ ᠭᠠᠭ᠋ᠠᠶ ᠶᠢᠨ ᠬᠠᠰᠢᠶᠠᠨ ᠳᠠᠬᠢ ᠪᠢᠴᠢᠬᠠᠨ ᠭᠠᠭ᠋ᠠᠶ ᠭᠢᠩᠰᠢᠨ ᠳᠤᠤᠭᠠᠷᠴᠤ᠂ ᠬᠦᠷᠢᠶᠡᠨ ᠳᠣᠲᠣᠷ᠎ᠠ ᠲᠠᠬᠢᠶ᠎ᠠ ᠨᠤᠭᠤᠰᠤ ᠰᠦᠷᠦᠭᠯᠡᠨ ᠪᠠᠶᠢᠨ᠎ᠠ᠃ ᠭᠡᠷ ᠲᠤ   ᠨᠢ ᠣᠷᠣᠬᠤ ᠳᠤ᠂ ᠬᠠᠨᠠᠨ ᠳᠡᠭᠡᠷ᠎ᠡ ᠵᠦ ᠹᠦ᠋ ᠱᠠᠨ ᠤ ᠨᠢᠭᠡ ᠭᠡᠷ ᠤᠨ ᠭᠤᠷᠪᠠᠨ ᠬᠥᠮᠦᠨ ᠤ ᠭᠡᠷᠡᠯ ᠵᠢᠷᠤᠭ ᠡᠯᠭᠦᠵᠦ ᠪᠠᠶᠢᠪᠠ᠃  ᠵᠦ ᠹᠦ᠋ ᠱᠠᠨ ᠬᠡᠯᠡᠬᠦ ᠳᠡᠭᠡᠨ᠂ ᠰᠠᠶ᠋ᠢ ᠤᠷᠤᠭᠯᠠᠬᠤ ᠦᠶ᠎ᠡ ᠳᠤ ᠲᠡᠳᠡᠨ ᠤ ᠬᠡᠷ ᠤᠨ ᠨᠥᠬᠦᠴᠡᠯ ᠨᠢ ᠮᠠᠭᠤ᠂ ᠬᠤᠷᠢᠮ ᠤᠨ ᠰᠡᠭᠦᠳᠡᠷ ᠴᠦ ᠠᠪᠤᠭᠰᠠᠨ ᠥᠬᠡᠶ᠂ ᠣᠲᠣ ᠨᠥᠬᠦᠴᠡᠯ ᠨᠢ ᠰᠠᠶᠢᠵᠢᠷᠠᠭᠠᠳ ᠬᠤᠷᠢᠮ ᠤᠨ ᠰᠡᠭᠦᠳᠡᠷ ᠳᠡᠭᠡᠷ᠎ᠡ ᠪᠠᠨ ᠨᠥᠬᠦᠵᠡᠶ ᠭᠡᠪᠡ᠃    ᠵᠦ ᠹᠦ᠋ ᠱᠠᠨ ᠥᠩᠭᠡᠷᠡᠭᠰᠡᠨ ᠳᠤ ᠭᠠᠳᠠᠨ᠎ᠠ ᠬᠥᠯᠥᠰᠥᠨ ᠠᠵᠢᠯ ᠬᠢᠵᠦ ᠪᠠᠶᠢᠭᠰᠠᠨ ᠪᠥᠭᠡᠳ ᠣᠷᠣᠯᠭ᠎ᠠ ᠨᠢ ᠵᠦᠭᠡᠷ ᠶᠤᠮ᠂ ᠲᠡᠭᠦᠨ ᠤ ᠠᠪᠤ ᠡᠵᠢ ᠨᠢ ᠬᠥᠳᠡᠭᠡ ᠲᠣᠰᠬᠤᠨ ᠳᠤ ᠠᠮᠢᠳᠤᠷᠠᠵᠤ᠂ ᠲᠠᠷᠢᠶ᠎ᠠ ᠲᠠᠷᠢᠵᠦ ᠠᠮᠢᠳᠤᠷᠠᠳᠠᠭ᠃ ᠰᠡᠭᠦᠯᠡᠷ ᠨᠢ ᠡᠴᠢᠭᠡ ᠨᠢ ᠡᠪᠡᠳᠴᠢᠯᠡᠭᠡᠳ ᠡᠮᠨᠡᠯᠭᠡ ᠳᠤ ᠰᠠᠭᠤᠵᠤ ᠬᠥᠳᠡᠯᠮᠦᠷᠢᠯᠡᠵᠦ ᠳᠡᠶᠢᠯᠬᠦ ᠦᠭᠡᠢ ᠪᠣᠯᠤᠭᠰᠠᠨ ᠳᠤ ᠲᠡᠷᠡ ᠨᠤᠲᠤᠭ ᠲᠠᠭᠠᠨ ᠬᠠᠷᠢᠵᠤ ᠡᠴᠢᠭᠡ ᠪᠠᠨ ᠬᠠᠷᠠᠭᠠᠯᠵᠠᠪᠠ᠃ ᠶᠡᠭᠡ ᠬᠡᠮᠵᠢᠶᠡᠨ ᠤ ᠡᠮᠴᠢᠯᠡᠭᠡᠨ ᠤ ᠵᠠᠷᠤᠳᠠᠯ ᠨᠢ ᠡᠨᠡ ᠬᠦ ᠭᠡᠷ ᠪᠦᠯᠢ ᠶᠢ ᠳᠠᠷᠤᠵᠤ᠂ ᠡᠴᠢᠭᠡ ᠶᠢᠨ ᠢᠶᠠᠨ ᠡᠪᠡᠳᠴᠢᠨ ᠢ ᠡᠮᠨᠡᠭᠦᠯᠬᠦ ᠶᠢᠨ ᠲᠥᠯᠥᠭᠡ ᠵᠦ ᠹᠦ᠋ ᠱᠠᠨ ᠮᠠᠰᠢ ᠤᠯᠠᠨ ᠭᠠᠳᠠᠭᠠᠳᠤ ᠵᠢᠭᠡᠯᠡᠯᠭᠡ ᠵᠢᠭᠡᠯᠡᠵᠡᠶ᠃ 2017 ᠣᠨ ᠳᠤ᠂ ᠲᠡᠳᠡᠨ ᠤ ᠬᠡᠷ ᠢ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠪᠠᠷ ᠢᠯᠭᠠᠨ ᠲᠠᠨᠢᠵᠤ᠂ ᠭᠠᠴᠠᠭ᠎ᠠ ᠠᠴᠠ ᠵᠦ ᠹᠦ᠋ ᠱᠠᠨ ᠢ ᠨᠢᠭᠡᠨ ᠣᠶ ᠬᠠᠮᠠᠭᠠᠯᠠᠭᠴᠢ ᠪᠣᠯᠭᠠᠬᠤ ᠪᠠᠷ ᠲᠣᠬᠢᠷᠠᠭᠤᠯᠵᠤ᠂ ᠭᠤᠤᠯᠳᠠᠭᠤ ᠲᠣᠭᠤᠷᠢᠨ ᠬᠠᠮᠠᠭᠠᠯᠠᠬᠤ ᠠᠵᠢᠯ ᠢ ᠬᠠᠷᠢᠭᠤᠴᠠᠭᠤᠯᠪᠠ᠃    ᠤᠯᠤᠰ ᠤᠨ ᠳᠡᠮᠵᠢᠯᠭᠡ ᠵᠢᠴᠢ ᠬᠤᠪᠢ ᠬᠥᠮᠦᠨ ᠤ ᠴᠥᠬᠦᠷᠡᠰᠢ ᠦᠭᠡᠢ ᠴᠢᠷᠮᠠᠶᠢᠯᠭ᠎ᠠ ᠪᠠᠷ᠂ ᠵᠦ ᠹᠦ᠋ ᠱᠠᠨ ᠡᠴᠦᠰ ᠲᠡᠭᠡᠨ ᠠᠮᠵᠢᠯᠲᠠ ᠲᠠᠢ ᠪᠠᠷ ᠶᠠᠳᠠᠭᠤ ᠠᠴᠠ ᠠᠩᠭᠢᠵᠢᠷᠠᠵᠤ᠂ ᠪᠠᠰᠠ 2018 ᠣᠨ ᠳᠤ ᠪᠡᠷᠢ ᠪᠠᠭᠤᠯᠭᠠᠵᠤ᠂ ᠥᠪᠡᠷ ᠤᠨ ᠵᠢᠵᠢᠭ ᠭᠡᠷ ᠪᠦᠯᠢ ᠲᠠᠢ ᠪᠣᠯᠵᠠᠢ᠃ ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠣᠷᠣᠭᠤᠯᠬᠤ ᠠᠴᠠ ᠡᠮᠦᠨ᠎ᠡ᠂ ᠵᠦ ᠹᠦ᠋ ᠱᠠᠨ ᠤ ᠬᠢᠨ 3 ᠦᠬᠡᠷ ᠲᠠᠢ ᠪᠠᠶᠢᠪᠠ᠃ ᠤᠯᠤᠰ ᠠᠴᠠ ᠶᠠᠳᠠᠭᠤ ᠬᠦᠴᠢᠷᠳᠡᠯᠲᠡᠶ ᠡᠷᠦᠬᠡ ᠶᠢᠨ ᠠᠵᠤ  ᠦᠢᠡᠯᠰ ᠤᠨ ᠰᠠᠭᠤᠷᠢ ᠡᠬᠡ ᠮᠠᠯ ᠬᠤᠳᠠᠯᠳᠤᠨ ᠠᠪᠬᠤ ᠳᠤ ᠨᠥᠬᠦᠪᠥᠷᠢ ᠥᠭᠴᠦ ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠣᠷᠣᠭᠤᠯᠤᠭᠰᠠᠨ ᠤ ᠳᠠᠷᠠᠭ᠎ᠠ᠂ ᠵᠦ ᠹᠦ᠋ ᠱᠠᠨ ᠪᠠᠰᠠ 5 ᠰᠠᠭᠤᠷᠢ ᠡᠬᠡ ᠮᠠᠯ ᠬᠤᠳᠠᠯᠳᠤᠨ ᠠᠪᠴᠠᠶ᠃ ᠵᠦ ᠹᠦ᠋ ᠱᠠᠨ ᠤ ᠰᠢᠷᠭᠠᠭᠤ ᠬᠠᠲᠠᠭᠤᠵᠢᠯᠲᠠᠶ ᠡᠵᠡᠩᠨᠡᠯᠲᠡ ᠳᠣᠣᠷ᠎ᠠ᠂ ᠬᠠᠮᠤᠭ ᠣᠯᠠᠨ ᠳᠠᠭᠠᠨ ᠲᠡᠳᠡᠨ ᠤ ᠭᠡᠷ ᠲᠤ 16 ᠦᠬᠡᠷ ᠲᠠᠢ ᠪᠠᠶᠢᠪᠠ᠃ ᠵᠦ ᠹᠦ᠋ ᠱᠠᠨ ᠤ ᠭᠡᠷ ᠲᠤ ᠪᠠᠰᠠ 9 ᠭᠠᠭ᠋ᠠᠶ ᠪᠠᠶᠢᠬᠤ ᠶᠢᠨ ᠳᠡᠭᠡᠷ᠎ᠡ ᠲᠠᠷᠢᠶᠠᠨ ᠭᠠᠵᠠᠷ ᠤᠨ ᠣᠷᠣᠯᠭ᠎ᠠ ᠶᠢ ᠨᠡᠮᠡᠪᠡᠯ᠂ ᠨᠢᠳᠤᠨᠤᠨ ᠲᠡᠳᠡᠨ ᠤ ᠭᠡᠷ ᠤᠨ ᠣᠷᠣᠯᠭ᠎ᠠ ᠨᠢ 8 ᠲᠦᠮᠡᠨ ᠲᠥᠭᠦᠷᠢᠭ ᠣᠷᠴᠢᠮ ᠳᠤ ᠬᠦᠷᠴᠡᠶ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号