ᠬᠢᠩᠭᠠᠨ ᠠᠶᠢᠮᠠᠭ ᠥᠪᠥᠷ ᠮᠣᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ  ᠣᠷᠣᠨ ᠨᠤᠲᠤᠭ ᠠᠵᠤ ᠠᠬᠤᠶᠢᠯᠠᠯ ᠤᠨ ᠬᠠᠮᠵᠢᠯᠴᠠᠨ ᠬᠥᠭᠵᠢᠬᠦ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/18
   4 ᠳ᠋ᠦ᠋ᠭᠡᠷ ᠰᠠᠷ᠎ᠠ ᠶᠢᠨ 14 ᠤ ᠡᠳᠦᠷ᠂ ᠬᠢᠩᠭᠠᠨ ᠠᠶᠢᠮᠠᠭ ᠬᠢᠭᠡᠳ ᠥᠪᠥᠷ ᠮᠣᠩᠭᠤᠯ ᠤᠨ ᠣᠶ ᠰᠢᠭᠤᠶ ᠶᠢᠨ ᠠᠵᠤ  ᠦᠢᠯᠡᠳᠪᠦᠷᠢ ᠶᠢᠨ ᠪᠦᠯᠦᠭᠯᠡᠯ ᠤᠯᠠᠭᠠᠨᠬᠤᠲᠠ ᠳᠤ ᠲᠤᠰᠬᠠᠶ ᠣᠷᠣᠨ ᠪᠠ ᠠᠵᠤ ᠠᠬᠤᠶᠢᠯᠠᠯ ᠤᠨ ᠬᠠᠮᠵᠢᠯᠴᠠᠨ ᠬᠥᠭᠵᠢᠬᠦ ᠶᠠᠷᠢᠯᠴᠠᠬᠤ ᠬᠤᠷᠠᠯ ᠬᠢᠪᠠ᠃ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠂ ᠥᠪᠥᠷ ᠮᠣᠩᠭᠤᠯ ᠤᠨ ᠣᠶ ᠰᠢᠭᠤᠶ ᠶᠢᠨ ᠠᠵᠤ  ᠦᠢᠯᠡᠳᠪᠦᠷᠢ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠶᠠᠨ ᠬᠤᠩ ᠭᠤᠸᠠᠩ ᠪᠣᠯᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠶᠡᠷᠦᠩᠬᠡᠶ ᠳᠠᠭᠠᠭᠠᠮᠠᠯ  ᠶᠠᠨ ᠬᠤᠩ ᠭᠤᠸᠠᠩ ᠬᠤᠷᠠᠯ ᠳᠤ ᠣᠷᠣᠯᠴᠠᠵᠠᠶ᠃ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠯᠢ ᠬᠤᠩ ᠼᠠᠢ ᠬᠤᠷᠠᠯ ᠢ ᠡᠷᠭᠢᠯᠡᠪᠡ᠃    ᠵᠠᠩ ᠰᠢᠶᠤᠤ ᠪᠢᠩ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠮᠦᠨ᠎ᠡ ᠠᠴᠠ ᠶᠠᠨ ᠬᠤᠩ ᠭᠤᠸᠠᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠬᠢᠩᠭᠠᠨ ᠠᠶᠢᠮᠠᠭ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠤᠢᠢᠷ᠎ᠠ ᠶᠢᠨ ᠵᠢᠯ ᠠᠴᠠ᠂ ᠬᠤᠶᠠᠷ ᠲᠠᠯ᠎ᠠ ᠪᠠᠷ ᠢᠶᠠᠨ ᠤᠯᠤᠯᠴᠠᠭ᠎ᠠ ᠵᠣᠬᠢᠴᠠᠭᠤᠯᠭ᠎ᠠ ᠶᠢᠨ ᠲᠠᠯ᠎ᠠ ᠪᠠᠷ ᠡᠳᠦᠷ ᠢᠷᠡᠬᠦᠶ᠎ᠡ ᠨᠢᠭᠲᠠᠷᠠᠵᠤ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠲᠠᠯ᠎ᠠ ᠪᠠᠷ ᠬᠠᠷᠢᠯᠴᠠᠨ ᠳᠡᠮᠵᠢᠯᠴᠡᠵᠦ᠂ ᠬᠤᠶᠠᠷ ᠲᠠᠯ᠎ᠠ ᠪᠠᠷ ᠢᠶᠠᠨ ᠥᠪᠡᠷ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ ᠬᠠᠮᠠᠭᠠᠯᠠᠯᠲᠠ᠂ ᠬᠤᠲᠠ ᠶᠢᠨ ᠪᠦᠲᠦᠭᠡᠨ ᠪᠠᠶᠢᠭᠤᠯᠤᠯᠲᠠ᠂ ᠰᠠᠭᠤᠷᠢ ᠲᠥᠬᠦᠭᠡᠷᠦᠮᠵᠢ᠂ ᠰᠤᠷᠭᠠᠨ ᠬᠥᠮᠦᠵᠢᠯ ᠤᠨ ᠴᠢᠳᠠᠪᠤᠷᠢᠲᠠᠨ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠬᠤᠷᠠᠮᠳᠤᠭᠤᠯᠬᠤ ᠠᠵᠤ ᠠᠬᠤᠶ ᠵᠡᠷᠭᠡ ᠬᠦᠷᠢᠶᠡᠨ ᠳᠤ ᠪᠣᠳᠠᠲᠠᠶ ᠶᠢ ᠡᠷᠬᠢᠮᠯᠡᠭᠰᠡᠨ ᠭᠦᠨᠵᠡᠭᠡᠶ ᠬᠠᠮᠲᠤᠷᠠᠯᠴᠠᠭ᠎ᠠ ᠶᠢ ᠥᠷᠨᠢᠭᠦᠯᠵᠦ᠂ ᠶᠢᠨ ᠵᠢᠶᠠᠩ ᠭᠸᠤ ᠶᠢᠨ ᠬᠠᠯᠠᠭᠤᠨ ᠷᠠᠰᠢᠶᠠᠨ ᠢ ᠨᠡᠭᠡᠭᠡᠨ ᠬᠥᠭᠵᠢᠭᠦᠯᠬᠦ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠦᠴᠦ ᠪᠠᠨ ᠬᠠᠮᠲᠤᠳᠬᠠᠨ ᠠᠬᠢᠭᠤᠯᠵᠤ᠂ ᠰᠢᠨ᠎ᠡ ᠬᠠᠮᠲᠤᠷᠠᠯᠴᠠᠭᠠᠨ ᠤ ᠲᠦᠷᠦᠯ ᠵᠦᠢᠯ ᠢ ᠥᠨᠳᠥᠷ ᠲᠦᠪᠰᠢᠨ ᠢᠶᠠᠷ ᠲᠥᠯᠥᠪᠵᠢᠭᠦᠯᠵᠦ᠂ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠬᠠᠮᠲᠤᠪᠠᠷ ᠰᠢᠢᠳᠪᠦᠷᠢᠯᠡᠵᠦ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠣᠳᠠᠲᠤ ᠴᠣᠭᠴᠠᠵᠢᠭᠤᠯᠤᠨ ᠰᠠᠶᠢᠲᠤᠷ ᠬᠡᠷᠡᠭᠵᠢᠭᠦᠯᠵᠦ᠂ ᠨᠡᠩ ᠤᠯᠠᠨ ᠰᠢᠪᠲᠤᠯᠤᠯᠲᠠ ᠶᠢᠨ ᠴᠢᠨᠠᠷᠲᠠᠢ᠂ ᠪᠡᠯᠭᠡ ᠳᠡᠮᠳᠡᠭ ᠤᠨ ᠴᠢᠨᠠᠷᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠢ ᠴᠢᠷᠮᠠᠶᠢᠨ ᠪᠦᠷᠢᠯᠳᠦᠭᠦᠯᠦᠨ᠎ᠡ ᠭᠡᠪᠡ᠃    ᠶᠠᠨ ᠬᠤᠩ ᠭᠤᠸᠠᠩ᠂ ᠤᠢᠢᠷ᠎ᠠ ᠶᠢᠨ ᠵᠢᠯ ᠠᠴᠠ᠂ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠲᠦᠷᠭᠡᠨ ᠠᠬᠢᠴᠠ ᠲᠠᠢ ᠪᠤᠯᠵᠤ᠂  ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠨ ᠠᠶᠢᠮᠠᠭ ᠤᠨ ᠨᠠᠮ ᠤᠨ  ᠬᠤᠷᠢᠶ᠎ᠠ᠂ ᠵᠠᠰᠠᠭ ᠵᠠᠬᠢᠷᠭᠠᠨ ᠤ ᠵᠠᠬᠢᠷᠭ᠎ᠠ ᠲᠠᠢ ᠬᠠᠮᠲᠤᠪᠠᠷ᠂ ᠠᠵᠠ ᠲᠣᠬᠢᠶᠠᠯ ᠢ ᠠᠮᠵᠢᠵᠤ᠂ ᠠᠰᠢᠭᠲᠠᠢ ᠪᠠᠶᠢᠳᠠᠯ ᠢ ᠠᠮᠵᠢᠨ ᠤᠷᠤᠭᠰᠢᠯᠠᠵᠤ᠂ ᠷᠠᠰᠢᠶᠠᠨ ᠤ ᠤᠯᠤᠰ ᠤᠨ ᠲᠡᠰ ᠤᠨ ᠵᠤᠭᠠᠴᠠᠯ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠬᠠᠮᠲᠤᠷᠠᠯᠴᠠᠭᠠᠨ ᠤ  ᠬᠦᠷᠢᠶ᠎ᠡ ᠪᠠᠨ ᠴᠢᠨᠠᠭᠰᠢᠳᠠ ᠥᠷᠭᠡᠳᠬᠡᠵᠦ᠂ ᠤᠳᠤ ᠪᠠᠶᠢᠭ᠎ᠠ ᠬᠠᠮᠲᠤᠷᠠᠯᠴᠠᠭᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠩ ᠤᠯᠠᠨ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠬᠢᠩᠭᠠᠨ ᠠᠶᠢᠮᠠᠭ ᠲᠤ ᠨᠠᠶᠢᠳᠠᠪᠤᠷᠢᠵᠢᠭᠤᠯᠬᠤ ᠶᠢ ᠬᠠᠮᠲᠤᠪᠠᠷ ᠠᠬᠢᠭᠤᠯᠵᠤ᠂ ᠣᠷᠣᠨ ᠨᠤᠲᠤᠭ ᠲᠠᠢ ᠨᠢᠭᠲᠠ ᠵᠣᠯᠭᠠᠭᠤᠯᠵᠤ᠂ ᠵᠡᠷᠭᠡᠪᠡᠷ ᠤᠷᠤᠭᠰᠢᠯᠠᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠰᠢᠨ᠎ᠡ ᠪᠠᠶᠢᠳᠠᠯ ᠢ ᠲᠠᠰᠤᠷᠠᠯᠳᠡ ᠦᠭᠡᠢ ᠡᠭᠦᠳᠬᠦ ᠪᠣᠯᠤᠨ᠎ᠠ ᠭᠡᠪᠡ᠃    ᠠᠶᠢᠮᠠᠭ ᠤᠨ ᠤᠳᠤᠷᠢᠳᠤᠯᠭ᠎ᠠ ᠳ᠋ᠦᠩ ᠰᠢᠨ ᠶᠤᠸᠠᠢ᠂ ᠰᠦᠨ ᠰᠢᠩ ᠢᠦᠶ᠂ ᠴᠢᠦᠶ ᠵᠧᠨ ᠨᠢᠶᠠᠨ᠂ ᠥᠪᠥᠷ ᠮᠣᠩᠭᠤᠯ ᠤᠨ ᠣᠶ ᠰᠢᠭᠤᠶ ᠶᠢᠨ ᠠᠵᠤ  ᠦᠢᠯᠡᠳᠪᠦᠷᠢ ᠶᠢᠨ ᠪᠦᠯᠦᠭᠯᠡᠯ ᠤᠨ ᠤᠳᠤᠷᠢᠳᠤᠯᠭ᠎ᠠ ᠨᠢᠦ ᠭᠤᠸᠠᠩ ᠵᠥᠩ᠂ ᠵᠠᠩ  ᠲᠢᠶᠧ ᠵᠢᠶᠦ᠋ᠨ ᠬᠤᠷᠠᠯ ᠳᠤ ᠣᠷᠣᠯᠴᠠᠵᠠᠶ᠃
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号