ᠰᠦᠬᠡ ᠨᠥᠬᠦᠷ ᠤᠨ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠪᠦᠬᠦ | ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ | ︵2022 ᠣᠨ ᠤ 12 ᠰᠠᠷ᠎ᠠ ᠶᠢᠨ 27 ᠤ ᠡᠳᠦᠷ︶ | ᠰᠢᠶᠤᠤ ᠪᠢᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠣᠭᠤᠷᠢᠨ ᠳᠤ᠂ ᠪᠢ 2022 ᠣᠨ ᠤ ᠠᠵᠤ ᠠᠬᠤᠶ ᠶᠢᠨ ᠠᠵᠢᠯ ᠢ ᠲᠣᠪᠴᠢᠬᠠᠨ ᠳ᠋ᠦᠩᠨᠡᠵᠦ᠂ 2023 ᠣᠨ ᠤ | ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠡᠭᠦᠷᠭᠡ ᠶᠢ ᠪᠣᠳᠠᠲᠠᠶ | ᠪᠠᠶᠢᠷᠢᠯᠠᠭᠤᠯᠪᠠ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | ᠨᠢᠭᠡ ᠵᠢᠯ ᠤᠨ ᠲᠤᠷᠰᠢ᠂ ᠪᠢᠳᠡ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ᠂ ᠠᠶᠢᠮᠠᠭ ᠤᠨ | ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ | ᠠᠬᠤᠶ ᠶᠢᠨ ᠪᠠᠭᠤᠷᠠᠯᠲᠠ ᠶᠢᠨ ᠳᠠᠷᠤᠯᠲᠠ ᠪᠠ ᠬᠢᠵᠢᠭ ᠤᠨ ᠪᠠᠶᠢᠳᠠᠯ ᠤᠨ ᠲᠠᠭᠠᠷᠢᠯᠲᠠ ᠶᠢᠨ ᠨᠥᠯᠥᠭᠡ ᠶᠢ ᠢᠳᠡᠪᠬᠢᠲᠡᠶ | ᠠᠷᠭᠠᠴᠠᠵᠤ᠂ ᠳᠠᠷᠤᠯᠲᠠ ᠶᠢ ᠳᠠᠭᠠᠭᠠᠨ ᠬᠦᠨᠳᠦ ᠡᠭᠦᠷᠭᠡ ᠶᠢ ᠡᠭᠦᠷᠭᠡᠯᠡᠵᠦ᠂ ᠬᠦᠴᠢᠷ ᠤᠨ ᠳᠤᠮᠳᠠ ᠠᠮᠵᠢᠯᠲᠠ | ᠤᠯᠬᠤ ᠪᠠᠷ ᠴᠢᠷᠮᠠᠶᠢᠵᠤ᠂ ᠪᠥᠬᠦ ᠵᠢᠯ ᠤᠨ ᠬᠠᠷᠠᠯᠲᠠ ᠶᠢᠨ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ | ᠲᠦᠷᠦᠭᠦᠤ ᠭᠤᠷᠪᠠᠨ ᠤᠯᠠᠷᠢᠯ ᠳᠤ᠂ ᠪᠥᠬᠦ ᠠᠶᠢᠮᠠᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ | 4.4% ᠨᠡᠮᠡᠭᠳᠡᠵᠦ᠂ ᠪᠥᠬᠦ ᠣᠷᠣᠨ ᠤ ᠵᠢᠷᠭᠤᠳᠤᠭᠠᠷ ᠲᠤ ᠣᠷᠣᠵᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠲᠣᠰ ᠲᠣᠰ 6.8% ᠪᠠ 8.6% ᠨᠡᠮᠡᠭᠳᠡᠵᠦ᠂ ᠴᠥᠮ ᠪᠥᠬᠦ ᠣᠷᠣᠨ ᠤ ᠨᠢᠭᠡᠳᠦᠭᠡᠷ ᠲᠤ | ᠣᠷᠣᠪᠠ︔ 1 — 11 ᠳ᠋ᠤᠭᠡᠷ ᠰᠠᠷ᠎ᠠ ᠳᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 19.7% ᠪᠠᠷ | ᠨᠡᠮᠡᠭᠳᠡᠵᠦ᠂ ᠪᠥᠬᠦ ᠣᠷᠣᠨ ᠳᠤ ᠵᠢᠷᠭᠤᠳᠤᠭᠠᠷ ᠲᠤ ᠣᠷᠣᠵᠤ᠂ ᠲᠣᠭᠲᠠᠭᠠᠭᠰᠠᠨ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ 14.2% ᠢᠶᠠᠷ ᠨᠡᠮᠡᠭᠳᠡᠵᠦ᠂ ᠪᠥᠬᠦ ᠣᠷᠣᠨ ᠳᠤ ᠬᠤᠶᠠᠳᠤᠭᠠᠷ ᠲᠤ ᠣᠷᠣᠵᠤ᠂ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 1% ᠪᠠᠷ ᠨᠡᠮᠡᠭᠳᠡᠵᠦ᠂ ᠪᠥᠬᠦ ᠣᠷᠣᠨ ᠳᠤ | ᠭᠤᠷᠪᠠᠳᠤᠭᠠᠷ ᠲᠤ ᠣᠷᠣᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 12.7% ᠪᠠᠷ ᠨᠡᠮᠡᠭᠳᠡᠵᠦ᠂ | ᠪᠥᠬᠦ ᠣᠷᠣᠨ ᠳᠤ ᠳᠥᠷᠪᠡᠳᠦᠭᠡᠷ ᠲᠤ ᠣᠷᠣᠪᠠ᠃ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ | ᠵᠢᠱᠢᠯᠲᠡ ᠪᠠᠷ ᠪᠦᠬᠦ ᠵᠢᠯ ᠳᠤ 300 ᠳ᠋ᠦᠩᠰᠢᠭᠤᠷ ᠲᠥᠭᠦᠷᠢᠭ ᠢ ᠳᠠᠪᠠᠵᠤ᠂ ᠲᠡᠦᠬᠡ ᠶᠢᠨ ᠰᠢᠨ᠎ᠡ ᠲᠡᠮᠳᠡᠭᠯᠡᠯ ᠢ | ᠡᠭᠦᠳᠪᠡ᠃ | ᠨᠢᠭᠡ ᠳᠤ᠂ ᠤᠷᠢᠳᠠᠪᠠᠷ ᠬᠦᠴᠦᠯᠡᠬᠦ ᠶᠢ ᠪᠠᠷᠢᠮᠲᠠᠯᠠᠵᠤ᠂ ᠴᠠᠭ ᠲᠤᠨᠢ ᠲᠣᠬᠢᠷᠠᠭᠤᠯᠤᠨ ᠬᠦᠴᠦᠯᠡᠵᠦ᠂ ᠠᠵᠤ | ᠠᠬᠤᠶ ᠶᠢ ᠲᠣᠭᠲᠠᠭᠤᠨ ᠢᠶᠠᠷ ᠨᠡᠮᠡᠭᠳᠡᠭᠦᠯᠪᠡ᠃ ᠲᠥᠷᠥᠯ ᠵᠦᠢᠯ ᠤᠨ ᠪᠠᠯᠠ ᠣᠷᠣᠭᠤᠯᠤᠯᠲᠠ ᠡᠷᠴᠢᠮᠲᠡᠶ ᠬᠦᠴᠦᠲᠡᠶ | ᠪᠠᠶᠢᠨ᠎ᠠ᠃ ᠲᠥᠷᠥᠯ ᠵᠦᠢᠯ ᠢ ᠠᠳᠬᠤᠬᠤ᠂ ᠭᠤᠤᠯ ᠴᠣᠭᠴᠠ ᠶᠢ ᠪᠠᠲᠤᠯᠠᠬᠤ ᠶᠢ ᠪᠦᠲᠦᠮᠵᠢᠲᠡᠶ ᠪᠠᠯᠠ | ᠣᠷᠣᠭᠤᠯᠤᠯᠲᠠ ᠶᠢ ᠥᠷᠭᠡᠳᠬᠡᠬᠦ ᠶᠢᠨ ᠨᠢᠭᠡᠳᠦᠭᠡᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠠᠶᠢᠮᠠᠭ ᠤᠨ | ᠱᠠᠲᠤᠨ ᠠᠴᠠ ᠳᠡᠭᠡᠭᠰᠢᠬᠢ 198 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ 304 ᠳ᠋ᠦᠩᠰᠢᠭᠤᠷ | ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 36.3% | ᠨᠡᠮᠡᠭᠳᠡᠪᠡ︔ ᠠᠵᠤ ᠠᠬᠤᠶᠢᠯᠠᠯ ᠢ ᠳᠡᠮᠵᠢᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠠᠵᠤ ᠠᠬᠤᠶ ᠶᠢ ᠲᠣᠭᠲᠠᠪᠤᠷᠢᠵᠢᠭᠤᠯᠬᠤ ᠬᠠᠮ ᠲᠥᠷᠥ ᠶᠢᠨ ᠪᠣᠳᠣᠯᠭ᠎ᠠ ᠪᠠ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠠᠬᠢᠭᠤᠯᠬᠤ᠂ ᠠᠵᠤ ᠦᠢᠯᠡᠳᠪᠦᠷᠢ ᠶᠢᠨ ᠠᠵᠤ ᠠᠬᠤᠶ᠂ | ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠡᠷᠭᠡ ᠠᠯᠢ ᠣᠯᠠᠨ ᠬᠠᠷᠠᠭᠠᠯᠵᠠᠯᠲᠤ | ᠲᠥᠷᠥ ᠶᠢᠨ ᠪᠣᠳᠣᠯᠭ᠎ᠠ ᠶᠢᠨ ᠳᠠᠭᠠᠭᠠᠴᠢᠯᠠᠯᠲᠠ ᠶᠢ ᠢᠵᠢ ᠪᠦᠷᠢᠳᠦᠭᠦᠯᠦᠨ ᠨᠡᠶᠢᠲᠡᠯᠡᠵᠦ᠂ ᠠᠵᠤ ᠠᠬᠤᠶᠢᠯᠠᠯ ᠳᠤ 24. | 2 ᠳ᠋ᠦᠩᠰᠢᠭᠤᠷ ᠲᠥᠭᠦᠷᠢᠭ ᠤᠨ ᠭᠠᠶᠢᠯᠢ ᠬᠥᠩᠭᠡᠯᠡᠵᠦ᠂ ᠪᠥᠬᠦ ᠠᠶᠢᠮᠠᠭ ᠤᠨ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢ 2 ᠲᠦᠮᠡᠨ ᠡᠷᠦᠬᠡ ᠰᠢᠨ᠎ᠡ ᠪᠠᠷ ᠨᠡᠮᠡᠭᠳᠡᠭᠦᠯᠵᠦ᠂ ᠠᠳᠠᠯᠢ ᠬᠤᠭᠤᠴᠠᠭᠠᠨ ᠤ ᠬᠢ ᠠᠴᠠ 13.4% ᠪᠠᠷ | ᠨᠡᠮᠡᠭᠳᠡᠪᠡ᠃ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠵᠡᠷᠭᠡᠪᠡᠷ | ᠨᠡᠮᠡᠭᠳᠡᠪᠡ᠃ ᠠᠮᠤ ᠪᠤᠳᠠᠭᠠᠨ ᠤ ᠤᠨᠠᠯᠲᠠ ᠠᠷᠪᠠᠨ ᠭᠤᠷᠪᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ᠂ 81. | 4 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠵᠦ᠂ | 600 ᠲᠦᠮᠡᠨ ᠮᠥ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠭ᠎ᠠ ᠶᠢ ᠪᠡᠶᠡᠯᠡᠭᠦᠯᠵᠦ᠂ 6 | ᠲᠦᠮᠡᠨ ᠮᠥ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠤᠯᠲᠠ ᠶᠢ ᠪᠡᠶᠡᠯᠡᠭᠦᠯᠵᠦ᠂ ᠰᠢᠷ᠎ᠠ ᠪᠤᠷᠴᠠᠭ ᠢ ᠥᠷᠭᠡᠳᠬᠡᠨ | ᠳᠠᠷᠢᠬᠤ ᠡᠭᠦᠷᠭᠡ ᠶᠢ ᠳᠠᠪᠠᠭᠤᠯᠤᠨ ᠪᠡᠶᠡᠯᠡᠭᠦᠯᠵᠦ᠂ ᠠᠮᠤ ᠪᠤᠳᠠᠭᠠᠨ ᠤ ᠶᠡᠷᠦᠩᠬᠡᠶ ᠤᠨᠠᠯᠲᠠ 134.3 ᠳ᠋ᠦᠩᠰᠢᠭᠤᠷ | ᠵᠢᠩ ᠳᠤ ᠬᠦᠷᠴᠦ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ︔ ᠮᠠᠯ ᠠᠵᠤ ᠠᠬᠤᠶ ᠶᠢᠨ ᠦᠢᠯᠡᠳᠪᠦᠷᠢᠯᠡᠯ ᠢ ︽ | ᠶᠢᠰᠦᠨ ᠵᠢᠯ ᠳᠠᠷᠠᠭᠠᠯᠠᠨ ᠲᠣᠭᠲᠠᠭᠤᠨ ᠪᠠᠶᠢᠯᠭᠠᠵᠤ︾᠂ ᠲᠦᠮᠡᠨ ᠲᠣᠯᠣᠭᠠᠶ ᠰᠠᠭᠠᠯᠢ ᠶᠢᠨ ᠦᠨᠢᠶ᠎ᠡ ᠶᠢ | ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ ᠶᠢ 4 ᠪᠠᠶᠢᠭᠤᠯᠵᠤ᠂ 18.6 ᠲᠦᠮᠡᠨ ᠲᠣᠯᠣᠭᠠᠶ ᠰᠠᠭᠠᠯᠢ ᠶᠢᠨ | ᠦᠨᠢᠶ᠎ᠡ ᠶᠢ ᠲᠡᠵᠢᠭᠡᠵᠦ᠂ 91.2% ᠢᠶᠠᠷ ᠨᠡᠮᠡᠭᠳᠡᠨ᠂ ᠮᠠᠯ ᠠᠵᠤ ᠠᠬᠤᠶ ᠶᠢᠨ ᠣᠨ ᠤ 1206 ᠲᠦᠮᠡᠨ ᠲᠣᠯᠣᠭᠠᠶ | ᠮᠠᠯ ᠢ ᠲᠡᠵᠢᠭᠡᠵᠦ᠂ 8.4% ᠪᠠᠷ ᠨᠡᠮᠡᠭᠳᠡᠨ᠂ ᠮᠠᠨ ᠤ ᠠᠶᠢᠮᠠᠭ ᠪᠥᠬᠦ ᠤᠯᠤᠰ ᠤᠨ ᠠᠩᠬᠠᠳᠠᠭᠴᠢ ᠤᠯᠤᠰ ᠤᠨ | ᠲᠠᠰ ᠤᠨ ᠣᠲᠣ ᠦᠶ᠎ᠡ ᠶᠢᠨ ᠮᠠᠯ ᠠᠵᠤ ᠠᠬᠤᠶ ᠶᠢᠨ ᠲᠤᠷᠰᠢᠯᠲᠠ ᠶᠢᠨ ᠣᠷᠣᠨ ᠢᠶᠠᠷ ᠵᠥᠪᠰᠢᠶᠡᠷᠡᠭᠳᠡᠵᠦ᠂ ᠵᠠᠯᠠᠶᠢᠳ | ᠬᠤᠰᠢᠭᠤᠨ ᠤ ᠬᠢᠨ ᠤᠯᠤᠰ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ | ᠲᠤᠷᠰᠢᠯᠲᠠ ᠶᠢᠨ ᠰᠢᠶᠠᠨ ᠤ ᠲᠥᠷᠥᠯ ᠵᠦᠢᠯ ᠢ ᠠᠮᠵᠢᠯᠲᠠᠲᠠᠶ ᠲᠡᠮᠡᠴᠡᠨ ᠣᠯᠵᠤ᠂ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤ ᠶᠢ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ | ᠲᠥᠷᠥᠯ ᠵᠦᠢᠯ ᠤᠨ ᠨᠡᠷᠡᠰ ᠲᠤ ᠣᠷᠣᠭᠤᠯᠪᠠ᠃ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠡᠰ | ᠳᠡᠪᠰᠢᠬᠦ ᠠᠯᠬᠤᠴᠠ ᠲᠦᠷᠭᠡᠳᠪᠡ᠃ ᠦᠬᠠᠨ ᠤ ᠪᠤᠯᠤᠳ ᠲᠡᠮᠤᠷ ᠤᠨ ᠺᠣᠮᠫᠠᠨᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠳᠡᠭᠡᠭᠰᠢᠯᠡᠭᠦᠯᠬᠦ᠂ ᠰᠤᠨ ᠬᠤᠢ ᠶᠢᠨ ᠲᠠᠮᠠᠭ᠎ᠠ ᠶᠢᠨ ᠶᠠᠪᠤᠳᠠᠯ ᠤᠨ ᠲᠥᠬᠦᠭᠡᠷᠦᠮᠵᠢ ᠶᠢ ᠰᠢᠨᠡᠳᠬᠡᠬᠦ | ᠵᠡᠷᠭᠡ ᠮᠡᠷᠭᠡᠵᠢᠯ ᠤᠨ ᠥᠭᠡᠷᠡᠴᠢᠯᠡᠯᠲᠡ ᠶᠢᠨ ᠲᠦᠷᠦᠯ ᠵᠦᠢᠯ ᠢ 23 ᠬᠡᠷᠡᠭᠵᠢᠭᠦᠯᠵᠦ᠂ 15 ᠠᠵᠤ ᠦᠢᠯᠡᠳᠪᠦᠷᠢ ᠶᠢᠨ | ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ | ᠠᠳᠠᠯᠢ ᠬᠤᠭᠤᠴᠠᠭᠠᠨ ᠤ ᠬᠢ ᠠᠴᠠ 12.7% ᠨᠡᠮᠡᠭᠳᠡᠪᠡ᠃ ᠰᠢᠨ᠎ᠡ ᠡᠨᠧᠷᠭᠢ ᠶᠢᠨ ᠠᠵᠤ ᠦᠢᠯᠡᠰ ᠥᠷᠨᠢᠭᠦᠨ | ᠬᠥᠭᠵᠢᠵᠦ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠳᠠᠩ ᠪᠡᠶᠡᠲᠦ ᠵᠠᠭᠤᠨ ᠲᠦᠮᠡᠨ ᠺᠢᠯᠣᠸᠠᠲ ᠤᠨ | ᠲᠡᠰ ᠤᠨ ᠬᠠᠭᠤᠷᠠᠢ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠢ ᠲᠣᠣᠷ ᠲᠤ ᠨᠡᠶᠢᠯᠡᠭᠦᠯᠦᠨ ᠴᠠᠬᠢᠯᠭᠠᠨ | ᠭᠠᠷᠭᠠᠵᠤ᠂ ᠰᠠᠯᠬᠢᠨ ᠬᠦᠴᠦᠨ ᠤ ᠴᠠᠬᠢᠯᠭᠠᠨ ᠤ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ | 143 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ᠂ ᠠᠳᠠᠯᠢ ᠬᠤᠭᠤᠴᠠᠭᠠᠨ ᠤ ᠬᠢ ᠠᠴᠠ 61% ᠪᠠᠷ ᠨᠡᠮᠡᠭᠳᠡᠪᠡ | ᠃ ᠮᠧᠩ ᠨᠧᠩ ᠪᠠᠷᠠᠭᠤᠨ ᠳᠤᠮᠳᠠ 2 × 66 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠢ ᠲᠣᠣᠷ ᠲᠤ | ᠨᠡᠶᠢᠯᠡᠭᠦᠯᠦᠨ᠎ᠡ᠃ ᠦᠢᠯᠡᠴᠢᠯᠡᠭᠡᠨ ᠤ ᠦᠢᠯᠡᠰ ᠲᠦᠷᠭᠡᠨ ᠰᠠᠶᠢᠵᠢᠷᠠᠪᠠ᠃ ᠶᠢᠰᠦᠳᠦᠭᠡᠷ ᠬᠤᠭᠤᠴᠠᠭᠠᠨ ᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠵᠢᠴᠢ 2022 ᠣᠨ ᠤ | ᠬᠢᠩᠭᠠᠨ ᠠᠶᠢᠮᠠᠭ ᠤᠨ ᠨᠠᠭᠠᠳᠤᠮ᠂ ᠷᠠᠰᠢᠶᠠᠨ ᠤ ᠮᠥᠰᠥ ᠴᠠᠰᠤᠨ ᠤ ᠨᠠᠶᠢᠷ ᠵᠡᠷᠭᠡ ᠪᠠᠶᠠᠷ ᠳᠤᠷᠠᠰᠬᠠᠯ ᠤᠨ | ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ ᠤᠯᠤᠰ ᠤᠨ ᠳᠣᠲᠣᠭᠠᠳᠤ ᠶᠢᠨ ᠵᠤᠭᠠᠴᠠᠭᠰᠠᠳ ᠢ 1200 ᠲᠦᠮᠡ | ᠭᠠᠷᠤᠢ ᠬᠥᠮᠦᠨ ᠤᠳᠠᠭ᠎ᠠ ᠳᠤ ᠬᠦᠷᠭᠡᠵᠦ᠂ ᠵᠤᠭᠠᠴᠠᠯ ᠤᠨ ᠣᠷᠣᠯᠭ᠎ᠠ 85 ᠳ᠋ᠦᠩᠰᠢᠭᠤᠷ ᠲᠥᠭᠦᠷᠢᠭ ᠢ ᠳᠠᠪᠠᠵᠤ᠂ | ᠷᠠᠰᠢᠶᠠᠨ ᠬᠤᠳᠠ ᠶᠢᠨ ᠬᠢᠨ ᠪᠦᠬᠦ ᠣᠷᠣᠨ ᠤ ᠠᠩᠬᠠᠳᠠᠭᠴᠢ ᠰᠢᠶᠠᠨ ᠤ ᠲᠡᠰ ᠤᠨ ᠥᠪᠡᠷᠲᠡᠭᠡᠨ ᠵᠠᠰᠠᠬᠤ ᠣᠷᠣᠨ ᠤ | ᠲᠡᠰ ᠤᠨ ᠵᠤᠭᠠᠴᠠᠯ ᠤᠨ ᠠᠮᠠᠷᠠᠯᠲᠠ ᠶᠢᠨ ᠣᠷᠣᠨ ᠢ ᠠᠮᠵᠢᠯᠲᠠ ᠲᠠᠢ ᠡᠭᠦᠳᠴᠦ᠂ ᠪᠦᠬᠦ ᠤᠯᠤᠰ ᠤᠨ ᠠᠩᠬᠠᠳᠠᠭᠴᠢ | ︽ᠣᠷᠣᠨ ᠪᠦᠰᠡ ᠶᠢᠨ ᠫᠠᠶᠢᠰᠠ︾ ᠶᠢᠨ ᠳᠦᠷᠢ ᠲᠥᠷᠬᠦ ︽ᠬᠢᠩᠭᠠᠨ ᠳᠠᠪᠠᠭ᠎ᠠ ᠳᠠᠬᠢ ᠬᠢᠩᠭᠠᠨ ᠠᠶᠢᠮᠠᠭ︾ ᠢ | ᠪᠡᠭᠡᠵᠢᠩ ᠳᠤ ᠨᠡᠶᠢᠲᠡᠯᠡᠵᠦ᠂ ︽ᠬᠢᠩᠭᠠᠨ ᠠᠶᠢᠮᠠᠭ ᠤᠨ ᠲᠤᠲᠤᠷᠭ᠎ᠠ︾᠂ ︽ᠷᠠᠰᠢᠶᠠᠨ ᠤ ᠷᠠᠰᠢᠶᠠᠨ ᠤᠰᠤ︾ | 2022 ᠤᠨ ᠬᠤᠷᠤᠨ ᠳᠤᠮᠳᠠᠳᠤ ᠤᠯᠤᠰ ᠤᠨ ᠢᠳᠡᠭᠡᠨ ᠤ ᠠᠵᠢᠯ ᠲᠦᠷᠦᠯ ᠤᠨ ᠵᠠᠭᠤᠨ ᠬᠦᠴᠦᠷᠬᠡᠭ ᠤᠨ | ᠨᠡᠷᠡᠰ ᠤᠨ ᠵᠢᠭᠰᠠᠭᠠᠯᠲᠠ ︽ᠳᠤᠮᠳᠠᠳᠤ ᠤᠯᠤᠰ ᠤᠨ ᠲᠥᠯᠥᠭᠡᠯᠡᠬᠦ ᠴᠢᠨᠠᠷᠲᠠᠢ ᠲᠠᠷᠢᠶᠠᠯᠠᠩ ᠤᠨ ᠪᠦᠲᠦᠭᠡᠭᠳᠡᠬᠦᠨ ᠤ | ᠣᠷᠣᠨ ᠪᠦᠰᠡ ᠶᠢᠨ ᠲᠦᠷᠦᠯ ᠲᠡᠮᠳᠡᠭ︾ ᠲᠤ ᠪᠥᠬᠦ ᠠᠶᠢᠮᠠᠭ ᠤᠨ ᠪᠠᠩᠬᠢ ᠶᠢᠨ ᠦᠢᠯᠡᠰ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠦᠯᠡᠳᠡᠪᠦᠷᠢ 905.6 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 15.4% ᠪᠠᠷ ᠨᠡᠮᠡᠭᠳᠡᠨ᠂ ᠵᠢᠭᠡᠯᠡᠯᠭᠡ ᠶᠢᠨ ᠦᠯᠡᠳᠡᠪᠦᠷᠢ 784.9 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠨ᠂ ᠬᠠᠳᠠᠭᠠᠯᠠᠮᠵᠢ | ᠪᠠ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ︽ᠬᠤᠤᠰ ᠳᠡᠭᠡᠭᠰᠢᠯᠡᠯᠲᠡ︾ ᠶᠢ ᠪᠡᠶᠡᠯᠡᠭᠦᠯᠪᠡ᠃ ᠮᠠᠰᠢᠨ ᠲᠡᠷᠭᠡ ᠶᠢ | ᠳᠡᠯᠭᠡᠨ ᠪᠣᠷᠣᠯᠠᠭᠤᠯᠬᠤ᠂ ᠪᠣᠬᠢᠷᠲᠤᠯ ᠥᠬᠡᠶ ᠤᠶᠤᠨᠲᠤ ᠬᠡᠷ ᠤᠨ ᠴᠠᠬᠢᠯᠭᠠᠨ ᠬᠡᠷᠡᠭᠰᠡᠯ ᠢ ᠬᠥᠳᠡᠭᠡ ᠪᠠᠭᠤᠯᠭᠠᠬᠤ | ᠵᠡᠷᠭᠡ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 800 ᠲᠠᠯᠠᠪᠤᠷ ᠵᠣᠬᠢᠶᠠᠨ ᠪᠠᠶᠢᠭᠤᠯᠵᠤ᠂ ᠬᠤᠳᠠᠯᠳᠤᠭᠠᠴᠢᠨ ᠢ | ᠳᠡᠮᠵᠢᠨ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ 22 ᠬᠤᠭᠤᠴᠠᠭ᠎ᠠ ᠲᠠᠷᠬᠠᠭᠠᠵᠤ᠂ ᠵᠢᠵᠢᠭᠯᠡᠨ | ᠬᠤᠳᠠᠯᠳᠤᠬᠤ ᠠᠵᠤ ᠠᠬᠤᠶᠢᠯᠠᠯ ᠤᠨ ᠪᠣᠷᠣᠯᠠᠭᠤᠯᠭ᠎ᠠ ᠶᠢᠨ ᠨᠣᠷᠮ᠎ᠠ ᠶᠢ 10 ᠳᠠᠬᠢᠨ ᠢᠶᠠᠷ ᠨᠡᠮᠡᠭᠳᠡᠭᠦᠯᠬᠦ ᠪᠠᠷ ᠬᠥᠰᠢᠵᠦ | ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠥᠬᠦ ᠤᠯᠤᠰ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ | ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠰᠢᠶᠠᠨ ᠳᠤ ᠰᠣᠩᠭᠤᠭᠳᠠᠨ ᠣᠷᠣᠵᠤ᠂ ᠮᠠᠨ ᠤ | ᠠᠶᠢᠮᠠᠭ ᠪᠥᠬᠦ ᠣᠷᠣᠨ ᠤ ᠲᠦᠷᠦᠭᠦᠤ ᠪᠦᠯᠦᠭ ᠤᠨ 5 ︽ᠨᠢᠭᠡ ᠮᠥᠴᠡ ᠠᠷᠠᠳ ᠲᠤ ᠲᠥᠬᠦᠮ ᠦᠵᠡᠭᠦᠯᠬᠦ | ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠴᠡᠭ︾ ᠤᠨ ᠭᠠᠵᠠᠷ ᠣᠷᠣᠨ ᠳᠤ ᠰᠣᠩᠭᠤᠭᠳᠠᠨ ᠣᠷᠣᠪᠠ᠃ | ᠬᠤᠶᠠᠷ ᠲᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠬᠦ᠂ ᠰᠢᠰᠲ᠋ᠧᠮ ᠲᠠᠢ ᠵᠠᠰᠠᠬᠤ ᠶᠢ | ᠪᠠᠷᠢᠮᠲᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ᠠᠮᠢ ᠠᠬᠤᠶ ᠶᠢᠨ | ᠬᠠᠮᠠᠭᠠᠯᠠᠯᠲᠠ ᠵᠠᠰᠠᠯᠲᠠ ᠢᠯᠡᠳᠲᠡ ᠦᠷ᠎ᠡ ᠪᠦᠲᠦᠮᠵᠢ ᠤᠯᠪᠠ᠃ ᠬᠢᠩᠭᠠᠨ ᠠᠶᠢᠮᠠᠭ ᠤᠨ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ︽ᠭᠤᠷᠪᠠᠨ | ᠣᠷᠣᠨ ᠭᠤᠷᠪᠠᠨ ᠱᠤᠭᠤᠮ︾ ᠢ ᠵᠦᠶ ᠵᠣᠬᠢᠰᠲᠠᠶ ᠵᠠᠭᠠᠭᠯᠠᠨ ᠲᠣᠭᠲᠠᠭᠠᠨ᠎ᠠ᠃ ᠡᠪᠡᠰᠦ ᠳᠠᠷᠢᠵᠤ ᠰᠠᠶᠢᠵᠢᠷᠠᠭᠤᠯᠬᠤ᠂ | ᠲᠠᠯ᠎ᠠ ᠨᠤᠲᠤᠭ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠤᠰᠤ ᠭᠤᠶᠢᠳᠠ ᠬᠥᠳᠡᠭᠡ ᠲᠣᠰᠬᠤᠨ ᠵᠡᠷᠭᠡ | ᠠᠮᠢ ᠠᠬᠤᠶ ᠶᠢᠨ ᠢᠨᠵᠧᠨᠧᠷᠢᠩ ᠢ ᠬᠡᠷᠡᠭᠵᠢᠭᠦᠯᠵᠦ᠂ 18 ᠲᠦᠮᠡᠨ ᠮᠥ ᠮᠣᠳᠣ ᠳᠠᠷᠢᠵᠤ ᠣᠶᠢᠵᠢᠭᠤᠯᠬᠤ᠂ 87 | ᠲᠦᠮᠡᠨ ᠮᠥ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ ᠶᠢ ᠪᠡᠶᠡᠯᠡᠭᠦᠯᠵᠦ᠂ ᠬᠠᠯᠬ᠎ᠠ ᠭᠤᠤᠯ ︵ᠷᠠᠰᠢᠶᠠᠨ ᠤ ᠬᠡᠰᠡᠭ | ︶ ᠢ ᠪᠥᠬᠦ ᠤᠯᠤᠰ ᠤᠨ ᠠᠩᠬᠠᠨ ᠤ ᠪᠦᠯᠦᠭ ︽ᠦᠵᠡᠰᠬᠦᠯᠡᠩᠲᠦ ᠰᠠᠶᠢᠬᠠᠨ ᠭᠤᠤᠯ ᠮᠥᠷᠡᠨ ᠨᠠᠭᠤᠷ ᠴᠥᠭᠦᠷᠥᠮ ᠤᠨ | ᠰᠢᠯᠢᠳᠡᠭ ᠬᠡᠷᠡᠭ ᠤᠨ ᠵᠢᠱᠢᠶ᠎ᠡ︾ ᠳᠤ ᠰᠣᠩᠭᠤᠨ ᠣᠷᠣᠭᠤᠯᠵᠤ᠂ ᠪᠥᠬᠦ ᠣᠷᠣᠨ ᠳᠤ ᠠᠶᠢᠮᠠᠭ ᠬᠤᠲᠠ ᠶᠢᠨ | ᠱᠠᠲᠤᠨ ᠤ ᠠᠮᠢ ᠠᠬᠤᠶ ᠶᠢᠨ ᠪᠦᠲᠦᠭᠡᠭᠳᠡᠬᠦᠨ ᠤ ᠶᠡᠷᠦᠩᠬᠡᠶ ᠥᠷᠲᠡᠭ ︵GEP︶ ᠤᠨ ᠲᠣᠭᠠᠴᠠᠭ᠎ᠠ ᠬᠢᠭᠰᠡᠨ | ᠦᠷ᠎ᠡ ᠪᠦᠲᠦᠭᠡᠯ ᠢ ᠤᠷᠢᠳᠠᠪᠠᠷ ᠨᠡᠶᠢᠲᠡᠯᠡᠪᠡ᠃ ᠪᠣᠬᠢᠷᠲᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠭᠦᠨᠵᠡᠭᠡᠶ ᠰᠠᠶᠢᠲᠤᠷ ᠬᠢᠵᠦ᠂ ᠠᠭᠠᠷ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 97.4% ᠳᠤ ᠬᠦᠷᠦᠭᠦᠯᠵᠦ᠂ | ᠶᠡᠷᠦᠩᠬᠡᠶ ᠵᠢᠭᠠᠯᠲᠠ ᠲᠤᠭ᠎ᠠ ᠶᠢ ᠪᠥᠬᠦ ᠣᠷᠣᠨ ᠤ ᠡᠮᠦᠨ᠎ᠡ ᠡᠩᠨᠡᠭᠡᠨ ᠳᠤ ᠪᠠᠶᠢᠷᠢᠯᠠᠭᠤᠯᠤᠨ᠂ 10 ᠤᠯᠤᠰ ᠤᠨ | ᠠᠯᠪᠠᠲᠠᠨ ᠤ ᠰᠢᠯᠭᠠᠯᠲᠠ ᠶᠢᠨ ᠣᠭᠲᠣᠯᠤᠭᠠᠰᠤ ᠶᠢᠨ ᠤᠰᠤᠨ ᠤ ᠴᠢᠨᠠᠷ ᠢ ᠴᠥᠮ ᠰᠢᠯᠢᠳᠡᠭ ᠰᠠᠶᠢᠨ ᠪᠠᠷᠢᠮᠵᠢᠶ᠎ᠠ ᠳᠤ | ᠬᠦᠷᠦᠭᠦᠯᠵᠦ᠂ ᠪᠣᠬᠢᠷᠲᠤᠭᠰᠠᠨ ᠲᠠᠷᠢᠶᠠᠨ ᠭᠠᠵᠠᠷ ᠤᠨ ᠠᠮᠤᠷ ᠲᠦᠪᠰᠢᠨ ᠤ ᠠᠰᠢᠭᠯᠠᠯᠲᠠ ᠶᠢᠨ ᠨᠣᠷᠮ᠎ᠠ ᠶᠢ | 100% ᠳᠤ ᠬᠦᠷᠦᠭᠦᠯᠦᠨ᠎ᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠣᠶ | ᠰᠢᠭᠤᠶ ᠨᠤᠳᠤᠭ ᠪᠡᠯᠴᠢᠭᠡᠷ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠪᠠ ᠪᠥᠬᠦ ᠠᠶᠢᠮᠠᠭ ᠤᠨ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠣᠷᠭᠢᠯ ᠬᠡᠮᠵᠢᠭᠳᠡᠯ ᠳ᠋ᠠ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠨᠡᠭᠦᠷᠡᠰᠦᠲᠥ᠋ᠷᠥᠭᠴᠢ ᠶᠢ ᠣᠷᠭᠢᠯ ᠳᠤ | ᠬᠦᠷᠭᠡᠬᠦ ᠬᠡᠷᠡᠭᠵᠢᠭᠦᠯᠬᠦ ᠲᠥᠰᠦᠯ ᠢ ᠨᠠᠶᠢᠷᠠᠭᠤᠯᠤᠨ ᠵᠣᠬᠢᠶᠠᠵᠤ ᠳᠠᠭᠤᠰᠬᠠᠨ᠂ ︽1+N+X︾ ᠲᠥᠷᠥ ᠶᠢᠨ | ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠬᠢᠩᠭᠠᠨ ᠠᠶᠢᠮᠠᠭ ᠵᠢᠴᠢ ᠷᠠᠰᠢᠶᠠᠨ ᠬᠤᠲᠠ ᠶᠢ ᠥᠪᠡᠷᠲᠡᠭᠡᠨ ᠵᠠᠰᠠᠬᠤ | ᠣᠷᠣᠨ ᠤ ᠠᠮᠢ ᠠᠬᠤᠶ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢᠨ ᠲᠤᠷᠰᠢᠯᠲᠠ ᠶᠢᠨ | ᠴᠡᠭ ᠤᠨ ᠭᠠᠵᠠᠷ ᠣᠷᠣᠨ ᠢᠶᠠᠷ ᠵᠢᠭᠰᠠᠭᠠᠵᠤ᠂ ᠷᠠᠰᠢᠶᠠᠨ ᠬᠤᠲᠠ ᠶᠢ 2022 ᠣᠨ ᠤ ᠪᠥᠬᠦ ᠤᠯᠤᠰ ᠤᠨ ᠣᠶ | ᠰᠢᠭᠤᠶ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ ᠲᠤᠷᠰᠢᠯᠲᠠ ᠶᠢᠨ ᠴᠡᠭ ᠤᠨ ᠬᠤᠲᠠ ᠳᠤ | ᠰᠣᠩᠭᠤᠪᠠ᠃ | ᠭᠤᠷᠪᠠ ᠳᠤ᠂ ᠵᠠᠩᠭᠢᠯᠠᠭ᠎ᠠ ᠶᠢ ᠠᠳᠬᠤᠵᠤ᠂ ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠬᠦ ᠶᠢ ᠪᠠᠷᠢᠮᠲᠠᠯᠠᠵᠤ᠂ | ᠥᠭᠡᠷᠡᠴᠢᠯᠡᠯᠲᠡ ᠨᠡᠭᠡᠭᠡᠯᠳᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠤᠷᠳᠤᠴᠠ ᠶᠢ ᠲᠦᠷᠭᠡᠳᠬᠡᠪᠡ᠃ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠲᠦᠷᠭᠡᠨ ᠪᠥᠭᠡᠳ ᠯᠠᠪᠳᠠᠭᠤᠨ ᠢᠶᠠᠷ ᠤᠷᠤᠭᠰᠢᠯᠠᠨ᠎ᠠ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠪᠡᠶᠡᠯᠡᠭᠦᠯᠵᠦ᠂ | ᠤᠯᠠᠭᠠᠨᠬᠤᠲᠠ ᠶᠢᠨ ᠬᠥᠳᠡᠭᠡ ᠲᠣᠰᠬᠤᠨ ᠤ ᠣᠷᠣᠨ ᠰᠠᠭᠤᠴᠠ ᠶᠢᠨ ᠰᠠᠭᠤᠷᠢ ᠭᠠᠵᠠᠷ ᠤᠨ ᠲᠦᠷᠢᠮ ᠤᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠡᠳ᠋ ᠤᠨ ᠵᠠᠰᠠᠭ | ᠭᠠᠶᠢᠯᠢ ᠶᠢᠨ ᠪᠠᠶᠢᠭᠤᠯᠤᠯ᠂ ᠬᠠᠩᠭᠠᠨ ᠪᠣᠷᠣᠯᠠᠭᠤᠯᠬᠤ ᠬᠤᠷᠰᠢᠶ᠎ᠠ᠂ ᠨᠠᠰᠤᠵᠢᠯ ᠤᠨ ᠳᠠᠭᠠᠳᠬᠠᠯ᠂ ᠲᠠᠷᠢᠶᠠᠯᠠᠩ ᠤᠨ | ᠤᠰᠤᠨ ᠤ ᠦᠨ᠎ᠡ᠂ ᠠᠯᠪᠠᠨ ᠤ ᠲᠡᠷᠭᠡ ᠵᠡᠷᠭᠡ ᠬᠦᠷᠢᠶᠡᠨ ᠤ ᠥᠭᠡᠷᠡᠴᠢᠯᠡᠯᠲᠡ ᠶᠢ ᠲᠣᠭᠲᠠᠭᠤᠨ ᠢᠶᠠᠷ ᠬᠡᠷᠡᠭᠵᠢᠭᠦᠯᠪᠡ᠃ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ | ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ 3.0 ᠠᠵᠢᠯᠯᠠᠭ᠎ᠠ ᠶᠢᠨ | ᠲᠥᠰᠦᠯ ᠢ 400 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠵᠦ ᠪᠣᠯᠬᠤ ᠨᠣᠷᠮ᠎ᠠ ᠪᠠ ᠪᠥᠬᠦ | ᠶᠠᠪᠤᠴᠠ ᠶᠢᠨ ᠰᠦᠯᠵᠢᠶᠡᠨ ᠳᠡᠭᠡᠷ᠎ᠡ ᠭᠦᠢᠴᠡᠳᠭᠡᠬᠦ ᠨᠣᠷᠮ᠎ᠠ ᠶᠢ ᠲᠣᠰ ᠲᠣᠰ 95%᠂ 80% ᠠᠴᠠ ᠳᠡᠭᠡᠭᠰᠢ ᠳᠤ | ᠬᠦᠷᠦᠭᠦᠯᠵᠦ᠂ ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠭᠤᠯᠪᠠ᠃ ︽ᠲᠠᠪᠤᠨ ᠶᠢ ᠲᠤᠶᠢᠯᠪᠤᠷᠢᠲᠠᠢ | ᠪᠠᠶᠢᠴᠠᠭᠠᠬᠤ︾ ᠪᠠ ᠪᠦᠬᠦ ᠨᠡᠶᠢᠭᠡᠮ ᠤᠨ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠠᠵᠢᠯ ᠱᠠᠳᠤ | ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠵᠤ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ 3654 ᠮᠦ ᠠᠷᠠᠯᠵᠢᠶᠠᠯᠠᠬᠤ ᠶᠢ ᠤᠷᠢᠳᠠᠪᠠᠷ ᠲᠤᠷᠰᠢᠨ | ᠪᠡᠶᠡᠯᠡᠭᠦᠯᠵᠦ᠂ ᠤᠰᠤᠨ ᠲᠠᠷᠢᠶᠠᠨ ᠤ ᠬᠡᠪᠴᠢᠶᠡᠨ ᠤ ᠭᠦᠢᠴᠡᠳᠬᠡᠬᠦ ᠲᠤᠭ᠎ᠠ ᠶᠢ ᠮᠤᠵᠢ ᠠᠯᠤᠰᠯᠠᠨ 2.3 ᠲᠦᠮᠡᠨ ᠮᠦ | ᠠᠷᠠᠯᠵᠢᠶᠠᠯᠠᠪᠠ᠃ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠬᠠᠮᠲᠤᠷᠠᠯᠴᠠᠭ᠎ᠠ ᠲᠠᠰᠤᠷᠠᠯᠳᠡ ᠦᠬᠡᠢ ᠭᠦᠨᠵᠡᠭᠡᠶᠢᠷᠡᠪᠡ᠃ | ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡᠳᠬᠡᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠪᠠ | ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ | ᠲᠣᠭᠤᠷᠢᠭ ᠢ ᠭᠤᠶᠤᠴᠢᠯᠠᠨ ᠪᠠᠶᠢᠭᠤᠯᠬᠤ ᠠᠵᠢᠯ ᠢ ᠪᠡᠶᠡᠯᠡᠭᠦᠯᠦᠨ᠎ᠡ᠃ ᠠᠶᠢᠮᠠᠭ ᠬᠤᠲᠠ ᠠᠯᠤᠰᠯᠠᠭᠰᠠᠨ ᠭᠠᠵᠠᠷ | ᠣᠷᠣᠨ ᠠᠯᠤᠰᠯᠠᠭᠰᠠᠨ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠴᠢᠩᠭᠠᠷᠠᠭᠤᠯᠵᠤ᠂ ᠲᠦᠩᠯᠢᠶᠣᠤ ᠬᠤᠲᠠ ᠯᠤᠭ᠎ᠠ | ᠰᠢᠨ᠎ᠡ ᠡᠨᠧᠷᠭᠢ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠲᠣᠭᠲᠠᠴᠠ ᠶᠢ ᠪᠠᠶᠢᠭᠤᠯᠤᠨ᠂ ᠥᠪᠥᠷ | ᠮᠣᠩᠭᠤᠯ ᠤᠨ ᠣᠶ ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠯᠦᠭᠡ ᠶᠢᠨ ᠵᠢᠭᠤᠯᠴᠢᠯᠠᠯ᠂ ᠠᠮᠢ ᠠᠬᠤᠶ ᠵᠡᠷᠭᠡ | ᠬᠦᠷᠢᠶᠡᠨ ᠳᠠᠬᠢ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ᠃ ᠭᠤᠷᠪᠠᠳᠤᠭᠠᠷ | ᠬᠤᠭᠤᠴᠠᠭᠠᠨ ᠤ ᠰᠤᠷᠭᠠᠭᠤᠯᠢ ᠨᠢᠭᠡᠳᠡᠨ ᠤ ᠠᠵᠤ ᠠᠬᠤᠶ ᠶᠢᠨ ᠶᠠᠷᠢᠶᠠᠨ ᠤ ᠲᠠᠪᠴᠠᠩ᠂ ᠳᠤᠮᠳᠠᠳᠤ ᠤᠯᠤᠰ ᠤᠨ | ᠬᠢᠲᠠᠳ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠵᠡᠷᠭᠡ | ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠡᠷᠭᠢᠯᠡᠵᠦ᠂ 272 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ | ᠪᠣᠳᠠᠲᠠᠶᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 15.7% ᠪᠠᠷ ᠨᠡᠮᠡᠭᠳᠡᠪᠡ᠃ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠯᠠᠪᠳᠠᠭᠤᠨ ᠢᠶᠠᠷ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠵᠠᠷᠤᠳᠠᠯ ᠤᠨ ᠣᠷᠣᠭᠤᠯᠤᠯᠲᠠ 1.49 ᠳ᠋ᠦᠩᠰᠢᠭᠤᠷ ᠲᠥᠭᠦᠷᠢᠭ ᠲᠤ ᠬᠦᠷᠴᠦ᠂ 31% ᠪᠠᠷ | ᠨᠡᠮᠡᠭᠳᠡᠨ᠂ ᠵᠠᠷᠤᠳᠠᠯ ᠤᠨ ᠣᠷᠣᠭᠤᠯᠤᠯᠲᠠ ︵ᠬᠦᠴᠦᠯᠡᠴᠡ︶ ᠶᠢᠨ ᠨᠡᠮᠡᠭᠳᠡᠯ ᠤᠨ ᠬᠤᠷᠳᠤᠴᠠ ᠶᠢ ᠪᠥᠬᠦ ᠣᠷᠣᠨ ᠳᠤ | ᠨᠢᠭᠡᠳᠦᠭᠡᠷ ᠲᠤ ᠣᠷᠣᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ︽ᠬᠤᠶᠠᠷ ᠳᠠᠬᠢᠨ ᠢᠶᠠᠷ | ᠨᠡᠮᠡᠭᠳᠡᠭᠦᠯᠬᠦ︾ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ | ᠪᠤᠶᠢᠵᠢᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ 9᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 69 | ᠰᠢᠨ᠎ᠡ ᠪᠠᠷ ᠨᠡᠮᠡᠭᠳᠡᠨ᠂ ᠤᠯᠤᠰ ᠤᠨ ᠬᠠᠷ᠎ᠠ ᠬᠥᠷᠥᠰᠥᠲᠦ ᠭᠠᠵᠠᠷ ᠰᠢᠷᠣᠶ ᠶᠢᠨ ᠰᠤᠳᠤᠯᠭᠠᠨ ᠤ ᠲᠥᠪ ᠵᠡᠷᠭᠡ | ᠲᠠᠪᠴᠠᠩ ᠤᠨ ᠠᠴᠢᠶᠠᠯᠠᠪᠤᠷᠢ ᠶᠢ 51 ᠪᠠᠶᠢᠭᠤᠯᠵᠤ᠂ ᠠᠶᠢᠮᠠᠭ ᠤᠨ ᠳᠣᠲᠣᠭᠠᠳᠤ ᠶᠢᠨ ᠠᠵᠤ ᠠᠬᠤᠶᠢᠯᠠᠯ ᠬᠢᠭᠡᠳ | ᠵᠢᠶᠠᠩᠨᠠᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠳᠡᠭᠡᠳᠦ | ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠠᠮᠲᠤᠷᠠᠯᠴᠠᠭ᠎ᠠ ᠶᠢ 93 ᠵᠦᠢᠯ ᠥᠷᠨᠢᠭᠦᠯᠬᠦ ᠶᠢ ᠠᠬᠢᠭᠤᠯᠪᠠ᠃ | ᠲᠦᠷᠪᠡ ᠳᠤ ᠂ ᠨᠢᠭᠡᠳᠦᠯᠲᠡᠶ ᠲᠥᠯᠥᠪᠯᠡᠵᠦ ᠨᠡᠶᠢᠳᠡ ᠳᠤᠨᠢ ᠬᠠᠷᠠᠭᠠᠯᠵᠠᠬᠤ᠂ ᠵᠣᠬᠢᠴᠠᠩᠭᠤᠶ ᠪᠠᠷ | ᠬᠥᠭᠵᠢᠭᠦᠯᠬᠦ ᠶᠢ ᠪᠠᠷᠢᠮᠲᠠᠯᠠᠵᠤ᠂ ᠬᠤᠳᠠ ᠬᠥᠳᠡᠭᠡ ᠶᠢ ᠨᠡᠶᠢᠯᠡᠭᠦᠯᠬᠦ ᠠᠯᠬᠤᠴᠠ ᠶᠢ ᠲᠦᠷᠭᠡᠳᠬᠡᠪᠡ᠃ ᠰᠢᠨ᠎ᠡ | ᠮᠠᠶ᠋ᠢᠭ ᠤᠨ ᠬᠤᠲᠠ ᠪᠠᠯᠭᠠᠰᠤᠵᠢᠯᠲᠠ ᠢᠯᠡᠳᠲᠡ ᠦᠷ᠎ᠡ ᠪᠦᠲᠦᠮᠵᠢ ᠤᠯᠪᠠ᠃ ᠥᠨᠳᠥᠷ ᠪᠦᠲᠦᠮᠵᠢᠲᠡᠶ ᠠᠷᠪᠢᠲᠠᠶ | ᠡᠷᠴᠢᠮᠯᠢᠭ ᠪᠠᠶᠢᠬᠤ ᠣᠨᠣᠯᠵᠢᠬᠤᠨ ᠢ ᠪᠠᠷᠢᠮᠲᠠᠯᠠᠨ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ 112 | ᠲᠥᠷᠥᠯ ᠵᠦᠢᠯ ᠢ ᠬᠡᠷᠡᠭᠵᠢᠭᠦᠯᠵᠦ᠂ 148 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ | ᠪᠡᠶᠡᠯᠡᠭᠦᠯᠵᠦ᠂ ᠤᠯᠠᠭᠠᠨᠬᠤᠲᠠ ᠶᠢᠨ ᠰᠡᠶᠢᠮᠡᠬᠡᠢ ᠬᠤᠲᠠ ᠶᠢᠨ ᠲᠥᠷᠥᠯ ᠵᠦᠢᠯ ᠤᠨ ᠵᠥᠪᠰᠢᠶᠡᠷᠡᠯ ᠣᠯᠤᠭᠰᠠᠨ ᠠᠽᠢᠶ᠎ᠠ | ᠲᠢᠪ ᠤᠨ ᠰᠠᠭᠤᠷᠢ ᠲᠥᠬᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠪᠠᠩᠬᠢ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ | 2.5 ᠳ᠋ᠦᠩᠰᠢᠭᠤᠷ ᠳ᠋ᠣᠯᠯᠠᠷ ᠲᠤ ᠬᠥᠷᠪᠡ᠃ ᠵᠠᠮ ᠬᠠᠷᠢᠯᠴᠠᠭᠠᠨ ᠤ ᠪᠠᠲᠤᠯᠠᠭᠠᠲᠤ ᠠᠰᠠᠷ ᠤᠨ ᠲᠤᠰᠬᠠᠶ ᠵᠦᠢᠯ ᠤᠨ | ᠵᠢᠭᠡᠯᠡᠯᠭᠡ ᠶᠢ 1.3 ᠳ᠋ᠦᠩᠰᠢᠭᠤᠷ ᠲᠥᠭᠦᠷᠢᠭ ᠤᠯᠬᠤ ᠪᠠᠷ ᠴᠢᠷᠮᠠᠶᠢᠵᠤ᠂ ᠤᠷᠢᠳᠴᠢᠯᠠᠨ ᠬᠤᠳᠠᠯᠳᠤᠬᠤ ᠪᠠᠯᠠ | ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠦᠨ᠎ᠡ᠃ ᠪᠥᠬᠦ ᠠᠶᠢᠮᠠᠭ ᠤᠨ ᠬᠤᠲᠠ | ᠪᠠᠯᠭᠠᠰᠤ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠤᠨ ᠲᠤᠬᠠᠶ ᠶᠢᠨ ᠲᠠᠯᠠᠪᠤᠷ ᠤᠨ ᠬᠤᠷᠠᠯ ᠢ | ᠡᠷᠭᠢᠯᠡᠵᠦ᠂ ᠬᠤᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠶᠢ | ᠪᠡᠶᠡᠯᠡᠭᠦᠯᠵᠦ᠂ ᠬᠤᠲᠠ ᠶᠢᠨ ᠨᠠᠷᠢᠯᠢᠬᠵᠢᠭᠤᠯᠤᠭᠰᠠᠨ᠂ ᠤᠶᠤᠨᠴᠢᠯᠠᠭᠰᠠᠨ᠂ ᠵᠢᠷᠤᠮᠵᠢᠭᠤᠯᠤᠭᠰᠠᠨ ᠬᠠᠮᠢᠶᠠᠷᠤᠯᠲᠠ ᠶᠢᠨ | ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ | ᠲᠣᠭᠲᠠᠭᠤᠨ ᠢᠶᠠᠷ ︽ᠳᠥᠷᠪᠡ ᠶᠢ ᠥᠯᠥ ᠰᠠᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ | ᠵᠦᠢᠯ ᠤᠨ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ | 1.2 ᠲᠦᠮᠡᠨ ᠬᠢᠨᠠᠨ ᠪᠠᠶᠢᠴᠠᠭᠠᠭᠳᠠᠬᠤ ᠡᠲᠡᠭᠡᠳ ᠲᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠦᠬᠦᠨ ᠢ | ᠨᠠᠶᠢᠳᠠᠪᠤᠷᠢᠵᠢᠭᠤᠯᠪᠠ᠃ 12.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ 401 ᠲᠦᠷᠦᠯ ᠵᠦᠢᠯ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠦᠷᠦᠯ | ᠵᠦᠢᠯ 52 ᠢ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠨᠢᠭᠡ ᠴᠤᠭᠴᠠᠵᠢᠭᠤᠯᠬᠤ ᠲᠤᠷᠰᠢᠯᠲᠠ ᠶᠢᠨ ᠴᠡᠭ ᠢ 425 ᠪᠡᠶᠡᠯᠡᠭᠦᠯᠵᠦ᠂ ᠬᠦᠷᠢᠶᠡᠨ ᠤ ᠠᠵᠤ | ᠠᠬᠤᠶ ᠶᠢᠨ ᠵᠢᠱᠢᠶ᠎ᠡ ᠦᠵᠡᠭᠦᠯᠬᠦ ᠲᠣᠰᠬᠤᠨ ᠤ ᠢᠨᠵᠧᠨᠧᠷᠢᠩ ᠢ 114 ᠪᠡᠶᠡᠯᠡᠭᠦᠯᠵᠦ᠂ 526 ᠵᠠᠰᠠᠭ ᠵᠠᠬᠢᠷᠭᠠᠨ ᠤ | ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮ ᠢ | ᠪᠠᠶᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠ ᠵᠢᠱᠢᠶ᠎ᠡ ᠦᠵᠡᠭᠦᠯᠬᠦ | ᠲᠣᠰᠬᠤᠨ ᠢ ᠡᠭᠦᠳᠦᠨ ᠪᠠᠶᠢᠭᠤᠯᠬᠤ ᠠᠵᠢᠯ ᠢ ᠤᠯᠠᠮ ᠴᠢᠨᠠᠭᠰᠢᠳᠠ ᠪᠠᠬᠢᠵᠢᠭᠦᠯᠵᠦ᠂ ᠢᠯᠡᠯᠡᠳᠡ᠂ ᠬᠤᠯᠪᠤᠭ᠎ᠠ 2 | ᠪᠠᠯᠭᠠᠰᠤ ᠪᠠ ᠰᠠᠨ ᠡᡁᠧ᠂ ᠰᠢ ᠺᠸᠦ ᠵᠡᠷᠭᠡ 20 ᠭᠠᠴᠠᠭ᠎ᠠ ᠲᠣᠰᠬᠤᠨ ᠨᠢ ᠤᠯᠤᠰ ᠤᠨ ᠳᠡᠰ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠠᠯᠭᠠᠰᠤ ᠪᠠᠷ ᠦᠨᠡᠯᠡᠭᠳᠡᠵᠦ᠂ ᠲᠦᠴᠢᠦᠸᠠᠨ | ᠰᠢᠶᠠᠨ ᠤ ᠱᠦᠢ ᠴᠢᠤᠸᠠᠨ ᠪᠠᠯᠭᠠᠰᠤ ᠶᠢᠨ ᠾᠧ ᠹᠠ ᠲᠣᠰᠬᠤᠨ ᠨᠢ ᠭᠤᠷᠪᠠᠳᠤᠭᠠᠷ ᠪᠦᠯᠦᠭ ᠤᠨ ᠪᠦᠬᠦ ᠤᠯᠤᠰ ᠤᠨ | ᠲᠣᠰᠬᠤᠨ ᠤ ᠳᠡᠰ ᠤᠨ ︽ᠪᠣᠯᠪᠠᠰᠤᠨ ᠰᠢᠶᠠᠩ ᠤᠨ ᠰᠤᠷᠲᠠᠯ ᠤᠨ ᠪᠠᠶᠢᠭᠤᠯᠤᠯᠲᠠ︾ ᠶᠢᠨ ᠨᠡᠶᠢᠲᠡᠯᠢᠭ ᠬᠡᠷᠡᠭ ᠤᠨ | ᠵᠢᠱᠢᠶ᠎ᠡ ᠪᠠᠷ ᠰᠣᠩᠭᠤᠭᠳᠠᠪᠠ᠃ ᠰᠠᠭᠤᠷᠢ ᠨᠥᠬᠦᠴᠡᠯ ᠠᠯᠬᠤᠮ ᠠᠯᠬᠤᠮ ᠢᠶᠠᠷ ᠰᠠᠶᠢᠵᠢᠷᠠᠪᠠ᠃ 182 ᠰᠠᠭᠤᠷᠢ | ᠪᠡᠯᠡᠳᠬᠡᠮᠵᠢ ᠶᠢᠨ ᠲᠥᠷᠥᠯ ᠵᠦᠢᠯ ᠢ ᠬᠡᠷᠡᠭᠵᠢᠭᠦᠯᠵᠦ᠂ 189.2 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠪᠡ᠃ ᠪᠠᠢ ᠴᠧᠩ ᠠᠴᠠ ᠷᠠᠰᠢᠶᠠᠨ ᠬᠦᠷᠬᠦ ᠱᠤᠭᠤᠮ ᠤᠨ ᠤᠯᠠᠭᠠᠨᠬᠤᠲᠠ ᠠᠴᠠ | ᠷᠠᠰᠢᠶᠠᠨ ᠬᠦᠷᠬᠦ ᠬᠡᠰᠡᠭ ᠤᠨ ᠠᠵᠢᠯᠯᠠᠭᠠᠨ ᠤ ᠮᠠᠰᠢᠨ ᠲᠡᠷᠭᠡ ᠶᠢᠨ ᠥᠭᠡᠷᠡᠴᠢᠯᠡᠯᠲᠡ ᠶᠢᠨ ᠲᠦᠷᠦᠯ ᠵᠦᠢᠯ ᠤᠨ | ᠰᠤᠳᠤᠯᠭᠠᠨ ᠤ ᠮᠡᠳᠡᠭᠦᠯᠦᠯᠲᠡ ᠶᠢ ᠤᠳᠠᠯ ᠦᠭᠡᠢ ᠤᠯᠤᠰ ᠤᠨ ᠲᠡᠮᠤᠷ ᠵᠠᠮ ᠤᠨ ᠪᠦᠯᠦᠭᠯᠡᠯ ᠪᠣᠯᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ ᠶᠢ ᠤᠯᠬᠤ ᠪᠣᠯᠤᠨ᠎ᠠ︔ G331 ᠯᠢᠩ | ᠳ᠋ᠢᠶᠠᠨ ᠠᠴᠠ ᠪᠤᠭᠳᠠ ᠠᠭᠤᠯᠠ ᠬᠦᠷᠬᠦ ᠬᠡᠰᠡᠭ ᠤᠨ ᠵᠠᠰᠠᠮᠠᠯ ᠵᠠᠮ᠂ S203 ᠱᠤᠭᠤᠮ ᠤᠨ ᠷᠠᠰᠢᠶᠠᠨ ᠠᠴᠠ | ᠤᠯᠠᠭᠠᠨᠬᠤᠳᠠ ᠬᠦᠷᠬᠦ ᠬᠡᠰᠡᠭ ᠤᠨ ᠵᠠᠰᠠᠮᠠᠯ ᠵᠠᠮ᠂ S309 ᠱᠤᠭᠤᠮ ᠤᠨ ᠷᠠᠰᠢᠶᠠᠨ ᠠᠴᠠ ᠲᠦᠴᠢᠤᠸᠠᠨ ᠬᠦᠷᠬᠦ | ᠬᠡᠰᠡᠭ ᠤᠨ ᠵᠠᠰᠠᠮᠠᠯ ᠵᠠᠮ ᠲᠡᠷᠭᠡ ᠨᠡᠪᠲᠡᠷᠡᠵᠦ᠂ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠤᠯᠤᠰ ᠤᠨ ᠪᠠ | ᠮᠤᠵᠢ ᠶᠢᠨ ᠭᠤᠣᠯ ᠱᠤᠭᠤᠮ ᠤᠨ ᠵᠠᠰᠠᠮᠠᠯ ᠵᠠᠮ ᠢ 324 ᠺᠢᠯᠣᠮᠧᠲᠷ ᠰᠢᠨ᠎ᠡ ᠪᠠᠷ ᠨᠡᠮᠡᠭᠳᠡᠭᠦᠯᠵᠦ᠂ ᠬᠥᠳᠡᠭᠡ | ᠲᠣᠰᠬᠤᠨ ᠤ ᠵᠠᠰᠠᠮᠠᠯ ᠵᠠᠮ ᠢ 152 ᠺᠢᠯᠣᠮᠧᠲᠷ ᠰᠢᠨ᠎ᠡ ᠪᠠᠷ ᠨᠡᠮᠡᠭᠳᠡᠭᠦᠯᠪᠡ︔ ᠲᠦᠴᠢᠦᠸᠠᠨ ᠰᠢᠶᠠᠨ ᠪᠣᠯᠤᠨ | ᠵᠠᠯᠠᠶᠢᠳ ᠬᠤᠰᠢᠭᠤᠨ ᠤ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠠᠩᠬᠠᠨ ᠤ ᠠᠶᠠᠯᠠᠯ ᠢ ᠪᠠᠶᠢᠭᠤᠯᠵᠤ | ᠳᠠᠭᠤᠰᠬᠠᠪᠠ︔ ᠴᠤᠤᠯ ᠭᠤᠣᠯ ᠤᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ᠂ ᠬᠤᠣᠯᠢᠨ | ᠭᠤᠣᠯ ᠤᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠪᠡ︔ | ᠮᠧᠩ ᠨᠧᠩ ᠪᠠᠷᠠᠭᠤᠨ ᠳᠤᠮᠳᠠ 500 ᠺᠢᠯᠤᠸᠤᠯᠲ ᠤᠨ ᠢᠨᠵᠧᠨᠧᠷᠢᠩ ᠢ ᠪᠥᠬᠦ ᠱᠤᠭᠤᠮ ᠢᠶᠠᠷ ᠨᠡᠪᠲᠡᠷᠡᠭᠦᠯᠪᠡ᠃ | ᠲᠠᠪᠤ ᠳᠤ᠂ ᠰᠡᠳᠬᠢᠯ ᠲᠠᠯᠪᠢᠵᠤ ᠰᠡᠳᠬᠢᠯᠭᠡ ᠪᠠᠨ ᠬᠡᠷᠡᠭᠯᠡᠬᠦ ᠶᠢ ᠪᠠᠷᠢᠮᠲᠠᠯᠠᠵᠤ᠂ ᠨᠠᠭᠠᠳᠤ ᠵᠠᠬ᠎ᠠ ᠶᠢᠨ ᠬᠤᠷᠢᠭ᠎ᠠ | ᠱᠤᠭᠤᠮ ᠢ ᠪᠠᠲᠤ ᠰᠠᠬᠢᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠪᠡ᠃ | ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ ᠨᠡᠶᠢᠭᠡᠮ ᠤᠨ ᠳᠠᠭᠠᠳᠬᠠᠯ ᠤᠨ ︽ | ᠬᠤᠶᠢᠰᠢᠯᠠᠭᠤᠯᠬᠤ᠂ ᠪᠤᠴᠠᠭᠠᠬᠤ᠂ ᠪᠠᠭᠤᠷᠠᠭᠤᠯᠬᠤ᠂ ᠨᠥᠬᠦᠪᠥᠷᠢᠯᠡᠬᠦ︾ ᠵᠡᠷᠭᠡ ᠠᠵᠤ ᠠᠬᠤᠶᠢᠯᠠᠯ ᠢ ᠳᠡᠮᠵᠢᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠬᠢᠩᠭᠠᠨ | ᠲᠦᠷ ᠬᠦᠳᠡᠯᠮᠦᠷᠢᠯᠡᠬᠦ ᠠᠵᠤ ᠦᠢᠯᠡᠳᠪᠦᠷᠢ ᠶᠢᠨ ᠵᠠᠬ᠎ᠠ ᠳᠡᠯᠭᠡᠭᠦᠷ︾ ᠢ ᠪᠤᠶᠢᠵᠢᠭᠤᠯᠬᠤ᠂ ︽ᠬᠢᠩᠭᠠᠨ ᠠᠳᠠᠯ | ᠦᠢᠯᠡᠰ ᠴᠣᠭᠴᠠᠯᠠᠬᠤ ᠬᠦᠷᠢᠶᠡᠯᠡᠩ︾ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ | ᠠᠷᠠᠳ ᠲᠤ ᠲᠥᠬᠦᠮ ᠦᠵᠡᠭᠦᠯᠵᠦ ᠠᠵᠢᠯ ᠣᠯᠭᠤᠬᠤ ᠵᠠᠬ᠎ᠠ ᠳᠡᠯᠭᠡᠭᠦᠷ ᠢ ᠰᠢᠨ᠎ᠡ ᠪᠠᠷ 15 ᠨᠡᠮᠡᠭᠳᠡᠭᠦᠯᠵᠦ᠂ | ᠰᠢᠨ᠎ᠡ ᠪᠠᠷ ᠪᠤᠶᠢᠵᠢᠭᠤᠯᠤᠭᠰᠠᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ᠂ ᠨᠡᠪᠴᠢᠭᠦᠯᠬᠦ ᠰᠠᠭᠤᠷᠢᠨ | ᠭᠠᠵᠠᠷ ᠢ 9᠂ 279 ᠠᠵᠤ ᠠᠬᠤᠶᠢᠯᠠᠯ ᠳᠤ ᠣᠷᠣᠵᠤ ᠰᠠᠭᠤᠪᠠ᠃ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ | ᠠᠵᠢᠯ ᠢ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠤᠨ ᠲᠡᠦᠬᠡᠨ ᠦᠯᠡᠳᠡᠭᠳᠡᠯ ᠠᠰᠠᠭᠤᠳᠠᠯ ᠢ ᠲᠣᠬᠢᠲᠠᠶ | ᠰᠢᠢᠳᠪᠦᠷᠢᠯᠡᠪᠡ᠃ ᠪᠥᠬᠦ ᠠᠶᠢᠮᠠᠭ ᠤᠨ ᠠᠵᠢᠯ ᠣᠯᠭᠤᠯᠲᠠ ᠶᠢᠨ ᠠᠵᠢᠯ ᠤᠨ 5 ᠵᠦᠢᠯ ᠤᠨ ᠭᠤᠤᠯ ᠭᠦᠢᠴᠡᠳᠭᠡᠯ | ᠲᠤᠭ᠎ᠠ ᠶᠢ ᠴᠥᠮ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ | ᠠᠯᠬᠤᠮ ᠠᠯᠬᠤᠮ ᠢᠶᠠᠷ ᠰᠢ ᠠᠨ ᠤ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠲᠠᠢ ᠬᠠᠮᠲᠤᠷᠠᠨ | ᠬᠤᠲᠠ ᠪᠠᠯᠭᠠᠰᠤᠨ ᠤ ᠪᠣᠳᠠᠲᠠᠶ ᠬᠦᠴᠢᠷᠳᠡᠯ ᠲᠠᠢ ᠬᠥᠮᠦᠰ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ | ᠨᠡᠭᠡᠭᠡᠨ ᠬᠥᠭᠵᠢᠭᠦᠯᠵᠦ᠂ ᠣᠷᠣᠯᠭ᠎ᠠ ᠪᠠᠭᠠᠲᠠᠶ ᠬᠥᠮᠦᠨ ᠠᠮᠠ ᠶᠢ ᠬᠥᠳᠡᠯᠦᠩᠭᠦᠶ ᠪᠠᠷ ᠬᠢᠨᠠᠨ ᠬᠡᠮᠵᠢᠬᠦ ᠪᠠ ᠠᠪᠤᠷᠠᠨ | ᠲᠤᠰᠠᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠤᠲᠠ | ᠪᠠᠯᠭᠠᠰᠤᠨ ᠤ ᠬᠥᠮᠦᠨ ᠪᠦᠷᠢ ᠰᠠᠷ᠎ᠠ ᠳᠤ 770 ᠲᠥᠭᠦᠷᠢᠭ ᠲᠤ ᠬᠦᠷᠭᠡᠵᠦ᠂ 4% ᠪᠠᠷ ᠨᠡᠮᠡᠭᠳᠡᠭᠦᠯᠵᠦ᠂ ᠬᠥᠳᠡᠭᠡ | ᠲᠣᠰᠬᠤᠨ ᠤ ᠬᠥᠮᠦᠨ ᠪᠦᠷᠢ ᠵᠢᠯ ᠳᠤ 6031 ᠲᠥᠭᠦᠷᠢᠭ ᠲᠤ ᠬᠦᠷᠭᠡᠵᠦ᠂ 10% ᠪᠠᠷ ᠨᠡᠮᠡᠭᠳᠡᠭᠦᠯᠦᠨ᠎ᠡ᠃ | ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠠᠬᠢᠭᠤᠯᠵᠤ᠂ | ᠨᠠᠰᠤᠵᠢᠯ ᠤᠨ ᠠᠰᠠᠷᠠᠮᠵᠢ ᠶᠢᠨ ᠮᠥᠩᠭᠦ ᠶᠢ ︽ᠠᠷᠪᠠᠨ ᠨᠠᠢᠮᠠᠨ ᠵᠢᠯ ᠳᠠᠷᠠᠭᠠᠯᠠᠨ ᠨᠡᠮᠡᠭᠳᠡᠭᠦᠯᠬᠦ︾ ᠶᠢ ᠪᠡᠶᠡᠯᠡᠭᠦᠯᠵᠦ᠂ | ᠪᠠᠶᠢᠩᠭᠤ ᠰᠠᠭᠤᠭ᠎ᠠ ᠬᠥᠮᠦᠨ ᠠᠮᠠ ᠶᠢᠨ ᠳᠠᠭᠠᠳᠬᠠᠯ ᠳᠤ ᠣᠷᠣᠯᠴᠠᠭᠰᠠᠨ ᠪᠦᠷᠬᠦᠴᠡ ᠶᠢᠨ ᠨᠣᠷᠮ᠎ᠠ 94.86% | ᠬᠦᠷᠴᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠦᠷᠬᠦᠴᠡ ᠶᠢᠨ ᠨᠣᠷᠮ᠎ᠠ 98.2% ᠬᠦᠷᠴᠦ᠂ ᠪᠥᠬᠦ | ᠣᠷᠣᠨ ᠳᠤ ᠭᠤᠷᠪᠠᠳᠤᠭᠠᠷ ᠲᠤ ᠵᠢᠭᠰᠠᠭᠠᠭᠳᠠᠪᠠ᠃ ︽ᠨᠢᠭᠡ ᠨᠠᠰᠤᠲᠠᠨ ᠨᠢᠭᠡ ᠪᠠᠭ᠎ᠠ︾ ᠶᠢᠨ ᠦᠢᠯᠡᠴᠢᠯᠡᠭᠡᠨ ᠤ | ᠬᠠᠩᠭᠠᠯᠭ᠎ᠠ ᠶᠢ ᠨᠡᠮᠡᠭᠳᠡᠭᠦᠯᠵᠦ᠂ ᠠᠶᠢᠮᠠᠭ ᠤᠨ ᠶᠡᠷᠦᠩᠬᠡᠶᠢᠯᠡᠭᠰᠡᠨ ᠠᠰᠠᠷᠠᠮᠵᠢ ᠶᠢᠨ ᠬᠦᠷᠢᠶᠡᠯᠡᠩ ᠲᠣᠭᠤᠷᠢᠭ ᠢ | ᠪᠠᠶᠢᠭᠤᠯᠤᠨ ᠪᠠᠯᠠ ᠣᠷᠣᠭᠤᠯᠤᠨ ᠬᠡᠷᠡᠭᠯᠡᠵᠦ᠂ ᠵᠡᠭᠡᠯᠢ ᠭᠤᠳᠤᠮᠵᠢ ᠶᠢᠨ ᠶᠡᠷᠦᠩᠬᠡᠶᠢᠯᠡᠭᠰᠡᠨ ᠨᠠᠰᠤᠵᠢᠯ ᠤᠨ | ᠦᠢᠯᠡᠴᠢᠯᠡᠭᠡᠨ ᠤ ᠲᠥᠪ ᠢ 15 ᠪᠠᠶᠢᠭᠤᠯᠵᠤ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ | ᠥᠷᠲᠡᠭᠡ ᠶᠢ 32 ᠪᠠᠶᠢᠭᠤᠯᠵᠤ᠂ ᠮᠢᠩᠭᠠᠨ ᠬᠥᠮᠦᠨ ᠪᠦᠷᠢ ᠳᠤ 3 ᠨᠢᠯᠬ᠎ᠠ ᠬᠡᠤᠬᠡᠳ ᠤᠨ ᠣᠷᠣᠨ ᠪᠠᠶᠢᠷᠢ | ᠨᠣᠭᠳᠠᠭᠤᠯᠵᠤ᠂ ᠪᠥᠬᠦ ᠣᠷᠣᠨ ᠤ ᠳᠤᠮᠳᠠᠴᠢ ᠬᠢᠷᠢ ᠬᠡᠮᠵᠢᠶ᠎ᠡ ᠶᠢᠨ 2.5 ᠳᠠᠬᠢᠨ ᠪᠣᠯᠭᠠᠪᠠ᠃ ᠨᠡᠶᠢᠭᠡᠮ ᠤᠨ ᠦᠢᠯᠡᠰ | ᠯᠠᠪᠳᠠᠭᠤᠨ ᠢᠶᠠᠷ ᠬᠥᠭᠵᠢᠪᠡ᠃ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢ | ᠠᠬᠢᠭᠤᠯᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ | ᠰᠠᠶᠢᠵᠢᠷᠠᠭᠤᠯᠬᠤ ᠪᠠᠷ 9.2 ᠳ᠋ᠦᠩᠰᠢᠭᠤᠷ ᠲᠥᠭᠦᠷᠢᠭ ᠴᠢᠷᠮᠠᠶᠢᠵᠤ᠂ 22.8 ᠲᠦᠮᠡᠨ ᠬᠥᠮᠦᠨ ᠤᠳᠠᠭ᠎ᠠ ᠶᠢᠨ | ᠬᠦᠴᠢᠷᠳᠡᠯᠲᠡᠶ ᠰᠤᠷᠤᠭᠴᠢᠳ ᠢ 2.5 ᠳ᠋ᠦᠩᠰᠢᠭᠤᠷ ᠲᠥᠭᠦᠷᠢᠭ ᠢᠶᠠᠷ ᠳᠡᠮᠵᠢᠨ ᠲᠤᠰᠠᠯᠠᠵᠤ᠂ ᠲᠦᠭᠡᠮᠡᠯ | ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ 138 ᠪᠠᠶᠢᠭᠰᠠᠨ ᠠᠴᠠ 153 | ᠪᠣᠯᠭᠠᠨ ᠨᠡᠮᠡᠭᠳᠡᠭᠦᠯᠵᠦ᠂ ᠴᠡᠴᠡᠷᠯᠢᠭ ᠲᠤ ᠪᠠᠶᠢᠭ᠎ᠠ ᠬᠡᠤᠬᠡᠳ ᠤᠨ ᠡᠵᠡᠯᠡᠬᠦ ᠬᠠᠷᠢᠴᠠᠯ ᠢ 84.4% ᠳᠤ ᠬᠦᠷᠦᠭᠦᠯᠵᠦ | ᠂ ᠲᠠᠪᠤᠨ ᠬᠥᠮᠦᠵᠢᠯ ᠪᠠ ︽ᠬᠤᠶᠠᠷ ᠢ ᠪᠠᠭᠠᠰᠬᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠢᠴᠢᠶᠡᠯ ᠤᠨ | ᠳᠠᠷᠠᠭᠠᠬᠢ ᠦᠢᠯᠡᠴᠢᠯᠡᠭᠡᠨ ᠤ ᠵᠠᠷᠤᠳᠠᠯ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠂ 181 ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠴᠥᠮ ᠬᠢᠴᠢᠶᠡᠯ ᠤᠨ ᠳᠠᠷᠠᠭᠠᠬᠢ | ᠦᠢᠯᠡᠴᠢᠯᠡᠭᠡᠨ ᠢ ᠥᠷᠨᠢᠭᠦᠯᠦᠨ᠎ᠡ᠃ ᠳᠤᠮᠳᠠᠳᠤ ᠰᠤᠷᠭᠠᠭᠤᠯᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠬᠢᠩᠭᠠᠨ ᠤ ᠠᠵᠢᠯ ᠮᠡᠷᠭᠡᠵᠢᠯ ᠤᠨ ᠶᠡᠭᠡ ᠰᠤᠷᠭᠠᠭᠤᠯᠢ ᠶᠢ | ᠡᠷᠬᠢᠯᠡᠬᠦ ᠪᠠᠷ ᠭᠤᠶᠤᠴᠢᠯᠠᠬᠤ ᠠᠵᠢᠯ ᠯᠠᠪᠳᠠᠭᠤᠨ ᠢᠶᠠᠷ ᠠᠬᠢᠪᠠ᠃ ᠡᠩᠭᠡ ᠬᠢᠩᠭᠠᠨ ᠤ ᠪᠦᠳᠦᠬᠡᠡ ᠪᠠᠶᠢᠭᠤᠯᠤᠯᠲᠠ ᠶᠢ | ᠪᠦᠬᠦ ᠲᠠᠯ᠎ᠠ ᠪᠠᠷ ᠠᠬᠢᠭᠤᠯᠵᠤ᠂ ᠬᠢᠲᠠᠳ ᠮᠣᠩᠭᠤᠯ ᠡᠮᠨᠡᠯᠭᠡ ᠶᠢᠨ ᠣᠷᠳᠣᠨ ᠢ 103 ᠪᠠᠶᠢᠭᠤᠯᠵᠤ᠂ ᠠᠶᠢᠮᠠᠭ | ᠮᠣᠩᠭᠤᠯ ᠡᠮᠨᠡᠯᠭᠡ ᠶᠢᠨ ᠬᠤᠷᠢᠶ᠎ᠠ ᠶᠢ ᠤᠯᠤᠰ ᠤᠨ ᠬᠢᠲᠠᠳ ᠡᠮᠨᠡᠯᠭᠡ ᠶᠢᠨ ᠤᠨᠴᠠᠯᠢᠭᠳᠤ ᠭᠤᠣᠯᠳᠠᠯᠭ᠎ᠠ ᠲᠠᠢ | ᠡᠮᠨᠡᠯᠭᠡ ᠶᠢᠨ ᠬᠤᠷᠢᠶ᠎ᠠ ᠶᠢᠨ ᠪᠦᠳᠦᠬᠡᠡ ᠪᠠᠶᠢᠭᠤᠯᠤᠯᠲᠠ ᠶᠢᠨ ᠳᠦᠷᠦᠯ ᠵᠦᠢᠯ ᠳᠤ ᠣᠷᠣᠭᠤᠯᠵᠤ᠂ ᠤᠯᠠᠭᠠᠨᠬᠤᠲᠠ᠂ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠤᠷᠢᠳ ᠬᠤᠵᠢᠳ ᠤᠯᠤᠰ ᠤᠨ ᠡᠷᠡᠭᠦᠯ ᠬᠠᠮᠠᠭᠠᠯᠠᠯ ᠤᠨ ᠬᠤᠳᠠ | ︵ᠰᠢᠶᠠᠨ ᠤ ᠬᠤᠳᠠ︶ ᠶᠢᠨ ᠢᠷᠠᠭᠤ ᠠᠯᠳᠠᠷ ᠢ ᠬᠦᠷᠳᠡᠵᠡᠢ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠯᠠᠭᠠᠨᠮᠥ᠋ᠴᠢᠷ ᠨᠢ ᠪᠥᠬᠦ ᠣᠷᠣᠨ ᠤ ᠤᠯᠠᠭᠠᠨᠮᠥ᠋ᠴᠢᠷ ᠤᠨ | ᠤᠷᠠᠯᠢᠭ ᠤᠨ ᠨᠠᠶᠢᠷ ᠤᠨ ᠪᠦᠯᠬᠦᠮ ᠤᠨ ᠠᠯᠲᠠᠨ ᠮᠧᠳᠠᠯ ᠢ ᠭᠥᠷᠳᠡᠵᠦ᠂ ᠪᠥᠬᠦ ᠠᠶᠢᠮᠠᠭ ᠤᠨ 56 ᠰᠢᠶᠠᠩ ᠪᠠᠯᠭᠠᠰᠤ | ︵ᠰᠤᠮᠤ︶ ᠶᠢᠨ ᠶᠡᠷᠦᠩᠬᠡᠶᠢᠯᠡᠭᠰᠡᠨ ᠰᠣᠶᠣᠯ ᠤᠨ ᠥᠷᠲᠡᠭᠡ ᠨᠢ ᠪᠠᠷᠢᠮᠵᠢᠶ᠎ᠠ ᠳᠤ ᠬᠦᠷᠴᠦ᠂ ᠪᠣᠶ ᠪᠥᠬᠦᠶ ᠭᠠᠴᠠᠭ᠎ᠠ | ᠲᠣᠰᠬᠤᠨ ᠳᠤ ᠴᠥᠮ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠲᠠᠢ | ᠪᠣᠯᠵᠣ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠨᠠᠩ ᠲᠡᠭᠦᠯᠳᠡᠷ᠂ ᠨᠠᠩ | ᠪᠠᠲᠤᠯᠠᠭ᠎ᠠ ᠲᠠᠢ᠂ ᠨᠠᠩ ᠦᠷᠭᠦᠯᠵᠢᠯᠡᠬᠦ᠋ᠢᠴᠡ ᠪᠣᠯᠭᠠᠪᠠ᠃ | ᠵᠢᠷᠭᠤᠭ᠎ᠠ ᠳᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ᠂ ᠨᠡᠶᠢᠭᠡᠮ ᠤᠨ ᠶᠡᠭᠡ ᠲᠠᠯ᠎ᠠ ᠶᠢ | ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠬᠤ ᠶᠢ ᠪᠠᠷᠢᠮᠲᠠᠯᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢ ᠬᠦᠴᠦᠲᠡᠶ ᠪᠥᠭᠡᠳ ᠪᠦᠲᠦᠮᠵᠢᠲᠡᠶ ᠬᠢᠪᠡ᠃ ᠶᠡᠭᠡ ᠤᠯᠠᠭᠠᠨᠬᠤᠲᠠ ᠭᠠᠵᠠᠷ ᠣᠷᠣᠨ᠂ ᠵᠠᠯᠠᠶᠢᠳ ᠬᠤᠰᠢᠭᠤ᠂ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠲᠦᠴᠢᠦᠸᠠᠨ ᠰᠢᠶᠠᠨ ᠤ ᠭᠡᠨᠡᠳᠲᠡ ᠶᠢᠨ ᠬᠢᠵᠢᠭ ᠤᠨ | ᠪᠠᠶᠢᠳᠠᠯ ᠢ ᠲᠦᠷᠭᠡᠨ ᠲᠦᠷᠢᠮ ᠢᠶᠠᠷ ᠲᠣᠬᠢᠲᠠᠶ ᠰᠢᠢᠳᠪᠦᠷᠢᠯᠡᠵᠦ᠂ ᠬᠥᠬᠡᠬᠤᠲᠠ ᠳᠤ ᠰᠠᠭᠤᠭ᠎ᠠ ᠳᠡᠭᠡᠳᠦ | ᠰᠤᠷᠭᠠᠭᠤᠯᠢ ᠶᠢᠨ ᠨᠤᠲᠤᠭ ᠲᠠᠭᠠᠨ ᠪᠤᠴᠠᠭᠰᠠᠨ ᠰᠣᠷᠣᠭᠴᠢ ᠶᠢ 1.5 ᠲᠦᠮᠡ ᠰᠢᠯᠵᠢᠭᠦᠯᠦᠨ ᠵᠥᠭᠡᠭᠡᠪᠦᠷᠢᠯᠡᠵᠦ᠂ | ᠡᠮᠴᠢᠯᠡᠭᠡᠨ ᠤ ᠡᠩᠨᠡᠭᠡ ᠶᠢ 10 ᠪᠦᠯᠦᠭ ᠤᠳᠠᠭ᠎ᠠ ᠲᠣᠮᠢᠯᠠᠵᠤ᠂ ᠡᠮᠴᠢ ᠰᠤᠪᠢᠯᠠᠭᠴᠢ ᠶᠢ 539 ᠬᠥᠮᠦᠨ ᠡᠷᠬᠢᠨ | ᠲᠣᠭᠤᠷᠢᠨ ᠤ ᠠᠶᠢᠮᠠᠭ ᠬᠤᠲᠠ ᠭᠠᠵᠠᠷ ᠣᠷᠣᠨ ᠳᠤ ᠲᠤᠰᠠᠯᠠᠭᠤᠯᠪᠠ᠃ ᠦᠨᠳᠦᠰᠦᠲᠡᠨ ᠤ ᠪᠦᠯᠬᠦᠮᠳᠡᠯ ᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ ︽ᠠᠨᠠᠷ ᠤᠨ ᠦᠷ᠎ᠡ ᠰᠡᠳᠬᠢᠯ ᠢᠶᠠᠨ ᠨᠢᠭᠡᠳᠬᠡᠨ | ᠬᠦᠰᠡᠯ ᠵᠡᠭᠦᠳᠦ ᠪᠠᠨ ᠲᠡᠷᠭᠡᠯᠰᠢᠭᠦᠯᠬᠦ︾ ᠲᠠᠪᠤᠨ ᠭᠤᠤᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠦᠢᠯᠡᠳᠦᠯᠭᠡ ᠶᠢᠨ ᠰᠢᠨ᠎ᠡ ᠶᠢ ᠡᠭᠦᠳᠬᠦ | ᠰᠠᠭᠤᠷᠢᠨ ᠭᠠᠵᠠᠷ 23᠂ ᠰᠤᠷᠭᠠᠨ ᠬᠥᠮᠦᠵᠢᠯ ᠤᠨ ᠰᠠᠭᠤᠷᠢᠨ ᠭᠠᠵᠠᠷ 10 ᠶᠢ ᠴᠣᠭᠴᠠᠯᠠᠨ ᠪᠠᠶᠢᠭᠤᠯᠵᠤ᠂ ᠪᠥᠬᠦ | ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠣᠭᠴᠠᠯᠠᠨ | ᠪᠠᠶᠢᠭᠤᠯᠬᠤ ᠠᠵᠢᠯ ᠤᠨ ᠲᠤᠬᠠᠶ ᠶᠢᠨ ᠲᠠᠯᠠᠪᠤᠷ ᠤᠨ ᠰᠣᠯᠢᠯᠴᠠᠭᠠᠨ ᠤ ᠬᠤᠷᠠᠯ ᠢ ᠠᠮᠵᠢᠯᠲᠠ ᠲᠠᠢ ᠳᠠᠭᠠᠭᠠᠨ ᠡᠷᠭᠢᠯᠡᠪᠡ | ᠃ ᠠᠮᠤᠷ ᠲᠦᠪᠰᠢᠨ ᠤ ᠪᠠᠶᠢᠳᠠᠯ ᠲᠣᠭᠲᠠᠭᠤᠨ ᠢᠶᠠᠷ ᠰᠠᠶᠢᠵᠢᠷᠠᠪᠠ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ | ᠲᠦᠭᠰᠢᠭᠦᠷᠢ ᠶᠢ ᠢᠳᠡᠪᠬᠢᠲᠡᠶ ᠪᠠᠷ ᠰᠡᠷᠭᠡᠶᠢᠯᠡᠨ ᠠᠷᠢᠯᠭᠠᠵᠤ᠂ ᠵᠠᠰᠠᠭ ᠤᠨ ᠣᠷᠳᠣᠨ ᠤ ᠣᠨ ᠤ ᠳᠠᠯᠳᠠ ᠥᠭᠴᠡᠭᠡ ᠶᠢ | ᠠᠷᠢᠯᠭᠠᠬᠤ ᠡᠭᠦᠷᠭᠡ ᠶᠢ ᠪᠡᠶᠡᠯᠡᠭᠦᠯᠦᠨ᠎ᠡ᠃ ᠨᠠᠮ ᠤᠨ ᠬᠤᠷᠢᠳᠤᠭᠠᠷ ᠶᠡᠭᠡ ᠬᠤᠷᠠᠯ᠂ ᠪᠦᠬᠦ ᠤᠯᠤᠰ ᠤᠨ ︽ᠬᠤᠶᠠᠷ | ᠬᠤᠷᠠᠯ︾᠂ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠵᠡᠷᠭᠡ ᠴᠢᠬᠤᠯᠠ ᠴᠠᠭ ᠬᠤᠭᠤᠴᠠᠭᠠᠨ ᠤ | ᠵᠠᠩᠭᠢᠯᠠᠭ᠎ᠠ ᠶᠢᠨ ᠴᠡᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠵᠦ᠂ ︽ᠨᠠᠢᠮᠠᠨ ᠲᠦᠷᠦᠯ︾ ᠤᠨ ᠭᠤᠣᠯ ᠪᠣᠯᠬᠤ ᠡᠷᠡᠭᠦᠦ ᠶᠢᠨ ᠬᠡᠷᠡᠭ ᠠᠳᠠᠯᠢ | ᠬᠤᠭᠤᠴᠠᠭᠠᠨ ᠤ ᠬᠢ ᠠᠴᠠ 21% ᠪᠠᠷ ᠪᠠᠭᠤᠷᠠᠵᠤ᠂ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠭᠠᠷᠤᠭᠰᠠᠨ | ᠲᠤᠭ᠎ᠠ ᠪᠠ ᠦᠬᠦᠭᠰᠡᠨ ᠬᠥᠮᠦᠨ ᠤ ᠲᠤᠭ᠎ᠠ ︽ᠬᠤᠣᠰ ᠪᠠᠭᠤᠷᠠᠯᠲᠠ︾ ᠶᠢ ᠪᠡᠶᠡᠯᠡᠭᠦᠯᠵᠦ᠂ ᠢᠳᠡᠭᠡᠨ ᠤ ᠵᠦᠢᠯ | ᠡᠮ ᠤᠨ ᠵᠦᠢᠯ ᠤᠨ ᠠᠶᠤᠯᠭᠦᠶ ᠶᠢᠨ ᠴᠢᠬᠤᠯᠠ ᠶᠡᠭᠡ ᠬᠡᠷᠡᠭ ᠭᠠᠷᠤᠭᠰᠠᠨ ᠦᠭᠡᠢ᠂ ᠨᠡᠶᠢᠭᠡᠮ ᠤᠨ ᠠᠮᠤᠷ ᠲᠣᠭᠲᠠᠭᠤᠨ | ᠡᠮᠬᠢ ᠵᠢᠷᠤᠮ ᠲᠠᠢ ᠪᠠᠶᠢᠳᠠᠯ ᠦᠷᠭᠦᠯᠵᠢᠯᠡᠨ ᠪᠠᠬᠢᠵᠢᠪᠡ᠃ | ᠳᠡᠭᠡᠷ᠎ᠡ ᠳᠤᠷᠠᠳᠤᠭᠰᠠᠨ ᠠᠮᠵᠢᠯᠲᠠ ᠶᠢ ᠣᠯᠤᠭᠰᠠᠨ ᠤ ᠦᠨᠳᠦᠰᠦᠨ ᠰᠢᠯᠲᠠᠭᠠᠨ ᠨᠢ ᠠᠶᠢᠮᠠᠭ ᠤᠨ ᠨᠠᠮ ᠤᠨ | ᠬᠤᠷᠢᠶ᠎ᠠ ᠵᠥᠪ ᠴᠢᠭᠯᠡᠯ ᠢ ᠲᠣᠭᠲᠠᠭᠠᠵᠤ᠂ ᠪᠤᠳᠤᠯᠢᠶᠠᠨᠲᠠᠶ ᠪᠠᠶᠢᠳᠠᠯ ᠢ ᠡᠵᠡᠮᠳᠡᠭᠰᠡᠨ ᠳᠤ ᠪᠠᠶᠢᠨ᠎ᠠ᠂ ᠡᠨᠡ ᠨᠢ ᠡᠯ᠎ᠡ | ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠴᠥᠬᠦᠷᠡᠰᠢ ᠥᠬᠡᠶ ᠲᠡᠮᠡᠴᠡᠵᠦ᠂ ᠬᠦᠴᠢᠷ ᠪᠡᠷᠬᠡᠰᠢᠶᠡᠯ ᠢ ᠢᠯᠠᠨ | ᠳᠠᠪᠠᠭᠰᠠᠨ ᠤ ᠠᠴᠢ ᠪᠠᠷ ᠶᠤᠮ᠂ ᠡᠨᠡ ᠨᠢ ᠥᠷᠭᠡᠨ ᠣᠯᠠᠨ ᠠᠷᠠᠳ ᠲᠦᠮᠡᠨ ᠤ ᠪᠦᠯᠬᠦᠮᠳᠡᠨ ᠲᠡᠮᠡᠴᠡᠵᠦ᠂ ᠬᠦᠴᠦᠲᠡᠶ | ᠳᠡᠮᠵᠢᠭᠰᠡᠨ ᠠᠴᠠ ᠪᠣᠯᠤᠭᠰᠠᠨ ᠶᠤᠮ᠃ ᠠᠮᠵᠢᠯᠲᠠ ᠪᠠᠨ ᠳ᠋ᠦᠩᠨᠡᠬᠦ ᠶᠢᠨ ᠵᠡᠷᠭᠡᠴᠡᠭᠡᠪᠡᠷ ᠪᠢᠳᠡ ᠪᠠᠰᠠ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠵᠠᠷᠢᠮ ᠬᠦᠴᠢᠷᠳᠡᠯ ᠪᠠ ᠠᠰᠠᠭᠤᠳᠠᠯ ᠢ ᠰᠡᠷᠭᠡᠭ ᠢᠶᠠᠷ | ᠣᠯᠵᠤ ᠬᠠᠷᠠᠪᠠ᠃ ᠬᠥᠭᠵᠢᠯᠲᠡ ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠯᠡ | ᠲᠤᠪᠤᠶᠢᠮ᠎ᠠ ᠪᠠᠶᠢᠵᠤ᠂ ᠠᠵᠤ ᠠᠬᠤᠶ ᠶᠢᠨ ᠶᠡᠷᠦᠩᠬᠡᠶ ᠬᠡᠮᠵᠢᠶᠡᠨ ᠤ ᠲᠠᠯ᠎ᠠ ᠪᠠᠷ ᠬᠢ ᠳᠤᠲᠠᠭᠤᠳᠠᠯ ᠪᠠᠶᠢᠬᠤ ᠮᠥᠷᠲᠡᠭᠡᠨ | ᠪᠠᠰᠠ ᠠᠵᠤ ᠠᠬᠤᠶ ᠶᠢᠨ ᠪᠦᠲᠦᠴᠡ ᠶᠢᠨ ᠲᠠᠯ᠎ᠠ ᠪᠠᠷ ᠬᠢ ︽ᠳᠤᠲᠠᠭᠤᠳᠠᠯ︾ ᠪᠠᠶᠢᠨ᠎ᠠ᠂ ᠠᠵᠤ ᠠᠬᠤᠶ ᠶᠢ | ᠬᠥᠭᠵᠢᠭᠦᠯᠬᠦ ᠳᠤ ᠤᠤᠯ ᠤᠨ ᠠᠷᠭ᠎ᠠ ᠵᠠᠮ ᠤᠨ ᠲᠦᠰᠢᠭᠯᠡᠯ ᠠᠴᠠ ᠪᠠᠰᠠ ᠪᠦᠷᠢᠮᠦᠰᠦᠨ ᠠᠩᠭᠢᠵᠢᠷᠠᠵᠤ ᠴᠢᠳᠠᠭᠠᠳᠤᠶ | ᠪᠠᠶᠢᠭᠰᠠᠭᠠᠷ᠃ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠴᠢᠩᠭ᠎ᠠ | ᠪᠢᠰᠢ᠂ ᠲᠡᠰ ᠳᠠᠪᠬᠤᠷᠭ᠎ᠠ ᠥᠨᠳᠥᠷ ᠪᠢᠰᠢ ᠪᠠᠶᠢᠬᠤ ᠠᠰᠠᠭᠤᠳᠠᠯ ᠮᠥᠨᠬᠦ ᠲᠤᠪᠤᠶᠢᠮ᠎ᠠ ᠪᠠᠶᠢᠵᠤ᠂ ᠴᠢᠨᠠᠷ ᠰᠠᠶᠢᠲᠠᠢ | ᠲᠦᠷᠦᠯ ᠵᠦᠢᠯ ᠤᠨ ᠨᠥᠭᠡᠴᠡ ᠠᠷᠪᠢᠨ ᠪᠢᠰᠢ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠨ ᠳᠠᠶᠢᠴᠢᠯᠠᠬᠤ | ᠴᠢᠳᠠᠪᠤᠷᠢ ᠬᠦᠷᠦᠯᠴᠡᠬᠦ ᠦᠭᠡᠢ ᠪᠠᠶᠢᠵᠤ᠂ ᠬᠥᠭᠵᠢᠯᠲᠡ ᠶᠢᠨ ᠳᠤᠮᠳᠠᠬᠢ ᠪᠦᠲᠦᠴᠡ ᠶᠢᠨ ᠴᠢᠨᠠᠷᠲᠠᠢ ᠬᠡᠰᠡᠭ | ᠲᠠᠯ᠎ᠠ ᠶᠢᠨ ᠴᠢᠨᠠᠷᠲᠠᠢ ᠵᠥᠷᠢᠴᠡᠯ ᠪᠠᠰᠠ ᠦᠨᠳᠦᠰᠦᠨ ᠴᠢᠨᠠᠷᠲᠠᠢ ᠰᠠᠶᠢᠵᠢᠷᠠᠯᠲᠠ ᠲᠠᠢ ᠪᠣᠯᠤᠭᠠᠳᠤᠢ ᠪᠠᠶᠢᠭᠰᠠᠭᠠᠷ᠃ | ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠮᠥᠨ ᠯᠡ | ᠲᠤᠪᠤᠶᠢᠮ᠎ᠠ ᠣᠷᠣᠰᠢᠵᠤ᠂ ᠰᠠᠭᠤᠷᠢ ᠲᠥᠬᠦᠭᠡᠷᠦᠮᠵᠢ᠂ ᠰᠤᠷᠭᠠᠨ ᠬᠥᠮᠦᠵᠢᠯ ᠡᠮ ᠡᠮᠨᠡᠯᠭᠡ᠂ ᠰᠣᠶᠣᠯ ᠪᠡᠶ᠎ᠡ ᠶᠢᠨ | ᠲᠠᠮᠢᠷ ᠵᠡᠷᠭᠡ ᠬᠦᠷᠢᠶᠡᠨ ᠳᠤ ᠪᠠᠰᠠ ᠮᠠᠰᠢ ᠤᠯᠠᠨ ᠳᠤᠲᠠᠭᠤᠳᠠᠯ ᠪᠠ ᠪᠠᠭᠤᠷᠠᠶ ᠲᠠᠯ᠎ᠠ ᠣᠷᠣᠰᠢᠵᠤ ᠪᠠᠶᠢᠨ᠎ᠠ᠃ | ᠢᠯᠠᠩᠭᠤᠶ᠎ᠠ ᠬᠢᠵᠢᠭ ᠤᠨ ᠪᠠᠶᠢᠳᠠᠯ ᠤᠨ ᠨᠥᠯᠥᠭᠡ᠂ ᠳᠣᠲᠣᠭᠠᠳᠤ ᠭᠠᠳᠠᠭᠠᠳᠤ ᠶᠢᠨ ᠬᠦᠴᠦᠨ ᠵᠦᠢᠯ᠂ ᠣᠷᠳᠣ | ᠣᠬᠤᠷ ᠬᠤᠭᠤᠴᠠᠭᠠᠨ ᠤ ᠵᠥᠷᠢᠴᠡᠯ ᠤᠨ ᠬᠠᠮᠲᠤ ᠶᠢᠨ ᠦᠢᠯᠡᠳᠦᠯ ᠳᠣᠤᠷ᠎ᠠ᠂ ᠡᠨᠡ ᠵᠢᠯ ᠮᠠᠨ ᠤ ᠠᠶᠢᠮᠠᠭ ᠤᠨ | ᠦᠢᠯᠡᠳᠬᠦ ᠦᠢᠯᠡᠰ ᠤᠨ ᠡᠵᠡᠩᠨᠡᠯᠲᠡ ᠶᠢᠨ ᠥᠪᠡᠷ ᠤᠨ ᠥᠷᠲᠡᠭ ᠦᠷᠭᠦᠯᠵᠢᠯᠡᠨ ᠨᠡᠮᠡᠭᠳᠡᠵᠦ᠂ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠦᠷ᠎ᠡ ᠠᠰᠢᠭ ᠶᠡᠷᠦᠩᠬᠡᠶ ᠳᠡᠭᠡᠨ ᠪᠠᠭᠤᠷᠠᠵᠤ᠂ ᠦᠢᠯᠡᠴᠢᠯᠡᠭᠡᠨ ᠤ | ᠦᠢᠯᠡᠰ ᠥᠭᠡᠳᠡ ᠥᠬᠡᠶ ᠪᠠᠶᠢᠵᠤ᠂ ᠠᠵᠤ ᠠᠬᠤᠶ ᠶᠢᠨ ᠦᠨᠳᠦᠰᠦᠨ ᠦᠨ᠎ᠡ ᠶᠢ ᠲᠣᠭᠲᠠᠪᠤᠷᠢᠵᠢᠭᠤᠯᠬᠤ ᠡᠭᠦᠷᠭᠡ | ᠪᠠᠰᠠ ᠲᠦᠢᠯ ᠤᠨ ᠬᠠᠲᠠᠭᠤ ᠪᠡᠷᠬᠡ ᠪᠠᠶᠢᠨ᠎ᠠ᠃ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠪᠢᠳᠡ ᠵᠠᠳᠠᠯᠤᠨ | ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠨᠡᠩ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ | ᠬᠦᠴᠢᠷ ᠠᠰᠠᠭᠤᠳᠠᠯ ᠢ ᠨᠢᠭᠡᠳ ᠨᠢᠭᠡ ᠪᠠᠷ ᠰᠢᠢᠳᠪᠦᠷᠢᠯᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ | ᠲᠥᠪᠯᠡᠷᠡᠭᠦᠯᠵᠦ ᠪᠠᠶᠢᠭᠠᠳ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ | ᠬᠤᠶᠠᠷ᠂ 2023 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ | ᠢᠷᠡᠬᠦ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠤᠨ᠎ᠠ᠂ ᠡᠬᠢᠯᠡᠯᠲᠡ ᠨᠢ ᠯᠠᠪᠳᠠᠭᠤᠨ᠂ | ᠡᠬᠢᠯᠡᠯᠲᠡ ᠨᠢ ᠲᠦᠷᠭᠡᠨ ᠪᠠᠶᠢᠵᠤ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠰᠢᠨ᠎ᠡ ᠦᠷ᠎ᠡ ᠪᠦᠲᠦᠮᠵᠢ ᠤᠯᠬᠤ ᠬᠡᠷᠡᠭᠲᠡᠢ᠃ ᠠᠶᠢᠮᠠᠭ ᠤᠨ ᠨᠠᠮ ᠤᠨ ᠬᠤᠷᠢᠶ᠎ᠠ ᠶᠢᠨ | ᠠᠵᠤ ᠠᠬᠤᠶ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ ᠶᠣᠰᠣᠭᠠᠷ᠂ 2023 ᠣᠨ ᠤ ᠪᠥᠬᠦ ᠠᠶᠢᠮᠠᠭ ᠤᠨ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢ 20% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠢ 12% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ | ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠶᠢ 4.5% ᠣᠷᠴᠢᠮ ᠨᠡᠮᠡᠭᠳᠡᠭᠦᠯᠵᠦ᠂ ᠡᠩ ᠤᠨ ᠣᠯᠠᠨ | ᠨᠡᠶᠢᠲᠡ ᠶᠢᠨ ᠲᠥᠰᠦᠪ ᠤᠨ ᠣᠷᠣᠯᠭ᠎ᠠ ᠶᠢ 5% ᠣᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠤᠨ ᠳᠤ | 7000 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠪᠠ︔ ᠰᠠᠭᠤᠭᠠᠯᠢ ᠠᠷᠠᠳ ᠤᠨ ᠬᠡᠷᠡᠭᠯᠡᠭᠡᠨ ᠤ | ᠦᠨ᠎ᠡ ᠶᠢ 3% ᠣᠷᠴᠢᠮ ᠥᠰᠬᠡᠨ᠎ᠡ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ | ᠨᠡᠮᠡᠭᠳᠡᠯ ᠲᠠᠢ ᠦᠨᠳᠦᠰᠦᠨ ᠳᠡᠭᠡᠨ ᠠᠳᠠᠯᠢ ᠠᠯᠬᠤᠮ ᠲᠠᠢ ᠪᠠᠶᠢᠯᠭᠠᠵᠤ᠂ ᠨᠡᠮᠡᠭᠳᠡᠯ ᠤᠨ ᠬᠤᠷᠳᠤᠴᠠ ᠶᠢ ᠡᠨᠧᠷᠭᠢ ᠶᠢᠨ | ᠬᠤᠷᠣᠭᠳᠠᠭᠤᠯᠭ᠎ᠠ ᠶᠢᠨ ᠬᠦᠴᠦᠯᠡᠴᠡ ᠪᠣᠯᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠭᠦᠢᠴᠡᠳᠬᠡᠬᠦ ᠲᠤᠭ᠎ᠠ ᠶᠢ ᠥᠪᠡᠷᠲᠡᠭᠡᠨ ᠵᠠᠰᠠᠭ ᠣᠷᠣᠨ ᠤ ᠪᠠᠭᠤᠯᠭᠠᠭᠰᠠᠨ ᠬᠠᠷᠠᠯᠲᠠ ᠶᠢᠨ ᠡᠭᠦᠷᠭᠡ ᠶᠢᠨ | ᠶᠣᠰᠣᠭᠠᠷ ᠲᠣᠬᠢᠷᠠᠭᠤᠯᠤᠨ᠎ᠠ᠃ | ︵ᠨᠢᠭᠡ︶ ᠪᠠᠯᠠ ᠣᠷᠣᠭᠤᠯᠤᠯᠲᠠ ᠶᠢ ᠦᠷᠭᠦᠯᠵᠢᠯᠡᠨ ᠥᠷᠭᠡᠳᠬᠡᠨ ᠬᠡᠷᠡᠭᠯᠡᠭᠡ ᠶᠢ ᠠᠬᠢᠭᠤᠯᠵᠤ᠂ ᠠᠵᠤ | ᠠᠬᠤᠶ ᠶᠢᠨ ᠶᠠᠰᠤ ᠴᠢᠨᠠᠷ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠬᠦ᠂ ᠲᠣᠭᠲᠠᠭᠤᠨ ᠢᠶᠠᠷ ᠨᠡᠮᠡᠭᠳᠡᠭᠦᠯᠬᠦ ᠶᠢ | ᠬᠦᠴᠦᠯᠡᠨ ᠠᠬᠢᠭᠤᠯᠤᠨ᠎ᠠ᠃ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠳᠤ ᠦᠵᠡᠭᠦᠯᠬᠦ ᠪᠡᠯᠡ | ᠣᠷᠣᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠪᠣᠯᠤᠨ ᠬᠡᠷᠡᠭᠯᠡᠭᠡ ᠶᠢᠨ ᠠᠵᠤ ᠠᠬᠤᠢ ᠶᠢᠨ ᠬᠥᠭᠵᠢᠯᠲᠡ ᠳᠤ | ᠦᠵᠡᠭᠦᠯᠬᠦ ᠰᠠᠭᠤᠷᠢ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠠᠶᠤᠯ ᠲᠦᠭᠰᠢᠭᠦᠷᠢ | ᠥᠷᠢᠰᠥᠯᠳᠦᠭᠡᠨ ᠢ ᠪᠦᠲᠦᠮᠵᠢᠲᠡᠢ ᠠᠷᠭᠠᠴᠠᠵᠤ᠂ ᠨᠢᠭᠡᠳᠦᠭᠡᠷ ᠤᠯᠠᠷᠢᠯ ᠠᠴᠠ ᠡᠬᠢᠯᠡᠨ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠬᠥᠭᠵᠢᠯᠲᠡ ᠶᠢᠨ ᠬᠠᠨᠳᠤᠰᠢ ᠶᠢ ᠪᠠᠬᠢᠵᠢᠭᠦᠯᠦᠨ ᠥᠷᠭᠡᠳᠬᠡᠵᠦ᠂ ︽ᠰᠠᠶᠢᠨ ᠡᠬᠢᠯᠡᠯᠲᠡ︾᠂ | ︽ᠪᠦᠬᠦ ᠵᠢᠯ ᠳᠤ ᠲᠣᠭᠲᠠᠭᠤᠨ︾ ᠪᠠᠶᠢᠬᠤ ᠶᠢ ᠪᠠᠲᠤᠯᠠᠬᠤ ᠬᠡᠷᠡᠭᠲᠡᠢ᠃ | ᠨᠢᠭᠡ ᠳᠤ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠨᠡᠮᠡᠭᠳᠡᠭᠦᠯᠬᠦ ᠬᠡᠷᠡᠭᠲᠡᠶ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠴᠢᠩᠭ᠎ᠠ ᠠᠩᠬᠠᠷᠴᠤ᠂ ᠴᠢᠬᠤᠯᠠ ᠶᠡᠭᠡ ᠲᠥᠷᠥᠯ ᠵᠦᠢᠯ ᠤᠨ ᠤᠳᠤᠷᠢᠳᠤᠯᠭ᠎ᠠ ᠶᠢᠨ ᠳᠠᠭᠠᠭᠠᠴᠢᠯᠠᠨ | ᠬᠤᠯᠪᠣᠭᠠᠯᠠᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ︽ | ᠲᠣᠭᠲᠠᠭᠠᠵᠤ ᠬᠡᠷᠡᠭᠵᠢᠭᠦᠯᠬᠦ᠂ ᠪᠣᠳᠠᠲᠠᠶ ᠨᠠᠶᠢᠳᠠᠪᠤᠷᠢᠵᠢᠭᠤᠯᠬᠤ ᠪᠠᠷ ᠴᠢᠷᠮᠠᠶᠢᠬᠤ᠂ ᠨᠥᠭᠡᠴᠡᠯᠡᠬᠦ ᠪᠠᠷ ᠰᠦᠪᠡᠭᠴᠢᠯᠡᠬᠦ︾ | ᠭᠤᠷᠪᠠᠨ ᠨᠠᠷᠢᠨ ᠳᠠᠩᠰᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ︽ᠳᠥᠷᠪᠡᠨ ᠤᠯᠠᠷᠢᠯ ᠤᠨ ᠠᠵᠢᠯᠯᠠᠭ᠎ᠠ︾ ᠶᠢ ᠭᠦᠨᠵᠡᠭᠡᠶ ᠥᠷᠨᠢᠭᠦᠯᠵᠦ᠂ ᠲᠥᠪᠯᠡᠷᠡᠭᠦᠯᠦᠨ | ᠬᠢᠨᠠᠨ ᠵᠥᠪᠰᠢᠶᠡᠷᠡᠬᠦ ᠶᠢ ᠥᠨᠳᠥᠷ ᠪᠦᠲᠦᠮᠵᠢᠲᠡᠶ ᠪᠠᠷ ᠠᠬᠢᠭᠤᠯᠤᠨ᠂ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠳᠠᠬᠢ ᠡᠯ᠎ᠡ ᠲᠥᠷᠥᠯ ᠤᠨ ︽ᠬᠦᠴᠢᠷ ᠠᠰᠠᠭᠤᠳᠠᠯ᠂ ᠲᠦᠭᠵᠢᠷᠡᠯ ᠤᠨ ᠴᠡᠭ᠂ ᠬᠤᠷᠢᠭᠳᠠᠯ ᠤᠨ ᠴᠡᠭ | ︾ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ︽ᠨᠢᠭᠡ ᠪᠦᠯᠦᠭ ᠢ ᠠᠵᠢᠯ ᠡᠬᠢᠯᠡᠭᠦᠯᠪᠡᠯ ᠨᠢᠭᠡ ᠪᠦᠯᠦᠭ ᠢ | ᠨᠥᠭᠡᠴᠡᠯᠡᠵᠦ᠂ ᠨᠢᠭᠡ ᠪᠦᠯᠦᠭ ᠢ ᠰᠦᠪᠡᠭᠴᠢᠯᠡᠬᠦ︾ ᠦᠷᠭᠦᠯᠵᠢᠯᠡᠭᠰᠡᠨ ᠬᠥᠭᠵᠢᠯᠲᠡ ᠶᠢᠨ ᠪᠠᠶᠢᠷᠢᠰᠢᠯ ᠢ ᠪᠣᠶ | ᠪᠣᠯᠭᠠᠵᠤ᠂ ᠲᠥᠷᠥᠯ ᠵᠦᠢᠯ ᠳᠤ ᠲᠦᠰᠢᠭᠯᠡᠨ ᠪᠠᠯᠠ ᠣᠷᠣᠭᠤᠯᠤᠯᠲᠠ ᠶᠢ ᠳᠠᠶᠢᠴᠢᠯᠠᠵᠤ᠂ ᠪᠠᠯᠠ ᠣᠷᠣᠭᠤᠯᠤᠯᠲᠠ ᠳᠤ | ᠲᠦᠰᠢᠭᠯᠡᠨ ᠨᠡᠮᠡᠭᠳᠡᠯ ᠢ ᠳᠠᠶᠢᠴᠢᠯᠠᠵᠤ᠂ ᠨᠡᠮᠡᠭᠳᠡᠯ ᠤᠨ ᠬᠡᠮᠵᠢᠶ᠎ᠡ ᠳᠤ ᠲᠦᠰᠢᠭᠯᠡᠨ ᠪᠦᠲᠦᠴᠡ ᠶᠢ ᠳᠠᠶᠢᠴᠢᠯᠠᠨ᠎ᠠ᠃ | ᠬᠦᠴᠦᠯᠡᠨ ᠴᠢᠷᠮᠠᠶᠢᠵᠤ ᠪᠠᠶᠢᠭᠠᠳ ᠴᠢᠷᠮᠠᠶᠢᠨ ᠲᠡᠮᠡᠴᠡᠵᠦ ᠂ ᠳᠡᠭᠡᠳᠦ ᠱᠠᠲᠤᠨ ᠤ ᠲᠥᠰᠦᠪ ᠤᠨ ᠳᠣᠲᠣᠷᠠᠬᠢ ᠪᠡᠯᠡ | ᠣᠷᠣᠭᠤᠯᠤᠯᠲᠠ ᠶᠢᠨ ᠲᠦᠷᠦᠯ ᠵᠦᠢᠯ᠂ ᠡᠳ᠋ ᠤᠨ ᠵᠠᠰᠠᠭ ᠤᠨ ᠪᠡᠯᠡ ᠮᠥᠩᠭᠦ ᠶᠢᠨ ᠨᠥᠬᠦᠪᠥᠷᠢ ᠶᠢᠨ ᠲᠦᠷᠦᠯ ᠵᠦᠢᠯ | ᠪᠠ ᠵᠢᠭᠡᠯᠡᠯᠭᠡ ᠶᠢᠨ ᠲᠡᠮᠳᠡᠭᠲᠦ ᠶᠢᠨ ᠲᠦᠷᠦᠯ ᠵᠦᠢᠯ ᠢ ᠴᠢᠷᠮᠠᠶᠢᠨ ᠣᠯᠵᠤ᠂ ᠳᠡᠭᠡᠳᠦ ᠱᠠᠲᠤᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠨᠢᠭᠡᠴᠡ ᠲᠠᠢ ᠵᠣᠯᠭᠠᠯᠳᠤᠭᠰᠠᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠶᠢ ᠲᠦᠷᠭᠡᠨ | ᠠᠬᠢᠭᠤᠯᠵᠤ᠂ ᠡᠯ᠎ᠡ ᠭᠠᠵᠠᠷ ᠤᠨ ᠭᠤᠣᠯᠳᠠᠯᠭ᠎ᠠ ᠲᠠᠢ ᠬᠦᠷᠢᠶᠡᠨ ᠳᠤ ᠲᠤᠮᠤ ᠲᠦᠷᠦᠯ ᠵᠦᠢᠯ᠂ ᠰᠠᠶᠢᠨ ᠲᠦᠷᠦᠯ | ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠪᠠᠲᠤᠯᠠᠬᠤ ᠬᠡᠷᠡᠭᠲᠡᠢ᠃ ᠲᠥᠷᠥᠯ ᠵᠦᠢᠯ ᠤᠨ ᠨᠥᠭᠡᠴᠡ ᠶᠢ | ᠭᠦᠨᠵᠡᠭᠡᠶ ᠪᠥᠭᠡᠳ ᠨᠠᠷᠢᠯᠢᠭ ᠬᠢᠵᠦ᠂ ᠲᠠᠪᠤᠨ ᠶᠡᠭᠡ ᠡᠭᠦᠷᠭᠡ ᠪᠣᠯᠤᠨ ᠤᠯᠤᠰ ᠠᠴᠠ ᠵᠣᠬᠢᠶᠠᠨ ᠪᠠᠶᠢᠭᠤᠯᠵᠤ | ᠬᠡᠷᠡᠭᠵᠢᠭᠦᠯᠦᠭᠰᠡᠨ ᠴᠢᠬᠤᠯᠠ ᠶᠡᠭᠡ ᠢᠨᠵᠧᠨᠧᠷᠢᠩ ᠤᠨ ᠲᠣᠭᠤᠷᠢᠨ ᠳᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ | ᠪᠣᠯᠤᠨ ᠪᠡᠯᠡ ᠣᠷᠣᠭᠤᠯᠤᠯᠲᠠ ᠶᠢᠨ ᠬᠠᠨᠳᠤᠰᠢ ᠶᠢ ᠭᠦᠨᠵᠡᠭᠡᠶ ᠰᠤᠳᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢᠨ ᠳᠤᠮᠳᠠ ᠬᠤᠭᠤᠴᠠᠭᠠᠨ ᠤ ᠦᠨᠡᠯᠡᠨ ᠵᠢᠱᠢᠵᠦ ᠲᠣᠬᠢᠷᠠᠭᠤᠯᠬᠤ ᠠᠵᠠ ᠲᠣᠬᠢᠶᠠᠯ ᠢ ᠵᠠᠪᠳᠤᠨ | ᠠᠳᠬᠤᠵᠤ᠂ ᠵᠦᠢᠯᠡᠰ ᠤᠨ ᠬᠥᠮᠥᠷᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠦᠢᠯᠡᠰ ᠤᠨ | ᠬᠠᠭᠤᠳᠠᠰᠤ ᠶᠢ ᠨᠠᠷᠢᠯᠢᠬᠵᠢᠭᠤᠯᠤᠨ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ᠂ ᠠᠷᠢᠭᠤᠨ ᠴᠡᠪᠡᠷ | ᠡᠨᠧᠷᠭᠢ ᠶᠢᠨ ᠰᠤᠷᠪᠤᠯᠵᠢ᠂ ᠵᠠᠮ ᠲᠡᠭᠡᠭᠡᠪᠦᠷᠢ᠂ ᠤᠰᠤᠨ ᠠᠰᠢᠭᠯᠠᠯᠲᠠ ᠶᠢᠨ ᠲᠥᠬᠦᠭᠡᠷᠦᠮᠵᠢ ᠵᠡᠷᠭᠡ ᠬᠦᠷᠢᠶᠡᠨ ᠳᠠᠬᠢ | ᠠᠯᠤᠰ ᠢᠷᠡᠭᠡᠳᠦᠶ ᠳᠤ ᠠᠰᠢᠭᠲᠠᠶ᠂ ᠳᠤᠲᠠᠭᠤᠳᠠᠯ ᠢ ᠨᠥᠬᠦᠪᠥᠷᠢᠯᠡᠬᠦ᠂ ᠰᠠᠭᠤᠷᠢ ᠲᠠᠯᠪᠢᠬᠤ ᠨᠢᠭᠡ ᠪᠦᠯᠦᠭ ᠴᠢᠬᠤᠯᠠ | ᠶᠡᠭᠡ ᠵᠦᠢᠯᠡᠰ ᠢ ᠴᠠᠭ ᠲᠤᠬᠠᠶ ᠳᠤᠨᠢ ᠰᠦᠪᠡᠭᠴᠢᠯᠡᠨ ᠨᠥᠭᠡᠴᠡᠯᠡᠵᠦ᠂ ᠴᠢᠨᠠᠷ ᠰᠠᠶᠢᠲᠠᠶ ᠵᠦᠢᠯᠡᠰ ᠢᠶᠠᠷ ︽ | ᠲᠣᠭᠲᠠᠪᠤᠷᠢᠵᠢᠭᠤᠯᠬᠤ︾ ᠰᠠᠭᠤᠷᠢ ᠶᠢ ᠪᠠᠲᠤᠳᠬᠠᠵᠤ᠂ ︽ᠣᠷᠣᠭᠤᠯᠬᠤ︾ ᠬᠦᠴᠦᠨ ᠢ ᠬᠤᠷᠠᠮᠳᠤᠭᠤᠯᠤᠨ᠎ᠠ᠃ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ︽ᠪᠦᠬᠦ ᠵᠢᠯ ᠳᠤ | ᠠᠳᠬᠤᠬᠤ᠂ ᠪᠦᠬᠦ ᠠᠵᠢᠯᠳᠠᠨ ᠢ ᠠᠳᠬᠤᠬᠤ᠂ ᠪᠦᠬᠦ ᠠᠵᠢᠯᠳᠠᠨ ᠢ ᠠᠳᠬᠤᠬᠤ︾ ᠠᠵᠢᠯ ᠤᠨ ᠱᠠᠭᠠᠷᠳᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠣᠷᠣᠯᠠᠨ ᠠᠷᠠᠯᠵᠢᠶᠠᠴᠢᠨ | ᠤᠷᠢᠬᠤ ᠵᠡᠷᠭᠡ ᠵᠠᠭᠪᠤᠷ ᠢ ᠬᠡᠷᠡᠭᠵᠢᠭᠦᠯᠵᠦ᠂ ᠲᠤᠮᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ | ᠭᠤᠣᠯᠳᠠᠯᠭ᠎ᠠ ᠪᠣᠯᠭᠠᠨ ᠤᠯᠤᠰ ᠤᠨ ᠳᠣᠲᠣᠭᠠᠳᠤ ᠶᠢᠨ ᠨᠡᠷᠡᠳᠤ ᠠᠵᠤ ᠠᠬᠤᠶᠢᠯᠠᠯ ᠲᠠᠢ ᠵᠣᠯᠭᠠᠭᠤᠯᠤᠨ | ᠬᠠᠮᠲᠤᠷᠠᠯᠴᠠᠬᠤ ᠶᠢ ᠴᠢᠩᠭᠠᠳᠬᠠᠬᠤ ᠬᠡᠷᠡᠭᠲᠡᠢ᠃ ᠳᠥᠷᠪᠡᠳᠦᠭᠡᠷ ᠬᠤᠭᠤᠴᠠᠭᠠᠨ ᠤ ᠳᠥᠷᠪᠡᠨ ᠵᠦᠭ ᠨᠠᠢᠮᠠᠨ | ᠵᠣᠪᠬᠢᠰ ᠤᠨ ᠬᠢᠩᠭᠠᠨᠴᠤᠳ ᠤᠨ ᠶᠠᠷᠢᠯᠴᠠᠬᠤ ᠬᠤᠷᠠᠯ᠂ ᠳᠥᠷᠪᠡᠳᠦᠭᠡᠷ ᠬᠤᠭᠤᠴᠠᠭᠠᠨ ᠤ ᠰᠤᠷᠭᠠᠭᠤᠯᠢ ᠨᠢᠭᠡᠳᠡᠨ ᠤ | ᠠᠵᠤ ᠠᠬᠤᠶ ᠶᠢᠨ ᠶᠠᠷᠢᠶᠠᠨ ᠤ ᠲᠠᠪᠴᠠᠩ᠂ ᠪᠣᠬᠢᠷᠲᠤᠯ ᠥᠬᠡᠶ ᠴᠠᠬᠢᠯᠭᠠᠨ ᠤ ᠠᠵᠤ ᠦᠢᠯᠡᠰ ᠤᠨ ᠬᠤᠳᠠᠯᠳᠤᠭᠠᠴᠢᠨ | ᠤᠷᠢᠬᠤ ᠬᠤᠷᠠᠯ᠂ ᠪᠥᠬᠦ ᠤᠯᠤᠰ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ | ᠵᠡᠷᠭᠡ ᠡᠯ᠎ᠡ ᠲᠥᠷᠥᠯ ᠤᠨ ᠬᠤᠳᠠᠯᠳᠤᠭᠠᠴᠢᠨ ᠤᠷᠢᠬᠤ ᠶᠠᠷᠢᠶᠠᠨ ᠤ ᠲᠠᠪᠴᠠᠩ ᠪᠠ ᠲᠠᠨᠢᠯᠴᠠᠭᠤᠯᠬᠤ ᠠᠵᠢᠯᠯᠠᠭ᠎ᠠ ᠶᠢ | ᠴᠢᠨᠠᠷ ᠰᠠᠶᠢᠲᠠᠶ ᠰᠠᠶᠢᠲᠤᠷ ᠡᠷᠭᠢᠯᠡᠵᠦ᠂ ᠭᠡᠷ᠎ᠡ ᠲᠣᠭᠲᠠᠭᠰᠠᠨ ᠨᠣᠷᠮ᠎ᠠ᠂ ᠠᠵᠢᠯ ᠡᠬᠢᠯᠡᠭᠦᠯᠦᠭᠰᠡᠨ ᠨᠣᠷᠮ᠎ᠠ᠂ ᠪᠠᠯᠠ | ᠮᠥᠩᠭᠦ ᠶᠢᠨ ᠪᠣᠳᠠᠲᠠᠶᠢᠵᠢᠭᠰᠠᠨ ᠨᠣᠷᠮ᠎ᠠ ᠶᠢᠨ ︽ᠭᠤᠷᠪᠠᠨ ᠨᠣᠷᠮ᠎ᠠ︾ ᠶᠢ ᠴᠢᠩᠭ᠎ᠠ ᠠᠩᠬᠠᠷᠴᠤ᠂ ᠬᠤᠳᠠᠯᠳᠤᠭᠠᠴᠢᠨ | ᠤᠷᠢᠬᠤ ᠶᠢ ᠰᠢᠯᠭᠠᠨ ᠬᠢᠨᠠᠬᠤ ︽ᠳᠣᠬᠢᠭᠤᠷ︾ ᠤᠨ ᠦᠢᠯᠡᠳᠦᠯ ᠢ ᠴᠢᠩᠭᠠᠷᠠᠭᠤᠯᠤᠨ᠂ ᠲᠡᠳᠡᠨ ᠣᠷᠣᠭᠤᠯᠬᠤ ᠪᠠᠯᠠ | ᠮᠥᠩᠭᠦ ᠶᠢᠨ ᠨᠡᠮᠡᠭᠳᠡᠯ ᠢ 20% ᠠᠴᠠ ᠳᠡᠭᠡᠭᠰᠢ ᠪᠠᠶᠢᠯᠭᠠᠬᠤ ᠶᠢ ᠦᠨᠡᠨᠬᠦ ᠪᠠᠲᠤᠯᠠᠨ᠎ᠠ᠃ | ᠬᠤᠶᠠᠷ ᠲᠤ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠳᠤ ᠳᠤᠲᠠᠭᠤᠳᠠᠯ ᠢ ᠨᠥᠬᠦᠪᠥᠷᠢᠯᠡᠵᠦ | ᠴᠢᠳᠠᠪᠬᠢ ᠶᠢ ᠴᠢᠩᠭᠠᠳᠬᠠᠬᠤ ᠬᠡᠷᠡᠭᠲᠡᠢ᠃ ᠤᠯᠤᠰ ᠠᠴᠠ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢ | ᠵᠣᠬᠢᠬᠤ ᠬᠡᠮᠵᠢᠶ᠎ᠡ ᠪᠠᠷ ᠤᠷᠢᠳᠴᠢᠯᠠᠨ ᠥᠷᠨᠢᠭᠦᠯᠬᠦ ᠠᠵᠠ ᠲᠣᠬᠢᠶᠠᠯ ᠢ ᠠᠮᠵᠢᠵᠤ᠂ ᠴᠢᠬᠤᠯᠠ ᠶᠡᠭᠡ ᠰᠠᠭᠤᠷᠢ | ᠪᠡᠯᠡᠳᠬᠡᠮᠵᠢ ᠶᠢᠨ ᠲᠥᠷᠥᠯ ᠵᠦᠢᠯ ᠢ 91 ᠬᠡᠷᠡᠭᠵᠢᠭᠦᠯᠵᠦ᠂ 110 ᠳ᠋ᠦᠩᠰᠢᠭᠤᠷ ᠲᠥᠭᠦᠷᠢᠭ ᠠᠴᠠ ᠳᠡᠭᠡᠭᠰᠢᠬᠢ | ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠵᠠᠰᠠᠮᠠᠯ ᠵᠠᠮ ᠤᠨ ᠲᠠᠯ᠎ᠠ ᠪᠠᠷ᠂ ᠵᠣᠬᠢᠶᠠᠨ ᠪᠠᠶᠢᠭᠤᠯᠬᠤ | ᠡᠷᠴᠢᠮ ᠢᠶᠠᠨ ᠴᠢᠩᠭᠠᠷᠠᠭᠤᠯᠵᠤ᠂ G5511 ᠰᠤᠭᠤᠳᠤ ᠠᠴᠠ ᠤᠯᠠᠭᠠᠨᠬᠤᠲᠠ ᠬᠥᠷᠬᠦ ᠲᠦᠷᠭᠡᠨ ᠬᠤᠷᠳᠤᠴᠠᠳᠤ | ᠵᠠᠰᠠᠮᠠᠯ ᠵᠠᠮ᠂ S308 ᠢᠷᠪᠢᠰ ᠠᠴᠠ ᠴᠠᠶᠢᠴᠢᠶᠤᠤ ᠬᠥᠷᠬᠦ ᠵᠠᠰᠠᠮᠠᠯ ᠵᠠᠮ ᠤᠨ ᠵᠠᠮ ᠨᠡᠪᠲᠡᠷᠡᠯᠭᠡ ᠶᠢᠨ ᠲᠡᠷᠭᠡ | ᠨᠡᠪᠲᠡᠷᠡᠬᠦ ᠶᠢ ᠦᠨᠡᠨᠬᠦ ᠪᠠᠲᠤᠯᠠᠵᠤ᠂ G1015 ᠶᠢᠨ ᠰᠢᠨ᠎ᠡ ᠪᠠᠷ ᠬᠥᠭᠵᠢᠭᠦᠯᠬᠦ ᠠᠴᠠ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤ ᠬᠥᠷᠬᠦ ᠳᠡᠭᠡᠳᠦ ᠲᠦᠷᠭᠡᠨ ᠬᠤᠷᠳᠤᠴᠠᠳᠤ ᠵᠠᠰᠠᠮᠠᠯ ᠵᠠᠮ ᠢ ᠲᠦᠷᠭᠡᠳᠬᠡᠨ ᠪᠠᠶᠢᠭᠤᠯᠵᠤ᠂ | G334 ᠶᠢᠨ ᠰᠢᠨ᠎ᠡ ᠪᠠᠷ ᠬᠥᠭᠵᠢᠭᠦᠯᠬᠦ ᠠᠴᠠ ᠭᠤᠤᠯ ᠤᠨ ᠪᠠᠶᠢᠰᠢᠩ ᠬᠥᠷᠬᠦ᠂ S210 ᠲᠦᠴᠢᠤᠸᠠᠨ ᠠᠴᠠ ᠳ᠋ᠢ | ᠬᠥᠩ ᠬᠤᠸᠠ ᠬᠥᠷᠬᠦ ᠵᠠᠰᠠᠮᠠᠯ ᠵᠠᠮ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ︽ᠬᠤᠶᠠᠷ | ᠲᠡᠩᠭᠡᠯᠢᠭ᠂ ᠭᠤᠷᠪᠠᠨ ᠬᠥᠨᠳᠡᠯᠡᠨ᠂ ᠭᠤᠷᠪᠠᠨ ᠭᠤᠯᠳᠤ᠂ ᠭᠤᠷᠪᠠᠨ ᠴᠠᠭᠠᠷᠢᠭ᠂ ᠨᠠᠢᠮᠠᠨ ᠭᠠᠷᠬᠤ ᠡᠭᠦᠳᠡ︾ ᠶᠢᠨ | ᠵᠠᠮ ᠬᠠᠷᠢᠯᠴᠠᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠬᠥᠳᠡᠭᠡ ᠲᠣᠰᠬᠤᠨ ᠤ ᠵᠠᠰᠠᠮᠠᠯ ᠵᠠᠮ ᠤᠨ | ᠲᠥᠷᠥᠯ ᠵᠦᠢᠯ ᠢ 1270 ᠺᠢᠯᠣᠮᠧᠲᠷ ᠬᠡᠷᠡᠭᠵᠢᠭᠦᠯᠦᠨ᠎ᠡ᠃ ᠲᠡᠮᠦᠷ ᠵᠠᠮ ᠤᠨ ᠲᠠᠯ᠎ᠠ ᠪᠠᠷ᠂ ᠪᠠᠶ ᠴᠧᠩ — | ᠷᠠᠰᠢᠶᠠᠨ ᠱᠤᠭᠤᠮ ᠤᠨ ᠤᠯᠠᠭᠠᠨᠬᠤᠲᠠ ᠠᠴᠠ ᠷᠠᠰᠢᠶᠠᠨ ᠬᠥᠷᠬᠦ ᠬᠡᠰᠡᠭ ᠤᠨ ᠠᠵᠢᠯᠯᠠᠭᠠᠨ ᠤ ᠴᠤᠪᠤᠭ᠎ᠠ ᠲᠡᠷᠭᠡᠨ ᠤ | ᠲᠥᠷᠥᠯ ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠴᠢᠴᠢᠬᠠᠷ — ᠤᠯᠠᠭᠠᠨᠬᠤᠳᠠ ᠳᠤ ᠨᠡᠪᠲᠡᠷᠡᠬᠦ | ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠲᠡᠷᠭᠡ᠂ ᠢᠮᠢᠨ ᠠᠴᠠ ᠢᠷᠪᠢᠰ ᠬᠦᠷᠬᠦ ᠲᠡᠮᠦᠷ ᠵᠠᠮ᠂ ᠪᠠᠶ ᠴᠧᠩ | — ᠲᠦᠴᠢᠤᠸᠠᠨ — ᠤᠯᠠᠭᠠᠨᠬᠤᠳᠠ ᠲᠡᠮᠦᠷ ᠵᠠᠮ᠂ ᠪᠠᠶ ᠴᠧᠩ — ᠷᠠᠰᠢᠶᠠᠨ ᠲᠡᠮᠦᠷ ᠵᠠᠮ ᠤᠨ | ᠪᠠᠷᠠᠭᠠᠨ ᠤ ᠲᠡᠭᠡᠭᠡᠪᠦᠷᠢ ᠶᠢᠨ ᠭᠠᠳᠠᠭᠰᠢ ᠲᠣᠭᠤᠷᠢᠬᠤ ᠱᠤᠭᠤᠮ ᠤᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠢ ᠢᠳᠡᠪᠬᠢᠲᠡᠶ ᠥᠷᠨᠢᠭᠦᠯᠵᠦ᠂ ᠡᠷᠲᠡᠬᠡᠨ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠵᠢᠨᠢᠩ ᠠᠴᠠ | ᠴᠠᠩᠴᠦ᠋ᠨ ᠳᠤ ᠨᠡᠪᠲᠡᠷᠡᠬᠦ ᠲᠦᠷᠭᠡᠨ ᠬᠤᠷᠳᠤᠴᠠᠲᠤ ᠲᠡᠮᠦᠷ ᠵᠠᠮ ᠢ ᠤᠯᠠᠭᠠᠨᠬᠤᠲᠠ ᠳᠤ ᠬᠦᠷᠲᠡᠯ᠎ᠡ | ᠤᠷᠲᠤᠳᠬᠠᠬᠤ ᠶᠢ ᠵᠣᠬᠢᠴᠠᠩᠭᠤᠶ ᠪᠠᠷ ᠠᠬᠢᠭᠤᠯᠤᠨ᠎ᠠ᠃ ᠠᠭᠠᠷ ᠤᠨ ᠠᠶᠠᠯᠠᠯ ᠤᠨ ᠲᠠᠯ᠎ᠠ ᠪᠠᠷ᠂ ᠬᠤᠷᠴᠢᠨ ᠪᠠᠷᠠᠭᠤᠨ | ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠡᠶᠢᠳᠡᠮ ᠬᠡᠷᠡᠭᠯᠡᠭᠡᠨ ᠤ | ᠨᠢᠰᠬᠡᠯ ᠤᠨ ᠪᠠᠭᠤᠳᠠᠯ ᠤᠨ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠵᠢᠯ ᠤᠨ ᠡᠴᠦᠰ ᠲᠤ ᠪᠠᠷᠢᠯᠭ᠎ᠠ ᠳᠠᠭᠤᠰᠴᠤ | ᠠᠶᠠᠯᠠᠯ ᠨᠡᠪᠲᠡᠷᠡᠵᠦ᠂ ᠪᠥᠬᠦ ᠣᠷᠣᠨ ᠳᠤ ᠡᠩ ᠲᠡᠷᠢᠭᠦᠨ ᠳᠤ ᠠᠷᠠᠳ ᠤᠨ ᠠᠭᠠᠷ ᠤᠨ ᠠᠶᠠᠯᠠᠯ ︵ᠠᠶᠠᠯᠠᠯ ᠨᠡᠪᠲᠡᠷᠡᠬᠦ | ︶ ᠨᠢᠰᠬᠡᠯ ᠤᠨ ᠪᠠᠭᠤᠳᠠᠯ ᠤᠨ ᠰᠢᠶᠠᠨ ᠤ ᠬᠡᠪᠴᠢᠶ᠎ᠡ ᠶᠢ ᠬᠠᠮᠤᠷᠬᠤ ᠶᠢ ᠪᠡᠶᠡᠯᠡᠭᠦᠯᠦᠨ᠎ᠡ᠃ ᠤᠰᠤᠨ ᠠᠰᠢᠭᠯᠠᠯᠲᠠ ᠶᠢᠨ | ᠲᠠᠯ᠎ᠠ ᠪᠠᠷ᠂ ᠴᠤᠤᠯ ᠭᠤᠤᠯ ᠤᠨ ᠤᠰᠤ ᠶᠢ ᠲᠠᠲᠠᠵᠤ ᠯᠢᠶᠣᠤ ᠾᠧ ᠭᠤᠤᠯ ᠳᠤ ᠲᠤᠰᠠᠯᠠᠬᠤ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠴᠤᠤᠯ ᠭᠤᠤᠯ ᠤᠨ ᠤᠰᠤ ᠶᠢ ᠲᠠᠲᠠᠵᠤ ᠯᠢᠶᠣᠤ ᠾᠧ | ᠭᠤᠤᠯ ᠳᠤ ᠲᠤᠰᠠᠯᠠᠬᠤ ᠬᠤᠶᠠᠳᠤᠭᠠᠷ ᠬᠤᠭᠤᠴᠠᠭ᠎ᠠ᠂ ᠦᠨᠳᠦᠭᠡᠨ ᠵᠠᠩᠭᠢᠯᠠᠭ᠎ᠠ ᠶᠢᠨ ᠳᠣᠤᠷᠠᠳᠤ ᠤᠷᠤᠰᠬᠠᠯ ᠤᠨ | ᠤᠰᠤᠯᠠᠯᠲᠠ ᠶᠢᠨ ᠣᠷᠣᠨ ᠤ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠦᠪᠦᠯᠢᠨ᠂ ᠭᠦ᠋ᠩ ᠵᠢᠶᠠ | ᠳᠦᠨ ᠤᠰᠤᠨ ᠴᠥᠭᠦᠷᠥᠮ ᠤᠨ ᠲᠥᠷᠥᠯ ᠵᠦᠢᠯ ᠢ ᠡᠬᠢᠯᠡᠨ ᠪᠥᠲᠥᠭᠡᠨ ᠪᠠᠶᠢᠭᠤᠯᠵᠤ᠂ ᠨᠤᠨ ᠮᠦᠷᠡᠨ ᠤ ᠤᠰᠤ ᠶᠢ | ᠲᠠᠲᠠᠵᠤ ᠰᠢᠯᠢ ᠶᠢᠨ ᠭᠤᠤᠯ ᠤᠨ ᠤᠰᠤ ᠶᠢ ᠲᠤᠰᠠᠯᠠᠬᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ | ᠯᠠᠪᠳᠠᠭᠤᠨ ᠪᠠᠲᠤᠲᠠᠶ ᠥᠷᠨᠢᠭᠦᠯᠦᠨ᠎ᠡ᠃ ᠤᠰᠤᠨ ᠤ ᠲᠣᠣᠷ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯ ᠢ | ᠰᠠᠶᠢᠲᠤᠷ ᠠᠳᠬᠤᠵᠤ᠂ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ ᠶᠢ ᠤᠯᠤᠰ᠂ ᠥᠪᠡᠷᠲᠡᠭᠡᠨ | ᠵᠠᠰᠠᠬᠤ ᠣᠷᠣᠨ ᠤ ᠤᠰᠤᠨ ᠤ ᠲᠣᠣᠷ ᠤᠨ ᠲᠥᠯᠥᠪᠵᠢᠭᠦᠯᠭᠡ ᠳᠤ ᠣᠷᠣᠭᠤᠯᠬᠤ ᠶᠢ ᠲᠥᠯᠬᠢᠨ ᠠᠬᠢᠭᠤᠯᠤᠨ᠎ᠠ᠃ | ᠴᠠᠬᠢᠯᠭᠠᠨ ᠤ ᠲᠣᠤᠷ ᠤᠨ ᠲᠠᠯ᠎ᠠ ᠪᠠᠷ᠂ ᠥᠪᠥᠷ ᠮᠣᠩᠭᠤᠯ ᠤᠨ ᠵᠡᠭᠦᠨ ᠬᠡᠰᠡᠭ ᠤᠨ ᠬᠢᠩᠭᠠᠨ ᠤ ᠫᠢᠩ ᠴᠤᠸᠠᠨ ᠤ | 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠵᠢᠴᠢ ᠢᠵᠢ ᠪᠥᠷᠢᠳᠦᠭᠦᠯᠬᠦ ᠢᠨᠵᠧᠨᠧᠷᠢᠩ᠂ | ᠵᠢᠩ ᠺᠧ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ 500 ᠺᠢᠯᠣᠸᠠᠲ ᠤᠨ ᠬᠦᠷᠭᠡᠬᠦ | ᠢᠨᠵᠧᠨᠧᠷᠢᠩ ᠵᠡᠷᠭᠡ 4 ᠭᠤᠤᠯᠳᠠᠯᠭ᠎ᠠ ᠲᠠᠢ ᠬᠦᠴᠦᠳᠡᠯ ᠥᠭᠡᠷᠡᠴᠢᠯᠡᠬᠦ ᠥᠷᠲᠡᠭᠡ ᠶᠢᠨ ᠲᠥᠷᠥᠯ ᠵᠦᠢᠯ ᠢ | ᠯᠠᠪᠳᠠᠭᠤᠨ ᠢᠶᠠᠷ ᠠᠬᠢᠭᠤᠯᠵᠤ᠂ ᠡᠯ᠎ᠡ ᠵᠦᠢᠯ ᠤᠨ ᠴᠠᠬᠢᠯᠭᠠᠨ ᠬᠦᠴᠦᠨ ᠤ ᠪᠡᠯᠡᠳᠬᠡᠮᠵᠢ ᠶᠢᠨ ᠦᠢᠯᠡᠳᠦᠯ ᠢᠶᠠᠨ | ᠲᠦᠷᠭᠡᠬᠡᠨ ᠪᠠᠳᠠᠷᠠᠭᠤᠯᠬᠤ ᠶᠢ ᠦᠨᠡᠨᠬᠦ ᠪᠠᠲᠤᠯᠠᠨ᠎ᠠ᠃ ᠴᠢᠮᠡᠭᠡ ᠬᠤᠯᠪᠣᠭᠠᠨ ᠤ ᠰᠦᠯᠵᠢᠶ᠎ᠡ ᠶᠢᠨ ᠲᠠᠯ᠎ᠠ ᠪᠠᠷ᠂ | 2000 ᠠᠴᠠ ᠳᠡᠭᠡᠭᠰᠢ 5G ᠰᠠᠭᠤᠷᠢ ᠥᠷᠲᠡᠭᠡ ᠪᠠ 58 ᠬᠢᠯᠢ ᠬᠢᠵᠠᠭᠠᠷ ᠣᠷᠣᠨ ᠤ 4G ᠰᠠᠭᠤᠷᠢ | ᠥᠷᠲᠡᠭᠡ ᠶᠢ ᠰᠢᠨ᠎ᠡ ᠪᠠᠷ ᠪᠠᠶᠢᠭᠤᠯᠤᠨ ᠥᠭᠡᠷᠡᠴᠢᠯᠡᠵᠦ᠂ ᠡᠯ᠎ᠡ ᠬᠤᠰᠢᠭᠤ ᠰᠢᠶᠠᠨ ᠬᠤᠲᠠ ᠶᠢᠨ ᠭᠤᠤᠯ ᠬᠤᠲᠠ | ᠲᠣᠭᠤᠷᠢᠭ ᠪᠠ ᠰᠤᠮᠤ ᠰᠢᠶᠠᠩ ᠪᠠᠯᠭᠠᠰᠤ ᠶᠢᠨ ᠪᠠᠶᠢᠭ᠎ᠠ ᠭᠠᠵᠠᠷ ᠤᠨ 5G ᠰᠦᠯᠵᠢᠶ᠎ᠡ ᠶᠢ ᠨᠡᠶᠢᠳᠡᠮ ᠪᠦᠷᠬᠦᠭᠦᠯᠬᠦ ᠶᠢ | ᠦᠨᠳᠦᠰᠦᠨ ᠳᠡᠭᠡᠨ ᠪᠡᠶᠡᠯᠡᠭᠦᠯᠵᠦ᠂ ᠬᠢᠯᠢ ᠬᠢᠵᠠᠭᠠᠷ ᠣᠷᠣᠨ ᠤ ᠴᠢᠮᠡᠭᠡ ᠬᠤᠯᠪᠣᠭᠠᠨ ᠤ ᠶᠠᠰᠤ ᠴᠢᠨᠠᠷ ᠢ ᠢᠯᠡᠳᠲᠡ | ᠳᠡᠭᠡᠭᠰᠢᠯᠡᠭᠦᠯᠦᠨ᠎ᠡ᠃ | ᠭᠤᠷᠪᠠ ᠳᠤ ᠬᠡᠷᠡᠭᠯᠡᠭᠡ ᠶᠢ ᠲᠦᠷᠭᠡᠨ ᠰᠡᠷᠭᠦᠭᠡᠵᠦ ᠠᠮᠢᠵᠢᠷᠠᠯ ᠤᠨ ᠬᠦᠴᠦᠨ ᠲᠠᠢ ᠪᠣᠯᠭᠠᠬᠤ ᠬᠡᠷᠡᠭᠲᠡᠶ᠃ | ᠬᠡᠷᠡᠭᠯᠡᠭᠡ ᠶᠢ ᠰᠡᠷᠭᠦᠭᠡᠬᠦ ᠪᠠ ᠥᠷᠭᠡᠳᠬᠡᠬᠦ ᠶᠠᠪᠤᠳᠠᠯ ᠢ ᠲᠡᠷᠢᠭᠦᠨ ᠪᠠᠶᠢᠷᠢᠨ ᠳᠤ ᠲᠠᠯᠪᠢᠵᠤ᠂ ᠬᠥᠮᠦᠰ ᠤᠨ | ᠬᠦᠷᠢᠶᠡᠯᠡᠯ ᠢ ᠣᠯᠵᠤ᠂ ᠠᠵᠤ ᠠᠬᠤᠶ ᠶᠢ ᠲᠥᠪᠯᠡᠷᠡᠭᠦᠯᠬᠦ ᠬᠡᠷᠡᠭᠲᠡᠶ᠃ ᠬᠡᠷᠡᠭᠯᠡᠭᠡᠨ ᠤ ᠴᠢᠳᠠᠪᠤᠷᠢ ᠶᠢ ᠦᠷᠭᠦᠯᠵᠢᠯᠡᠨ | ᠨᠡᠮᠡᠭᠳᠡᠭᠦᠯᠵᠦ᠂ ᠶᠡᠬᠡᠪᠡᠷ ᠰᠤᠷᠪᠤᠯᠵᠢᠯᠠᠬᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠠᠨᠳᠤᠯᠭ᠎ᠠ ᠲᠠᠢ ᠪᠠᠷ | ᠦᠢᠯᠡᠴᠢᠯᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠠᠬᠢᠭᠤᠯᠬᠤ᠂ ᠨᠥᠬᠦᠪᠥᠷᠢᠯᠡᠬᠦ᠂ ᠪᠠᠭᠠᠰᠬᠠᠬᠤ᠂ | ᠬᠠᠪᠰᠤᠷᠬᠤ︾ ᠵᠡᠷᠭᠡ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ | ᠪᠤᠳᠤᠯᠭ᠎ᠠ ᠶᠢᠨ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠵᠦ᠂ ᠦᠢᠯᠡᠴᠢᠯᠡᠭᠡᠨ ᠤ ᠴᠢᠳᠠᠪᠬᠢ ᠶᠢ | ᠢᠳᠡᠪᠬᠢᠲᠡᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠬᠡᠷᠡᠭᠯᠡᠭᠡᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ | ᠳᠤᠮᠳᠠ ᠪᠠᠭ᠎ᠠ ᠵᠢᠵᠢᠭ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯᠤᠨ | ᠠᠮᠢᠳᠤᠯᠢᠭ ᠢᠶᠠᠷ ᠠᠵᠢᠯ ᠣᠯᠤᠭᠰᠠᠳ᠂ ᠪᠡᠶ᠎ᠡ ᠪᠠᠨ ᠳᠠᠭᠠᠭᠠᠵᠤ ᠡᠵᠡᠩᠨᠡᠭᠴᠢᠳ ᠤᠨ ᠣᠷᠣᠯᠭ᠎ᠠ ᠶᠢ ᠦᠨᠡᠨᠬᠦ | ᠨᠡᠮᠡᠭᠳᠡᠭᠦᠯᠵᠦ᠂ ᠬᠡᠷᠡᠭᠯᠡᠭᠴᠢᠳ ᠢ ︽ᠬᠡᠷᠡᠭᠯᠡᠭᠡᠨ ᠳᠤ ᠣᠷᠣᠭᠤᠯᠬᠤ︾ ᠪᠣᠯᠭᠠᠬᠤ ᠬᠡᠷᠡᠭᠲᠡᠢ᠃ ᠬᠡᠷᠡᠭᠯᠡᠭᠡᠨ ᠤ | ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠮᠠᠰᠢᠨ ᠲᠡᠷᠭᠡ ᠬᠤᠳᠠᠯᠳᠤᠨ ᠠᠪᠬᠤ ᠳᠤ ᠨᠥᠬᠦᠪᠥᠷᠢ ᠥᠭᠬᠦ᠂ | ᠪᠣᠬᠢᠷᠲᠤᠯ ᠥᠬᠡᠶ ᠣᠶᠤᠨᠴᠢ ᠬᠡᠷ ᠤᠨ ᠴᠠᠬᠢᠯᠭᠠᠨ ᠬᠡᠷᠡᠭᠰᠡᠯ ᠢ ᠬᠥᠳᠡᠭᠡ ᠪᠠᠭᠤᠯᠭᠠᠬᠤ ᠪᠠ ᠬᠡᠷᠡᠭᠯᠡᠭᠡᠨ ᠤ ᠲᠡᠮᠳᠡᠭᠲᠦ ᠶᠢ | ᠲᠠᠷᠬᠠᠭᠠᠬᠤ ᠵᠡᠷᠭᠡ ᠡᠯ᠎ᠡ ᠲᠥᠷᠥᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ 800 ᠲᠠᠯᠠᠪᠤᠷ ᠠᠴᠠ ᠳᠡᠭᠡᠭᠰᠢ | ᠥᠷᠨᠢᠭᠦᠯᠵᠦ᠂ ᠬᠤᠳᠠᠯᠳᠤᠭᠠᠨ ᠤ ᠴᠢᠯᠦᠭᠡᠳᠦ ᠳᠡᠯᠭᠡᠭᠦᠷ᠂ ᠬᠡᠷ ᠤᠨ ᠴᠠᠬᠢᠯᠭᠠᠨ ᠬᠡᠷᠡᠭᠰᠡᠯ᠂ ᠢᠳᠡᠭᠡᠨ ᠤᠮᠳᠠᠭᠠᠨ᠂ | ᠪᠣᠯᠪᠠᠰᠤᠷᠠᠭᠤᠯᠤᠭᠰᠠᠨ ᠲᠣᠰᠣ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠪᠣᠷᠣᠯᠠᠭᠤᠯᠭ᠎ᠠ ᠪᠠᠨ ᠥᠷᠭᠡᠳᠬᠡᠬᠦ ᠶᠢ | ᠳᠡᠮᠵᠢᠬᠦ ᠬᠡᠷᠡᠭᠲᠡᠶ᠃ ︽ᠢᠨᠲ᠋ᠧᠷ ᠰᠦᠯᠵᠢᠶ᠎ᠡ +︾ ᠬᠡᠷᠡᠭᠯᠡᠭᠡᠨ ᠤ ᠰᠢᠨ᠎ᠡ ᠵᠠᠭᠪᠤᠷ ᠢ ᠪᠤᠶᠢᠵᠢᠭᠤᠯᠤᠨ ᠂ ᠵᠢᠵᠢᠭᠯᠡᠨ | ᠬᠤᠳᠠᠯᠳᠤᠬᠤ ᠠᠵᠤ ᠠᠬᠤᠶᠢᠯᠠᠯ ᠤᠨ ᠰᠢᠨ᠎ᠡ ᠮᠡᠷᠭᠡᠵᠢᠯ ᠢ ᠠᠰᠢᠭᠯᠠᠨ ᠣᠶᠤᠨᠴᠢ ᠵᠢᠵᠢᠭᠯᠡᠨ ᠬᠤᠳᠠᠯᠳᠤᠬᠤ ᠰᠢᠨ᠎ᠡ | ᠪᠠᠶᠢᠳᠠᠯ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠢᠭᠤᠯᠬᠤ ᠶᠢ ᠵᠣᠷᠢᠭᠵᠢᠭᠤᠯᠵᠤ᠂ ᠰᠦᠯᠵᠢᠶ᠎ᠡ ᠪᠠᠷ | ᠵᠠᠬᠢᠶᠠᠯᠠᠬᠤ ᠳᠡᠯᠭᠡᠭᠦᠷ ᠲᠤ ᠬᠦᠷᠭᠡᠬᠦ᠂ ᠬᠦᠷᠦᠯᠴᠡᠬᠦ ᠥᠬᠡᠶ ᠪᠠᠷ ᠳᠣᠭᠢᠷᠠᠭᠤᠯᠤᠨ ᠬᠦᠷᠭᠡᠬᠦ ᠵᠡᠷᠭᠡ ᠦᠢᠯᠡᠴᠢᠯᠡᠭᠡ ᠶᠢ | ᠳᠡᠯᠭᠡᠷᠡᠭᠦᠯᠦᠨ᠎ᠡ᠃ ᠡᠯᠧᠺᠲᠷᠣᠨ ᠬᠤᠳᠠᠯᠳᠤᠭᠠᠨ ᠤ ᠳᠠᠪᠠᠭᠤᠯᠢᠭ ᠢ ᠪᠠᠳᠠᠷᠠᠭᠤᠯᠤᠨ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠳᠤ ᠬᠦᠴᠦ ᠨᠡᠮᠡᠷᠢᠯᠡᠵᠦ᠂ ᠲᠢᠶᠠᠨ ᠮᠤᠤ᠂ ᠲᠤᠤ ᠪᠦᠦ᠂ ᠵᠢᠩ ᠳ᠋ᠦᠩ | ᠵᠡᠷᠭᠡ ᠲᠣᠮᠣ ᠬᠡᠯᠪᠡᠷᠢ ᠶᠢᠨ ᠡᠯᠧᠺᠲᠷᠣᠨ ᠬᠤᠳᠠᠯᠳᠤᠭᠠᠨ ᠤ ᠲᠠᠪᠴᠠᠩ ᠪᠠ ᠳ᠋ᠧᠦ ᠶᠢᠨ ᠵᠡᠷᠭᠡ ᠰᠢᠨ᠎ᠡ | ᠵᠠᠭᠤᠴᠢᠯᠠᠭᠤᠷ ᠤᠨ ᠰᠢᠭᠤᠳ ᠨᠡᠪᠲᠡᠷᠡᠭᠦᠯᠭᠡ ᠶᠢᠨ ᠲᠠᠪᠴᠠᠩ ᠯᠤᠭ᠎ᠠ ᠢᠳᠡᠪᠬᠢᠲᠡᠶ ᠪᠠᠷ ᠬᠠᠮᠲᠤᠷᠠᠯᠴᠠᠵᠤ᠂ ᠴᠢᠬᠤᠯᠠ | ᠪᠠᠶᠠᠷ ᠳᠤᠷᠠᠰᠬᠠᠯ ᠤᠨ ᠬᠡᠷᠡᠭᠯᠡᠭᠡᠨ ᠤ ᠵᠠᠩᠭᠢᠯᠠᠭ᠎ᠠ ᠶᠢᠨ ᠴᠡᠭ ᠢ ᠵᠠᠪᠳᠤᠨ ᠠᠳᠬᠤᠵᠤ᠂ ᠰᠦᠯᠵᠢᠶᠡᠨ ᠳᠡᠭᠡᠷᠡᠬᠢ | ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 100 ᠲᠠᠯᠠᠪᠤᠷ ᠠᠴᠠ ᠳᠡᠭᠡᠭᠰᠢ ᠥᠷᠨᠢᠭᠦᠯᠦᠨ᠎ᠡ᠃ ᠬᠡᠷᠡᠭᠯᠡᠭᠡᠨ ᠤ | ᠪᠠᠶᠢᠳᠠᠯ ᠢ ᠲᠠᠰᠤᠷᠠᠯᠲᠠ ᠥᠬᠡᠶ ᠰᠢᠨ᠎ᠡ ᠪᠠᠷ ᠡᠭᠦᠳᠴᠦ᠂ ᠬᠤᠲᠠ ᠶᠢᠨ ᠲᠣᠭᠤᠷᠢᠭ ᠤᠨ ︽ᠨᠢᠭᠡ ᠮᠥᠴᠡ | ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ︾ ᠶᠢᠨ ᠲᠤᠷᠰᠢᠯᠲᠠ ᠶᠢᠨ ᠴᠡᠭ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠷᠠᠳ ᠲᠤ ᠲᠥᠬᠦᠮ ᠦᠵᠡᠭᠦᠯᠬᠦ ᠦᠨᠳᠦᠰᠦᠨ ᠬᠤᠳᠠᠯᠳᠤᠭᠠᠨ ᠤ | ᠦᠢᠯᠡᠴᠢᠯᠡᠭᠡᠨ ᠤ ᠴᠢᠳᠠᠮᠵᠢᠳᠤ ᠨᠡᠶᠢᠭᠡᠮ ᠲᠣᠭᠤᠷᠢᠭ ᠤᠨ ᠪᠦᠷᠬᠦᠴᠡ ᠶᠢᠨ ᠨᠣᠷᠮ᠎ᠠ ᠶᠢ 90% ᠠᠴᠠ ᠳᠡᠭᠡᠭᠰᠢ ᠳᠤ | ᠬᠦᠷᠦᠭᠦᠯᠬᠦ ᠪᠠᠷ ᠴᠢᠷᠮᠠᠶᠢᠬᠤ ᠬᠡᠷᠡᠭᠲᠡᠶ᠃ ᠰᠥᠨᠢ ᠶᠢᠨ ᠬᠡᠷᠡᠭᠯᠡᠭᠡᠨ ᠤ ᠬᠠᠩᠭᠠᠯᠭ᠎ᠠ ᠶᠢ ᠤᠯᠠᠮ ᠨᠢᠭᠡ ᠠᠯᠬᠤᠮ | ᠪᠠᠶᠠᠯᠢᠭᠵᠢᠭᠤᠯᠵᠤ᠂ ᠡᠷᠲᠡ ᠤᠷᠤᠢ ᠶᠢᠨ ᠵᠠᠬ᠎ᠠ ᠳᠡᠯᠭᠡᠭᠦᠷ ᠢ ᠥᠭᠡᠷᠡᠴᠢᠯᠡᠵᠦ᠂ ᠲᠤᠬᠠᠶ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠲᠦᠷ ᠴᠠᠭ ᠤᠨ ᠴᠢᠨᠠᠷᠲᠠᠶ ᠠᠮᠢᠳᠤᠷᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠢ | ᠪᠠᠶᠢᠭᠤᠯᠵᠤ᠂ ᠴᠠᠭ ᠤᠨ ᠤᠷᠤᠰᠬᠠᠯ ᠤᠨ ᠰᠥᠨᠢ ᠶᠢᠨ ᠵᠠᠬ᠎ᠠ ᠳᠡᠯᠭᠡᠭᠦᠷ᠂ ᠪᠡᠯᠡᠳᠬᠡᠯ ᠠᠪᠳᠠᠷ᠎ᠠ ᠶᠢᠨ ᠴᠤᠭᠯᠠᠭ᠎ᠠ | ᠮᠠᠶᠢᠮᠠᠶ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠥᠨᠢ ᠶᠢᠨ ᠵᠠᠬ᠎ᠠ ᠳᠡᠯᠭᠡᠭᠦᠷ ᠢᠶᠠᠷ | ᠲᠥᠯᠥᠭᠡᠯᠡᠭᠦᠯᠦᠭᠰᠡᠨ ᠰᠢᠨ᠎ᠡ ᠮᠠᠶ᠋ᠢᠭ ᠤᠨ ᠬᠡᠷᠡᠭᠯᠡᠭᠡᠨ ᠤ ᠠᠬᠤᠶ ᠪᠠᠶᠢᠳᠠᠯ ᠢ ᠲᠦᠷᠭᠡᠪᠴᠢᠯᠡᠨ ᠪᠤᠢ ᠪᠣᠯᠭᠠᠬᠤ ᠶᠢ | ᠲᠦᠯᠬᠢᠨ ᠠᠬᠢᠭᠤᠯᠤᠨ᠎ᠠ᠃ | ᠲᠦᠷᠪᠡ ᠳᠤ ᠬᠥᠭᠵᠢᠭᠦᠯᠬᠦ ᠳᠤ ᠠᠶᠤᠯ ᠲᠦᠭᠰᠢᠭᠦᠷᠢ ᠶᠢ ᠰᠡᠷᠭᠡᠶᠢᠯᠡᠨ ᠵᠠᠬ᠎ᠠ ᠳᠡᠯᠭᠡᠭᠦᠷ ᠢ ᠲᠣᠭᠲᠠᠭᠤᠨ | ᠪᠠᠶᠢᠯᠭᠠᠬᠤ ᠬᠡᠷᠡᠭᠲᠡᠶ᠃ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠯ᠎ᠡ ᠵᠦᠢᠯ ᠤᠨ ᠠᠵᠢᠯ ᠢ ᠨᠠᠷᠢᠨ ᠪᠥᠭᠡᠳ | ᠨᠢᠮᠪᠠᠢ᠂ ᠴᠢᠩᠭ᠎ᠠ ᠪᠥᠭᠡᠳ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠨᠠᠨ ᠪᠤᠳᠤᠵᠤ ᠬᠢᠨᠠᠯᠲᠠ ᠲᠠᠯᠪᠢᠬᠤ ᠡᠭᠦᠷᠭᠡ | ᠴᠢᠳᠠᠪᠤᠷᠢ ᠶᠢ ᠴᠢᠩᠭᠠᠷᠠᠭᠤᠯᠤᠨ᠂ ᠡᠯ᠎ᠡ ᠬᠤᠰᠢᠭᠤ ᠰᠢᠶᠠᠨ ᠬᠤᠲᠠ ᠶᠢᠨ ᠰᠢᠢᠳᠪᠦᠷᠢᠯᠡᠬᠦ ᠭᠤᠤᠯ ᠴᠣᠭᠴᠠ ᠶᠢᠨ | ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠥᠷᠢ | ᠥᠭᠴᠡᠭᠡ ᠶᠢ ᠠᠷᠢᠯᠭᠠᠬᠤ ᠲᠥᠷᠥ ᠶᠢᠨ ᠪᠣᠳᠣᠯᠭ᠎ᠠ ᠶᠢ ᠢᠳᠡᠪᠬᠢᠲᠡᠶ ᠲᠡᠮᠡᠴᠡᠨ ᠣᠯᠵᠤ᠂ ᠳᠠᠯᠳᠠ ᠥᠷᠢ | ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠲᠡᠭᠦᠯᠳᠡᠷᠵᠢᠭᠦᠯᠦᠨ᠂ ᠳᠠᠯᠳᠠ ᠥᠷᠢ ᠥᠭᠴᠡᠭᠡ ᠶᠢᠨ ᠨᠡᠮᠡᠭᠳᠡᠯ ᠢ ᠡᠷᠡᠰ ᠬᠤᠷᠢᠭᠯᠠᠬᠤ ᠬᠡᠷᠡᠭᠲᠡᠶ᠃ ᠬᠡᠷ ᠪᠠᠶᠢᠰᠢᠩ | ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠪᠠᠶᠢᠭᠤᠯᠵᠤ ᠪᠠᠶᠢᠭ᠎ᠠ ᠲᠥᠷᠥᠯ | ᠵᠦᠢᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠶ᠃ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠲᠣᠭᠲᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠳᠡᠮᠵᠢᠬᠦ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠳᠤᠮᠳᠠ | ᠪᠠᠭ᠎ᠠ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠤᠯᠤᠰ ᠤᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠦᠬᠦᠨ ᠢ | ᠬᠡᠷᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠤᠮᠳᠠ ᠪᠠᠭ᠎ᠠ ᠠᠵᠤ | ᠠᠬᠤᠶᠢᠯᠠᠯ ᠤᠨ ᠵᠥᠷᠢᠯᠳᠦᠭᠡᠨ ᠦᠭᠡᠢ ᠳᠠᠩᠰᠠᠨ ᠤ ᠵᠣᠭᠤᠰ ᠢ ᠪᠦᠬᠦᠨ ᠢ ᠲᠦᠯᠦᠵᠦ ᠳᠠᠭᠤᠰᠬᠠᠵᠤ᠂ ᠮᠠᠯᠴᠢᠨ | ᠲᠠᠷᠢᠶᠠᠴᠢᠨ ᠤ ᠴᠠᠯᠢᠩ ᠤᠨ ᠠᠰᠠᠭᠤᠳᠠᠯ ᠢ ᠪᠦᠬᠦᠨ ᠢ ᠴᠡᠭᠴᠡᠯᠡᠨ ᠵᠠᠰᠠᠬᠤ ᠬᠡᠷᠡᠭᠲᠡᠢ᠃ ᠮᠥᠩᠭᠦᠨ ᠭᠦᠢᠯᠭᠡᠭᠡ ᠵᠡᠷᠭᠡ | ᠬᠦᠷᠢᠶᠡᠨ ᠳᠠᠬᠢ ᠠᠶᠤᠯ ᠲᠦᠭᠰᠢᠭᠦᠷᠢ ᠶᠢᠨ ᠬᠡᠮ ᠰᠣᠭᠤᠭ ᠢ ᠠᠷᠢᠯᠭᠠᠬᠤ ᠶᠢ ᠴᠢᠩᠭ᠎ᠠ ᠠᠩᠬᠠᠷᠴᠤ᠂ ᠡᠯ᠎ᠡ ᠵᠦᠢᠯ ᠤᠨ | ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠵᠦ᠂ ᠪᠠᠭ᠎ᠠ ᠶᠠᠪᠤᠳᠠᠯ ᠢ | ᠶᠡᠬᠡᠳᠬᠡᠬᠦ᠂ ᠶᠡᠭᠡ ᠶᠠᠪᠤᠳᠠᠯ ᠢ ᠤᠳᠠᠭᠠᠰᠢᠷᠠᠭᠤᠯᠬᠤ ᠶᠢ ᠰᠡᠷᠭᠡᠶᠢᠯᠡᠵᠦ᠂ ᠰᠢᠰᠲ᠋ᠧᠮ ᠤᠨ ᠴᠢᠨᠠᠷᠲᠠᠢ ᠠᠶᠤᠯ | ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ | ︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠠᠵᠤ | ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ ᠤ ᠬᠢᠷᠢ | ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠴᠢᠬᠤᠯᠠ ᠡᠨᠧᠷᠭᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ ᠰᠠᠭᠤᠷᠢᠯᠠᠨ᠂ ᠠᠵᠤ | ᠠᠬᠤᠶ ᠶᠢᠨ ᠬᠥᠭᠵᠢᠯᠲᠡ ᠶᠢᠨ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠶ ᠳᠡᠭᠡᠷ᠎ᠡ ᠲᠠᠯᠪᠢᠵᠤ᠂ ︽ | ᠳᠥᠷᠪᠡᠨ ᠶᠡᠭᠡ ᠠᠵᠤ ᠦᠢᠯᠡᠰ ᠤᠨ ᠬᠡᠰᠡᠭ︾ ᠢ ᠢᠳᠡᠪᠬᠢᠲᠡᠶ ᠪᠠᠷ ᠪᠣᠶ ᠪᠣᠯᠭᠠᠵᠤ᠂ 7 ᠵᠤᠷᠪᠤᠰ ︽ | ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ︾ ᠶᠢ ᠦᠷᠭᠦᠯᠵᠢᠯᠡᠨ ᠴᠢᠩᠭᠠᠷᠠᠭᠤᠯᠵᠤ᠂ ᠴᠢᠨᠠᠷ ᠰᠠᠶᠢᠲᠠᠶ | ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ | ᠨᠢᠭᠡ ᠳᠤ᠂ ᠤᠳᠤ ᠦᠶ᠎ᠡ ᠶᠢᠨ ᠪᠣᠬᠢᠷᠲᠤᠯ ᠦᠭᠡᠢ ᠲᠠᠷᠢᠶᠠᠯᠠᠩ ᠮᠠᠯ ᠠᠵᠤ ᠠᠬᠤᠢ ᠶᠢ ᠪᠤᠵᠠᠭᠠᠶᠢᠷᠠᠭᠤᠯᠤᠨ᠎ᠠ᠃ | ᠲᠤᠭ᠎ᠠ ᠬᠡᠮᠵᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠭᠠᠷᠤᠯᠲᠠ ᠶᠢᠨ ᠬᠡᠮᠵᠢᠶ᠎ᠡ ᠶᠢ ᠨᠡᠮᠡᠭᠳᠡᠭᠦᠯᠬᠦ | ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠨ᠂ ᠦᠢᠯᠡᠳᠭᠦᠨ ᠤ ᠥᠷᠲᠡᠭ ᠢ ᠲᠥᠰᠦᠭᠡᠯᠡᠨ ᠪᠤᠳᠤᠬᠤ ︽ᠬᠤᠤᠰ | ᠵᠠᠭᠤ ᠬᠤᠤᠰ ᠮᠢᠩᠭᠠᠨ︾ ᠤ ᠬᠠᠷᠠᠯᠲᠠ ᠶᠢ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠵᠤ᠂ ᠠᠮᠤ ᠪᠤᠳᠠᠭᠠᠨ ᠤ | ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠠᠮᠤ ᠪᠤᠳᠠᠭᠠᠨ ᠤ ᠤᠨᠠᠯᠲᠠ ᠶᠢ ᠲᠣᠭᠲᠠᠭᠤᠨ ᠢᠶᠠᠷ | ᠨᠡᠮᠡᠭᠳᠡᠭᠦᠯᠵᠦ᠂ ᠤᠯᠤᠰ ᠤᠨ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ 71 ᠲᠦᠮᠡᠨ ᠮᠥ | ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ 750 ᠲᠦᠮᠡᠨ ᠮᠥ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠶ | ᠲᠠᠷᠢᠶᠠᠯᠠᠭ᠎ᠠ ᠪᠠ 10 ᠲᠦᠮᠡᠨ ᠮᠥ ᠰᠢᠷ᠎ᠠ ᠪᠤᠷᠴᠠᠭ ᠤᠨ ᠰᠢᠨ᠎ᠡ ᠡᠭᠦᠯᠳᠡᠷ ᠤᠨ ᠲᠤᠷᠰᠢᠯᠲᠠ ᠶᠢᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠪᠡᠶᠡᠯᠡᠭᠦᠯᠵᠦ᠂ ᠵᠠᠯᠠᠶᠢᠳ | ᠬᠤᠰᠢᠭᠤᠨ ᠤ ᠪᠥᠬᠦ ᠣᠷᠣᠨ ᠪᠦᠰᠡ ᠪᠠ ᠲᠤᠭᠤᠷ ᠤᠨ ᠭᠤᠤᠯ᠂ ᠵᠢᠶᠤᠤ ᠯᠢᠦ ᠾᠧ ᠭᠤᠤᠯ᠂ ᠬᠤᠤᠯᠢᠨ ᠭᠤᠤᠯ | ᠵᠡᠷᠭᠡ 4 ᠶᠡᠭᠡ ᠤᠰᠤᠯᠠᠯᠲᠠ ᠶᠢᠨ ᠣᠷᠣᠨ ᠤ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ | ᠂ ᠲᠤᠲᠤᠷᠭ᠎ᠠ᠂ ᠡᠷᠳᠡᠨᠢ ᠰᠢᠰᠢ ᠵᠡᠷᠭᠡ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠵᠦ᠂ | ᠠᠮᠤ ᠪᠤᠳᠠᠭ᠎ᠠ ᠳᠠᠷᠢᠬᠤ ᠲᠠᠯᠠᠪᠠᠶ ᠶᠢ 1680 ᠲᠦᠮᠡᠨ ᠮᠥ ᠳᠤ ᠬᠦᠷᠦᠭᠦᠯᠬᠦ ᠪᠠᠷ ᠴᠢᠷᠮᠠᠶᠢᠨ᠎ᠠ᠂ ᠡᠭᠦᠨ ᠳᠤ ᠤᠰᠤᠨ | ᠲᠤᠲᠤᠷᠭ᠎ᠠ ᠶᠢᠨ ᠳᠠᠷᠢᠬᠤ ᠲᠠᠯᠠᠪᠠᠶ ᠶᠢ 115 ᠲᠦᠮᠡᠨ ᠮᠥ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠠᠮᠤ | ᠪᠤᠳᠠᠭᠠᠨ ᠤ ᠤᠨᠠᠯᠲᠠ ᠶᠢ 130 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠮᠠᠯ ᠠᠵᠤ | ᠠᠬᠤᠶ ᠶᠢᠨ ᠬᠡᠪᠴᠢᠶᠡᠵᠢᠭᠰᠡᠨ ᠡᠷᠴᠢᠮᠵᠢᠭᠰᠡᠨ ᠬᠥᠭᠵᠢᠯᠲᠡ ᠶᠢ ᠠᠬᠢᠭᠤᠯᠵᠤ᠂ ᠤᠯᠤᠰ ᠤᠨ ᠳᠡᠰ ᠤᠨ ᠣᠳᠣ | ᠦᠶ᠎ᠡ ᠶᠢᠨ ᠮᠠᠯ ᠠᠵᠤ ᠠᠬᠤᠶ ᠶᠢᠨ ᠲᠤᠷᠰᠢᠯᠲᠠ ᠶᠢᠨ ᠣᠷᠣᠨ ᠢ ᠪᠠᠶᠢᠭᠤᠯᠬᠤ ᠪᠠᠷ ᠭᠠᠷᠳᠠᠴᠠ ᠪᠣᠯᠭᠠᠵᠤ᠂ | ᠤᠯᠤᠰ ᠤᠨ ᠦᠬᠡᠷ ᠬᠤᠨᠢᠨ ᠤ ᠭᠤᠣᠯ ᠡᠭᠦᠯᠳᠡᠷ ᠪᠤᠶᠢᠵᠢᠭᠤᠯᠬᠤ ᠲᠠᠯᠠᠪᠠᠶ᠂ ᠰᠠᠭᠠᠯᠢ ᠶᠢᠨ ᠦᠨᠢᠶᠡᠨ ᠤ ᠡᠭᠦᠯᠳᠡᠷ ᠤᠨ | ᠢᠷᠡᠯᠲᠡ ᠶᠢᠨ ᠰᠠᠭᠤᠷᠢᠨ ᠭᠠᠵᠠᠷ᠂ ᠤᠯᠤᠰ ᠤᠨ ᠬᠤᠨᠢ ᠡᠪᠡᠰᠦᠨ ᠤ ᠰᠠᠭᠤᠷᠢᠨ ᠭᠠᠵᠠᠷ᠂ ᠤᠯᠤᠰ ᠤᠨ | ᠲᠣᠭᠠᠴᠢᠯᠠᠭᠰᠠᠨ ᠮᠠᠯ ᠠᠵᠤ ᠠᠬᠤᠶ ᠶᠢᠨ ᠰᠢᠨ᠎ᠡ ᠶᠢ ᠡᠭᠦᠳᠬᠦ ᠬᠡᠷᠡᠭᠯᠡᠭᠡᠨ ᠤ ᠰᠠᠭᠤᠷᠢᠨ ᠭᠠᠵᠠᠷ ᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ 5 ᠰᠠᠭᠤᠷᠢ ᠬᠡᠪᠴᠢᠶᠡᠵᠢᠭᠦᠯᠦᠭᠰᠡᠨ ᠮᠠᠯᠵᠢᠯ ᠤᠨ | ᠲᠠᠯᠠᠪᠠᠶ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠵᠤ᠂ 7 ᠰᠠᠭᠤᠷᠢ | ᠪᠣᠷᠳᠣᠵᠤ ᠲᠠᠷᠭᠤᠯᠠᠭᠤᠯᠬᠤ ᠦᠬᠡᠷ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ 5 ᠰᠠᠭᠤᠷᠢ ᠠᠯᠠᠰᠢᠨ | ᠦᠬᠡᠷ ᠤᠨ ᠲᠣᠮᠣ ᠬᠡᠯᠪᠡᠷᠢ ᠶᠢᠨ ᠲᠡᠵᠢᠭᠡᠨ ᠦᠷᠡᠵᠢᠭᠦᠯᠬᠦ ᠲᠠᠯᠠᠪᠠᠶ ᠶᠢ ᠵᠢᠯ ᠤᠨ ᠡᠴᠦᠰ ᠲᠤ ᠳᠠᠭᠤᠰᠬᠠᠬᠤ ᠪᠠᠷ | ᠴᠢᠷᠮᠠᠶᠢᠵᠤ᠂ ᠠᠯᠠᠰᠢᠨ ᠬᠤᠨᠢ᠂ ᠭᠠᠭ᠋ᠠᠶ ᠵᠡᠷᠭᠡ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠮᠠᠯ ᠤᠨ | ᠲᠤᠭ᠎ᠠ ᠶᠢ 1200 ᠲᠦᠮᠡ ᠣᠷᠴᠢᠮ ᠳᠤ ᠲᠣᠭᠲᠠᠪᠤᠷᠢᠵᠢᠭᠤᠯᠤᠨ᠎ᠠ᠂ ᠡᠭᠦᠨ ᠳᠤ ᠠᠯᠠᠰᠢᠨ ᠦᠬᠡᠷ 170 ᠲᠦᠮᠡ᠂ | ᠰᠠᠭᠠᠯᠢ ᠶᠢᠨ ᠦᠨᠢᠶ᠎ᠡ 24 ᠲᠦᠮᠡ ᠪᠠᠶᠢᠵᠤ᠂ ᠰᠦ ᠶᠢᠨ ᠢᠷᠡᠯᠲᠡ ᠪᠠ ᠰᠦ ᠡᠳ᠋ᠰᠢᠭᠦᠯᠬᠦ ᠬᠤᠶᠠᠷ ᠲᠠᠯ᠎ᠠ ᠶᠢ | ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠬᠥᠭᠵᠢᠯᠲᠡ ᠶᠢᠨ ᠳᠡᠳ᠋ | ᠲᠥᠪ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠥᠷᠥᠯ | ᠲᠡᠮᠳᠡᠭᠲᠦ ᠶᠢ ᠢᠯᠡ ᠲᠣᠳᠣ ᠪᠣᠯᠭᠠᠵᠤ᠂ ︽ᠮᠣᠩᠭᠤᠯ︾ ᠥᠰᠥᠭ ᠤᠨ ᠲᠡᠮᠳᠡᠭ ᠢ ᠠᠰᠢᠭᠯᠠᠨ᠂ ︽ᠬᠢᠩᠭᠠᠨ | ᠠᠶᠢᠮᠠᠭ ᠤᠨ ᠭᠠᠷᠤᠯᠲᠠ᠂ ᠰᠡᠳᠬᠢᠯ ᠠᠮᠤᠷ ᠰᠣᠩᠭᠤᠯᠲᠠ︾ ᠶᠢ ᠳᠡᠯᠭᠡᠷᠡᠭᠦᠯᠵᠦ᠂ ︽ᠬᠢᠩᠭᠠᠨ ᠠᠶᠢᠮᠠᠭ ᠤᠨ | ᠲᠤᠲᠤᠷᠭ᠎ᠠ︾ ︽ᠬᠢᠩᠭᠠᠨ ᠠᠶᠢᠮᠠᠭ ᠤᠨ ᠦᠬᠡᠷ ᠤᠨ ᠮᠢᠬ᠎ᠠ︾ ︽ᠬᠢᠩᠭᠠᠨ ᠠᠶᠢᠮᠠᠭ ᠤᠨ ᠬᠤᠨᠢᠨ ᠮᠢᠬ᠎ᠠ︾ ᠵᠡᠷᠭᠡ | ᠭᠠᠵᠠᠷ ᠤᠨ ᠨᠠᠷᠠᠲᠤ ᠲᠥᠷᠥᠯ ᠲᠡᠮᠳᠡᠭᠲᠦ ᠪᠠ ︽ᠬᠢᠩᠭᠠᠨ ᠠᠶᠢᠮᠠᠭ ᠤᠨ ᠡᠬᠢ ᠰᠤᠷᠪᠤᠯᠵᠢ — ᠪᠠᠶᠢᠭᠠᠯᠢ ᠶᠢᠨ | ᠬᠢᠩᠭᠠᠨ ᠠᠶᠢᠮᠠᠭ ᠤᠨ ᠲᠦᠮᠡᠨ ᠪᠣᠳᠠᠰ︾ ᠤᠨ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ | ᠲᠡᠮᠳᠡᠭᠲᠦ ᠶᠢ ᠨᠠᠩ ᠬᠠᠩᠭᠢᠨᠠᠮ᠎ᠠ ᠪᠣᠯᠭᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠬᠦ | ᠲᠤᠰᠬᠠᠶ ᠠᠵᠢᠯᠯᠠᠭ᠎ᠠ ᠶᠢ ᠥᠷᠨᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠲᠠᠰ ᠬᠤᠪᠢᠶᠠᠬᠤ᠂ ᠶᠠᠰᠤ ᠴᠢᠨᠠᠷ ᠢ | ᠡᠵᠡᠮᠳᠡᠬᠦ᠂ ᠨᠠᠷᠠᠲᠤ ᠲᠥᠷᠥᠯ ᠲᠡᠮᠳᠡᠭᠲᠦ ᠶᠢ ᠳᠡᠯᠭᠡᠷᠡᠭᠦᠯᠬᠦ ᠪᠠ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠵᠡᠷᠭᠡ | ᠠᠵᠢᠯ ᠢ ᠪᠥᠬᠦ ᠲᠠᠯ᠎ᠠ ᠪᠠᠷ ᠠᠬᠢᠭᠤᠯᠤᠨ᠂ ᠪᠣᠷᠣᠯᠠᠭᠤᠯᠭ᠎ᠠ ᠶᠢᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠬᠢᠩᠭᠠᠨ | ᠣᠨᠴᠠᠯᠢᠭ ᠲᠠᠢ ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠥᠷᠥᠯ ᠲᠡᠮᠳᠡᠭᠲᠦ ᠶᠢᠨ ᠰᠢᠰᠲ᠋ᠧᠮᠵᠢ ᠶᠢ ᠪᠣᠶ | ᠪᠣᠯᠭᠠᠨ᠎ᠠ᠃ | ᠬᠤᠶᠠᠷ ᠲᠤ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠳᠪᠦᠷᠢ ᠶᠢ | ᠬᠦᠴᠦᠷᠬᠡᠭᠵᠢᠭᠦᠯᠦᠨ᠎ᠡ᠃ ︽ᠲᠠᠪᠤᠨ ᠵᠠᠭᠤᠨ ᠳ᠋ᠦᠩᠰᠢᠭᠤᠷ ᠲᠥᠭᠦᠷᠢᠭ ᠤᠨ ᠠᠵᠤ ᠦᠢᠯᠡᠰ︾ ︵ᠴᠠᠭᠠᠨ ᠢᠳᠡᠭᠡᠨ | ᠦᠢᠯᠡᠳᠬᠦ᠂ ᠴᠡᠪᠡᠷ ᠡᠨᠧᠷᠭᠢ᠂ ᠲᠡᠮᠦᠷᠯᠢᠭ ᠪᠣᠯᠪᠠᠰᠤᠷᠠᠭᠤᠯᠬᠤ ᠲᠣᠨᠤᠭ ᠲᠥᠬᠦᠭᠡᠷᠦᠮᠵᠢ᠂ ᠰᠢᠨ᠎ᠡ ᠬᠡᠯᠪᠡᠷᠢ ᠶᠢᠨ | ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ︶ | ᠤᠨ ᠬᠥᠭᠵᠢᠯᠲᠡ ᠶᠢᠨ ᠬᠠᠷᠠᠯᠲᠠ ᠶᠢ ᠴᠢᠩᠭ᠎ᠠ ᠠᠩᠬᠠᠷᠴᠤ᠂ ᠦᠢᠯᠡᠳᠬᠦ ᠦᠢᠯᠡᠰ ᠤᠨ ᠳᠡᠭᠡᠳᠦ ᠦᠵᠦᠭᠦᠷᠵᠢᠭᠰᠡᠨ᠂ | ᠤᠶᠤᠨᠴᠢᠯᠠᠭᠰᠠᠨ᠂ ᠪᠣᠬᠢᠷᠲᠤᠯ ᠥᠬᠡᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠠᠵᠤ ᠦᠢᠯᠡᠰ ᠤᠨ | ᠰᠠᠭᠤᠷᠢ ᠶᠢ ᠳᠠᠬᠢᠨ ᠦᠢᠯᠡᠳᠬᠦ᠂ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ᠂ ᠠᠵᠤ ᠠᠬᠤᠶᠢᠯᠠᠯ ᠤᠨ | ᠵᠢᠭᠰᠠᠭᠠᠯ ᠤᠨ ᠲᠣᠭᠲᠠᠴᠠ ᠶᠢ ᠨᠢᠭᠡ ᠴᠤᠭᠴᠠᠵᠢᠭᠤᠯᠤᠨ ᠠᠬᠢᠭᠤᠯᠤᠨ᠎ᠠ᠃ ᠨᠡᠮᠡᠭᠳᠡᠯ ᠤᠨ ᠬᠡᠮᠵᠢᠶ᠎ᠡ ᠶᠢ ᠦᠷᠭᠦᠯᠵᠢᠯᠡᠨ | ᠶᠡᠬᠡᠰᠬᠡᠵᠦ᠂ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ | ᠰᠠᠶᠢᠲᠤᠷ ᠠᠳᠬᠤᠵᠤ᠂ ᠰᠢᠨ᠎ᠡ ᠪᠠᠷ ᠨᠠᠶᠢᠳᠠᠪᠤᠷᠢᠵᠢᠭᠤᠯᠬᠤ ᠲᠥᠷᠥᠯ ᠵᠦᠢᠯ ᠢ ᠠᠶᠢᠮᠠᠭ ᠲᠤ ᠬᠠᠷᠢᠶᠠᠯᠠᠭᠳᠠᠬᠤ | ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠴᠠ ᠬᠤᠪᠢ ᠣᠷᠣᠭᠤᠯᠬᠤ ᠰᠢᠨ᠎ᠡ ᠡᠨᠧᠷᠭᠢ ᠶᠢᠨ ᠨᠡᠭᠡᠭᠡᠨ | ᠠᠰᠢᠭᠯᠠᠬᠤ ᠠᠷᠭ᠎ᠠ ᠮᠠᠶ᠋ᠢᠭ ᠢ ᠰᠦᠪᠡᠭᠴᠢᠯᠡᠨ ᠪᠠᠶᠢᠭᠤᠯᠵᠤ᠂ ᠳᠤᠮᠳᠠᠳᠤ ᠤᠯᠤᠰ ᠤᠨ ᠴᠥᠮ᠎ᠡ ᠶᠢᠨ | ᠭᠤᠪᠢᠭᠤᠯᠭ᠎ᠠ ᠶᠢᠨ ᠡᠨᠧᠷᠭᠢ ᠶᠢᠨ 100 ᠲᠦᠮᠡᠨ ᠺᠢᠯᠣᠸᠠᠲ ᠤᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠣᠬᠢᠷᠲᠤᠯ ᠦᠭᠡᠶ ᠴᠠᠬᠢᠯᠭᠠᠨ ᠬᠠᠩᠭᠠᠬᠤ ᠲᠥᠷᠥᠯ ᠵᠦᠢᠯ᠂ ᠮᠧᠩ ᠨᠧᠩ ᠰᠢᠨ᠎ᠡ ᠡᠨᠧᠷᠭᠢ ᠶᠢᠨ | ᠵᠠᠭᠤᠨ ᠲᠦᠮᠡᠨ ᠺᠢᠯᠣᠸᠠᠲ ᠤᠨ ᠰᠠᠭᠤᠷᠢᠨ ᠭᠠᠵᠠᠷ ᠤᠨ ᠲᠥᠷᠥᠯ ᠵᠦᠢᠯ᠂ ᠰᠣᠯᠣᠨ ᠤ 120 ᠲᠦᠮᠡᠨ | ᠺᠢᠯᠣᠸᠠᠲ ᠤᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠢᠯ ᠢ ᠡᠬᠢᠯᠡᠨ | ᠬᠡᠷᠡᠭᠵᠢᠭᠦᠯᠦᠨ᠎ᠡ᠃ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ᠂ ᠶᠢᠨ ᠯᠢᠶᠠᠨ᠂ ᠴᠤᠸᠠᠩ ᠶᠤᠸᠠᠨ | ᠰᠢᠨ᠎ᠡ ᠡᠨᠧᠷᠭᠢ ᠰᠢᠩᠭᠡᠭᠡᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠵᠥᠩ ᠭᠤᠸᠠᠩ | ᠴᠥᠮ᠎ᠡ ᠶᠢᠨ 300 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠵᠢᠯ ᠤᠨ | ᠡᠴᠦᠰ ᠠᠴᠠ ᠡᠮᠦᠨ᠎ᠡ ᠪᠥᠬᠦ ᠪᠠᠭᠲᠠᠭᠠᠮᠵᠢ ᠶᠢ ᠲᠣᠤᠷ ᠲᠤ ᠨᠡᠶᠢᠯᠡᠭᠦᠯᠬᠦ ᠶᠢ ᠳᠥᠯᠭᠢᠨ ᠠᠬᠢᠭᠤᠯᠵᠤ᠂ ᠪᠥᠬᠦ ᠵᠢᠯ ᠳᠤ | ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 400 ᠲᠦᠮᠡᠨ ᠺᠢᠯᠣᠸᠠᠲ ᠠᠴᠠ ᠳᠡᠭᠡᠭᠰᠢ | ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠬᠢᠩᠭᠠᠨ ᠠᠶᠢᠮᠠᠭ ᠤᠨ ︽ᠪᠤᠬᠢᠷᠳᠦᠯ ᠦᠭᠡᠢ︾ ᠰᠠᠨᠠᠭ᠎ᠠ ᠶᠢ ᠨᠠᠩ | ᠥᠳᠬᠡᠨ᠂ ︽ ᠪᠤᠬᠢᠷᠳᠦᠯ ᠦᠭᠡᠢ︾ ᠴᠢᠳᠠᠪᠤᠷᠢ ᠶᠢ ᠨᠠᠩ ᠭᠦᠢᠴᠡᠳ ᠪᠣᠯᠭᠠᠨ᠎ᠠ᠃ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠪᠣᠯᠪᠠᠰᠤᠷᠠᠭᠤᠯᠬᠤ ᠲᠣᠭᠤᠷᠢᠨ ᠳᠤ᠂ ᠢᠯᠢ ᠶᠢᠨ 5G ᠶᠢᠨ | ᠳᠡᠭᠡᠳᠦ ᠲᠠᠰ ᠤᠨ ᠰᠦ ᠶᠢᠨ ᠪᠦᠲᠦᠭᠡᠭᠳᠡᠬᠦᠨ ᠦᠢᠯᠡᠳᠬᠦ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠶᠢ | ᠠᠬᠢᠭᠤᠯᠵᠤ᠂ ᠮᠧᠩ ᠨᠢᠦ᠂ ᠬᠤᠩ ᠴᠧᠩ ᠰᠦ ᠶᠢᠨ ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ ᠳᠤ ᠬᠦᠴᠦᠨ | ᠨᠡᠮᠡᠷᠢᠯᠡᠵᠦ᠂ ᠲᠢᠶᠠᠨ ᠮᠥ ᠵᠧᠨ᠂ ᠡᠯ ᠯᠦᠩ ᠳᠦᠨ᠂ ᠬᠤᠷᠴᠢᠨ ᠸᠠᠨ ᠵᠢᠶᠠ ᠵᠡᠷᠭᠡ ᠲᠠᠷᠢᠶᠠᠯᠠᠩ ᠮᠠᠯ ᠠᠵᠤ | ᠠᠬᠤᠶ ᠶᠢᠨ ᠬᠥᠲᠥᠴᠢ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠪᠠᠨ ᠭᠦᠢᠴᠡᠳ ᠪᠠᠳᠠᠷᠠᠭᠤᠯᠬᠤ ᠶᠢ | ᠳᠡᠮᠵᠢᠵᠦ᠂ ᠬᠤᠸᠠ ᠶᠠᠩ ᠤᠨ 10 ᠲᠦᠮᠡᠨ ᠠᠯᠠᠰᠢᠨ ᠦᠬᠡᠷ ᠨᠢᠲᠤᠯᠵᠤ ᠡᠳ᠋ᠰᠢᠭᠦᠯᠬᠦ ᠵᠡᠷᠭᠡ ᠲᠥᠷᠥᠯ ᠵᠦᠢᠯ ᠤᠨ | ᠠᠰᠢᠭᠯᠠᠯᠲᠠ ᠳᠤ ᠣᠷᠣᠬᠤ ᠶᠢ ᠠᠬᠢᠭᠤᠯᠵᠤ᠂ ᠪᠥᠬᠦ ᠠᠶᠢᠮᠠᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ | ᠰᠢᠮ᠎ᠡ ᠶᠢ ᠡᠳ᠋ᠰᠢᠭᠦᠯᠦᠨ ᠬᠤᠪᠢᠷᠠᠭᠤᠯᠬᠤ ᠨᠣᠷᠮ᠎ᠠ ᠶᠢ 50% ᠳᠤ ᠬᠦᠷᠭᠡᠵᠦ᠂ ᠦᠢᠯᠡᠳᠭᠦᠨ ᠤ ᠥᠷᠲᠡᠭ ᠢ 90 | ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃ ᠬᠠᠳᠠᠭᠠᠯᠠᠯᠲᠠ ᠶᠢᠨ ᠬᠡᠮᠵᠢᠶ᠎ᠡ ᠶᠢ ᠦᠷᠭᠦᠯᠵᠢᠯᠡᠨ | ᠰᠢᠯᠢᠳᠡᠭᠵᠢᠭᠦᠯᠵᠦ᠂ ᠤᠯᠠᠭᠠᠨᠬᠤᠲᠠ ᠶᠢᠨ ᠲᠠᠮᠠᠬᠢᠨ ᠤ ᠦᠢᠯᠡᠳᠪᠦᠷᠢ ᠶᠢᠨ ᠰᠢᠨ᠎ᠡ ᠪᠠᠷ ᠨᠡᠮᠡᠭᠳᠡᠭᠰᠡᠨ 1 ᠲᠦᠮᠡᠨ | ᠲᠣᠮᠣ ᠬᠠᠶᠢᠷᠴᠠᠭ ᠦᠢᠯᠡᠳᠪᠦᠷᠢᠯᠡᠯ ᠤᠨ ᠭᠦᠢᠴᠡᠳᠭᠡᠯ ᠲᠤᠭ᠎ᠠ ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ | ᠠᠰᠢᠭ ᠭᠠᠶᠢᠯᠢ ᠶᠢ 40 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠬᠤ ᠬᠡᠷᠡᠭᠲᠡᠶ᠃ ᠤᠯᠠᠭᠠᠨᠬᠤᠳᠠ | ᠪᠤᠯᠤᠳ ᠲᠡᠮᠤᠷ ᠤᠨ ᠺᠣᠮᠫᠠᠨᠢ ᠶᠢᠨ 1200 ᠪᠣᠰᠤᠭ᠎ᠠ ᠳᠥᠷᠪᠡᠯᠵᠢᠨ ᠮᠧᠲᠷ ᠥᠨᠳᠥᠷ ᠵᠤᠤᠬ᠎ᠠ ᠶᠢᠨ | ᠦᠢᠯᠡᠳᠪᠦᠷᠢᠯᠡᠯ᠂ ᠰᠢᠲᠠᠭᠠᠨ ᠪᠠᠷᠢᠯᠳᠤᠭᠤᠯᠤᠭᠰᠠᠨ ᠲᠤᠨᠤᠭ ᠲᠥᠬᠦᠭᠡᠷᠦᠮᠵᠢ ᠶᠢ ᠰᠣᠯᠢᠵᠤ ᠲᠡᠰ ᠳᠡᠪᠰᠢᠭᠦᠯᠬᠦ᠂ | ᠰᠢᠨ᠎ᠡ ᠬᠡᠯᠪᠡᠷᠢ ᠶᠢᠨ ᠪᠤᠯᠤᠳ ᠮᠠᠲ᠋ᠧᠷᠢᠶᠠᠯ ᠤᠨ ᠦᠢᠯᠡᠳᠪᠦᠷᠢᠯᠡᠯ ᠤᠨ ᠱᠤᠭᠤᠮ ᠵᠡᠷᠭᠡ ᠲᠦᠷᠦᠯ ᠵᠦᠢᠯ ᠢ | ᠡᠬᠢᠯᠡᠭᠦᠯᠬᠦ ᠶᠢ ᠠᠬᠢᠭᠤᠯᠵᠤ᠂ ︽ ᠤᠯᠠᠭᠠᠨᠬᠤᠳᠠ ᠪᠤᠯᠤᠳ ᠲᠡᠮᠤᠷ ᠤᠨ ᠺᠣᠮᠫᠠᠨᠢ︾ ᠶᠢ ︽ᠪᠤᠬᠢᠷᠳᠦᠯ ᠦᠭᠡᠢ ᠪᠤᠯᠤᠳ | ᠲᠡᠮᠤᠷ︾ ᠪᠣᠯᠭᠠᠬᠤ᠂ ︽ᠣᠨᠴᠠᠭᠠᠢ ᠪᠤᠯᠤᠳ ᠲᠡᠮᠤᠷ︾ ᠪᠣᠯᠭᠠᠬᠤ ᠠᠯᠬᠤᠴᠠ ᠶᠢ ᠲᠦᠷᠭᠡᠳᠬᠡᠨ᠎ᠡ᠃ ᠪᠥᠸᠧ | ᠶᠤᠸᠠᠨ ᠬᠢᠮᠢ᠂ ᠤᠯᠠᠭᠠᠨ ᠶᠡᠭᠡ ᠬᠢᠮᠢ ᠶᠢᠨ ᠪᠣᠷᠲᠣᠭᠤᠷ ᠤᠨ ᠬᠤᠶᠠᠳᠤᠭᠠᠷ ᠬᠤᠭᠤᠴᠠᠭᠠᠨ ᠤ ᠪᠤᠬᠢᠷᠳᠦᠯ ᠦᠭᠡᠢ | ᠤᠰᠤᠲᠥ᠋ᠷᠥᠭᠴᠢ ᠪᠠᠷ ᠨᠡᠶᠢᠯᠡᠯᠭᠡ ᠰᠢᠪᠲᠦᠷ ᠦᠢᠯᠡᠳᠬᠦ ᠲᠥᠷᠥᠯ ᠵᠦᠢᠯ ᠢ ᠠᠬᠢᠭᠤᠯᠵᠤ᠂ ᠪᠣᠬᠢᠷᠲᠤᠯ ᠥᠬᠡᠶ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠪᠡᠶᠡᠯᠡᠭᠦᠯᠦᠨ᠎ᠡ᠃ ᠷᠠᠰᠢᠶᠠᠨ ᠤ | ᠷᠠᠰᠢᠶᠠᠨ ᠤᠰᠤᠨ ᠤ ᠠᠵᠤ ᠦᠢᠯᠡᠰ ᠢ ᠪᠥᠬᠦ ᠬᠦᠴᠦᠨ ᠢᠶᠠᠷ ᠢᠶᠠᠨ ᠠᠮᠢᠳᠤᠯᠢᠭ ᠪᠣᠯᠭᠠᠨ᠎ᠠ᠃ ᠮᠧᠩ ᠵᠢᠶᠠ ᠶᠢᠨ | 60 ᠲᠦᠮᠡᠨ ᠲᠣᠨ ᠰᠢᠲᠠᠭᠠᠯᠭ᠎ᠠ ᠶᠢᠨ ᠡᠲ᠋ᠢᠯ ᠠᠯᠺᠣᠣᠯ ᠤᠨ ᠲᠥᠷᠥᠯ ᠵᠦᠢᠯ ᠢ ᠤᠯᠤᠰ ᠤᠨ ᠡᠨᠧᠷᠭᠢ ᠶᠢᠨ | ᠲᠣᠪᠴᠢᠶ᠎ᠠ ᠶᠢᠨ ᠪᠠᠶᠢᠭᠤᠯᠬᠤ ᠶᠢ ᠵᠣᠭᠰᠣᠭᠠᠬᠤ ᠪᠠ ᠬᠤᠶᠢᠰᠢᠯᠠᠭᠤᠯᠬᠤ ᠨᠡᠷᠡᠰ ᠤᠨ ᠳᠣᠲᠣᠷ᠎ᠠ ᠠᠴᠠ ᠠᠯᠢ | ᠲᠦᠷᠭᠡᠨ ᠢᠶᠠᠷ ᠰᠢᠯᠵᠢᠭᠦᠯᠦᠨ ᠭᠠᠷᠭᠠᠬᠤ ᠪᠠᠷ ᠴᠢᠷᠮᠠᠶᠢᠨ᠎ᠠ᠃ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ | ᠥᠪᠡᠷ ᠤᠨ ᠥᠷᠲᠡᠭ ᠢᠶᠠᠷ ᠳᠣᠤᠷ᠎ᠠ ᠬᠦᠷᠢᠶᠡᠯᠡᠩ ᠲᠣᠭᠤᠷᠢᠭ ᠢ ᠪᠠᠶᠢᠭᠤᠯᠵᠤ᠂ ᠠᠶᠢᠮᠠᠭ ᠤᠨ ᠨᠡᠭᠡᠭᠡᠯᠲᠡ ᠶᠢᠨ | ᠲᠣᠭᠤᠷᠢᠭ ᠤᠨ ᠪᠣᠬᠢᠷᠲᠤᠯ ᠥᠬᠡᠶ ᠴᠠᠬᠢᠯᠭᠠᠨ ᠤ ᠪᠢᠴᠢᠯ ᠲᠣᠤᠷ ᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ | ᠵᠢᠱᠢᠶ᠎ᠡ ᠦᠵᠡᠭᠦᠯᠬᠦ ᠲᠥᠷᠥᠯ ᠵᠦᠢᠯ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ᠬᠦᠷᠢᠶᠡᠯᠡᠩ ᠲᠣᠭᠤᠷᠢᠭ ᠤᠨ | ᠪᠣᠬᠢᠷᠲᠤᠯ ᠥᠬᠡᠶ ᠴᠠᠬᠢᠯᠭᠠᠨ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠬᠦᠴᠦᠨ ᠵᠦᠢᠯ ᠤᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠶ᠃ ᠨᠡᠭᠡᠭᠡᠯᠲᠡ ᠶᠢᠨ | ᠲᠣᠭᠤᠷᠢᠭ ᠤᠨ ᠰᠤᠯᠠ ᠪᠠᠶᠢᠬᠤ ᠡᠬᠢ ᠪᠠᠶᠠᠯᠢᠭ ᠢ ᠴᠢᠯᠥᠭᠡᠲᠡᠶ ᠴᠢᠯᠥᠭᠡᠲᠡᠶ ᠪᠣᠯᠭᠠᠵᠤ᠂ ᠭᠠᠵᠠᠷ ᠰᠢᠷᠣᠶ ᠶᠢ | ᠶᠡᠷᠦᠩᠬᠡᠶᠢᠯᠡᠨ ᠠᠰᠢᠭᠯᠠᠬᠤ ᠦᠷ᠎ᠡ ᠠᠰᠢᠭ ᠢ ᠳᠡᠭᠡᠭᠰᠢᠯᠡᠭᠦᠯᠦᠨ᠂ ᠦᠢᠯᠡᠳᠪᠦᠷᠢ ᠶᠢᠨ ᠬᠡᠷ ᠪᠠᠶᠢᠰᠢᠩ᠂ ᠪᠠᠷᠢᠮᠵᠢᠶᠠᠲᠤ | ᠭᠠᠵᠠᠷ ᠵᠡᠷᠭᠡ ᠶᠢ ᠣᠷᠣᠯᠠᠨ ᠪᠠᠶᠢᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ | ᠣᠷᠣᠵᠤ ᠰᠠᠭᠤᠬᠤ ᠬᠦᠴᠦᠨ ᠵᠦᠢᠯ ᠤᠨ ᠪᠠᠲᠤᠯᠠᠭ᠎ᠠ ᠶᠢ ᠲᠡᠭᠦᠯᠳᠡᠷᠵᠢᠭᠦᠯᠦᠨ᠎ᠡ᠃ ᠰᠤᠷᠭᠠᠭᠤᠯᠢ ᠨᠢᠭᠡᠳᠡᠨ ᠤ ᠠᠵᠤ | ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠦᠷᠢᠨ | ᠪᠦᠲᠦᠨ ᠬᠡᠯᠬᠢᠶ᠎ᠡ ᠲᠠᠢ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ︽ᠨᠢᠰᠦᠭᠡ ᠭᠠᠵᠠᠷ ᠤᠨ ᠠᠵᠤ ᠠᠬᠤᠶ︾ | ᠶᠢ ᠬᠦᠴᠦᠯᠡᠨ ᠰᠠᠶᠢᠲᠤᠷ ᠠᠳᠬᠤᠵᠤ᠂ ᠵᠢᠯ ᠤᠨ ᠳᠣᠲᠣᠷ᠎ᠠ ᠬᠤᠰᠢᠭᠤ ᠰᠢᠶᠠᠨ ᠬᠤᠲᠠ ᠨᠢᠭᠡᠪᠦᠷᠢ ᠠᠶᠢᠮᠠᠭ ᠤᠨ | ᠨᠡᠭᠡᠭᠡᠯᠲᠡ ᠶᠢᠨ ᠲᠣᠭᠤᠷᠢᠭ ᠲᠤ ᠨᠠᠭᠠᠳᠤ ᠵᠠᠬ᠎ᠠ ᠳᠠᠭᠠᠨ 1 ᠨᠢᠰᠦᠭᠡ ᠭᠠᠵᠠᠷ ᠤᠨ ᠲᠥᠷᠥᠯ ᠵᠦᠢᠯ ᠳᠤ ᠡᠷᠦᠬᠡ ᠠᠮᠠ | ᠣᠷᠣᠭᠤᠯᠵᠤ᠂ ᠪᠠᠶᠢᠬᠤ ᠪᠠ ᠥᠬᠡᠶ ᠪᠠᠨ ᠬᠠᠷᠢᠯᠴᠠᠨ ᠰᠣᠯᠢᠯᠴᠠᠬᠤ ᠳᠤᠮᠳᠠ ︽ᠣᠷᠣ ᠥᠬᠡᠶ ᠭᠠᠵᠠᠷ ᠣᠪᠣᠭ᠎ᠠ | ᠪᠤᠰᠬᠠᠵᠤ᠂ ᠳᠤᠮᠳᠠ ᠠᠴᠠ ᠨᠢ ᠰᠢᠯᠢᠳᠡᠭ ᠢ ᠪᠣᠶ ᠪᠣᠯᠭᠠᠬᠤ︾ ᠶᠢ ᠪᠡᠶᠡᠯᠡᠭᠦᠯᠦᠨ᠎ᠡ᠃ | ᠭᠤᠷᠪᠠ ᠳᠤ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠦᠢᠯᠡᠰ ᠢ ᠰᠢᠯᠢᠳᠡᠭᠵᠢᠭᠦᠯᠦᠨ᠎ᠡ᠃ ᠪᠥᠬᠦ | ᠣᠷᠣᠨ ᠪᠦᠰᠡ ᠪᠥᠬᠦ ᠤᠯᠠᠷᠢᠯ ᠤᠨ᠂ ᠵᠦᠷᠢᠶᠡᠴᠢᠯᠡᠭᠰᠡᠨ ᠳᠡᠭᠡᠳᠦ ᠦᠵᠦᠭᠦᠷᠴᠢᠯᠡᠭᠰᠡᠨ ᠬᠥᠭᠵᠢᠯᠲᠡ ᠶᠢᠨ ᠪᠠᠶᠢᠷᠢ | ᠲᠣᠭᠲᠠᠭᠠᠯᠲᠠ ᠶᠢ ᠪᠠᠷᠢᠮᠲᠠᠯᠠᠵᠤ᠂ ︽ᠲᠤᠯᠤᠭᠠᠨ ᠨᠢᠭᠡ︾ ᠶᠢᠨ ᠢᠨᠵᠧᠨᠧᠷᠢᠩ ᠢᠶᠠᠷ ᠠᠴᠢᠶᠠᠯᠠᠪᠤᠷᠢ ᠪᠣᠯᠭᠠᠨ᠂ | ᠤᠯᠤᠰ ᠤᠨ ᠲᠠᠰ ᠤᠨ ᠵᠢᠭᠤᠯᠴᠢᠯᠠᠯ ᠰᠡᠯᠡᠭᠦᠴᠡᠯ ᠦᠨ ᠣᠷᠣᠨ ᠢ ᠡᠭᠦᠳᠦᠨ | ᠪᠠᠶᠢᠭᠤᠯᠬᠤ ᠪᠠᠷ ᠭᠠᠷᠳᠠᠴᠠ ᠪᠣᠯᠭᠠᠵᠤ᠂ ᠵᠢᠭᠤᠯᠴᠢᠯᠠᠯ ᠤᠨ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ | ᠨᠡᠷ᠎ᠡ ᠠᠯᠳᠠᠷ ᠢ ᠮᠠᠨᠳᠤᠭᠤᠯᠤᠨ᠎ᠠ᠃ ᠰᠠᠭᠤᠷᠢᠨ ᠭᠠᠵᠠᠷ ᠤᠨ ᠪᠡᠯᠡᠳᠬᠡᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ 40 ᠵᠦᠢᠯ ᠤᠨ ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 43.5 | ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠵᠢᠱᠢᠵᠦ᠂ ᠲᠠᠢ ᠸᠧᠶ ᠶᠢᠨ ᠬᠠᠯᠠᠭᠤᠨ | ᠷᠠᠰᠢᠶᠠᠨ ᠤ ᠠᠮᠠᠷᠠᠯᠲᠠ ᠶᠢᠨ ᠪᠠᠭᠤᠳᠠᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠠᠯ᠎ᠠ ᠨᠤᠲᠤᠭ ᠤᠨ | ᠪᠠᠭᠤᠳᠠᠯ᠂ ᠲᠦᠴᠢᠦᠸᠠᠨ ᠤ ᠡᠪᠦᠭᠡᠨ ᠠᠭᠤᠯᠠ ᠰᠢᠭᠤᠶ ᠠᠷᠠᠴᠢᠯᠠᠯᠲᠠ ᠶᠢᠨ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ | ᠴᠣᠭᠴᠠ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠢ ᠯᠠᠪᠳᠠᠭᠤᠨ ᠪᠠᠲᠤᠲᠠᠶ ᠠᠬᠢᠭᠤᠯᠵᠤ᠂ ᠥᠪᠡᠷᠲᠡᠭᠡᠨ ᠵᠠᠰᠠᠬᠤ | ᠣᠷᠣᠨ ᠤ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ᠂ ᠠᠭᠠᠷ ᠤᠨ ᠠᠶᠠᠯᠠᠯ ᠤᠨ ᠪᠠᠯᠠ ᠣᠷᠣᠭᠤᠯᠤᠯᠲᠠ | ᠵᠡᠷᠭᠡ ᠠᠵᠤ ᠠᠬᠤᠶᠢᠯᠠᠯ ᠤᠨ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠳᠤ ᠣᠷᠣᠯᠴᠠᠬᠤ ᠶᠢ | ᠢᠳᠡᠪᠬᠢᠲᠡᠶ ᠪᠠᠷ ᠵᠣᠯᠭᠠᠭᠤᠯᠤᠨ᠂ ᠨᠢᠭᠡ ᠪᠦᠯᠦᠭ ᠰᠢᠯᠢᠳᠡᠭ ᠦᠵᠡᠮᠵᠢ ᠶᠢᠨ ᠣᠷᠣᠨ ᠢ ᠬᠦᠴᠦᠯᠡᠨ ᠪᠣᠶ ᠪᠣᠯᠭᠠᠨ᠎ᠠ᠃ | ᠬᠤᠸᠠ ᠷᠦᠨ ᠬᠦᠰᠡᠯᠡᠩᠲᠦ ᠵᠢᠵᠢᠭ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ | ᠂ ᠷᠠᠰᠢᠶᠠᠨ ᠤ ᠵᠢᠶᠠᠨ ᠱᠠᠨ ᠠᠭᠤᠯᠠ ᠶᠢᠨ ᠪᠠᠶᠠᠷᠲᠤ ᠠᠭᠤᠯᠠ᠂ ᠰᠢ ᠺᠸᠦ ᠲᠣᠰᠬᠤᠨ ᠵᠡᠷᠭᠡ ᠨᠢᠭᠡ ᠪᠦᠯᠦᠭ | ᠠᠷᠠᠳ ᠤᠨ ᠣᠷᠣᠨ ᠰᠠᠭᠤᠴᠠ ᠶᠢ ᠢᠳᠡᠪᠬᠢᠲᠡᠶ ᠪᠠᠷ ᠪᠠᠶᠢᠭᠤᠯᠤᠨ᠎ᠠ᠃ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠤᠯᠠᠭᠠᠨᠮᠤᠳᠤ ᠶᠢᠨ ᠲᠠᠯ᠎ᠠ ᠨᠤᠲᠤᠭ ᠤᠨ ᠠᠯᠲᠠᠨ ᠡᠮᠡᠭᠡᠯ᠂ ᠵᠠᠯᠠᠶᠢᠳ ᠬᠤᠰᠢᠭᠤᠨ ᠤ ᠬᠤᠯᠪᠤᠭ᠎ᠠ | ᠲᠤᠲᠤᠷᠭ᠎ᠠ ᠵᠡᠷᠭᠡ ᠦᠵᠡᠮᠵᠢ ᠶᠢᠨ ᠣᠷᠣᠨ ᠤ A ᠳᠡᠰ ᠲᠡᠪᠰᠢᠬᠦ A ᠳᠡᠰ ᠳᠡᠭᠡᠭᠰᠢᠯᠡᠬᠦ ᠶᠢᠨ ᠠᠵᠢᠯ ᠢ ᠶᠡᠬᠡᠪᠡᠷ | ᠠᠬᠢᠭᠤᠯᠵᠤ᠂ ᠵᠢᠭᠤᠯᠴᠢᠯᠠᠯ ᠤᠨ ᠵᠠᠮ᠂ ᠵᠢᠭᠤᠯᠴᠢᠯᠠᠯ ᠤᠨ ᠵᠣᠷᠯᠣᠩ᠂ ᠦᠢᠯᠡᠴᠢᠯᠡᠭᠡᠨ ᠤ ᠵᠢᠯᠣᠭᠤᠳᠤᠮᠵᠢ᠂ | ᠣᠶᠤᠨᠴᠢ ᠲᠠᠪᠴᠠᠩ ᠵᠡᠷᠭᠡ ᠢᠵᠢ ᠪᠥᠷᠢᠳᠦᠭᠦᠯᠬᠦ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠰᠣᠳᠣᠨ | ᠵᠢᠭᠤᠯᠴᠢᠯᠠᠯ ᠤᠨ ᠵᠠᠮ ᠱᠤᠭᠤᠮ ᠢ ᠤᠯᠠᠮ ᠨᠢᠭᠡ ᠠᠯᠬᠤᠮ ᠪᠤᠶ ᠪᠣᠯᠭᠠᠵᠤ᠂ ︽ᠴᠡᠭ ᠢᠶᠠᠷ ᠱᠤᠭᠤᠮ ᠬᠤᠯᠪᠣᠵᠤ᠂ | ᠱᠤᠭᠤᠮ ᠢᠶᠠᠷ ᠨᠡᠶᠢᠳᠡᠮ ᠢ ᠳᠠᠶᠢᠴᠢᠯᠠᠬᠤ︾ ᠰᠡᠳᠬᠢᠴᠡ ᠪᠠᠷ᠂ ᠴᠢᠬᠤᠯᠠ ᠦᠵᠡᠮᠵᠢ ᠶᠢᠨ ᠣᠷᠣᠨ ᠦᠵᠡᠮᠵᠢ ᠶᠢᠨ | ᠣᠷᠣᠨ᠂ ᠵᠢᠭᠤᠯᠴᠢᠯᠠᠯ ᠤᠨ ᠪᠦᠲᠦᠭᠡᠭᠳᠡᠬᠦᠨ ᠤ ᠪᠠᠶᠢᠷᠢᠰᠢᠭᠤᠯᠤᠯᠲᠠ ᠲᠠᠢ ᠤᠶᠠᠯᠳᠤᠭᠤᠯᠤᠨ᠂ ᠬᠢᠩᠭᠠᠨ ᠤ | ᠬᠤᠪᠢᠰᠬᠠᠯᠳᠤ ᠵᠢᠭᠤᠯᠴᠢᠯᠠᠯ᠂ ᠬᠢᠩᠭᠠᠨ ᠤ ᠲᠠᠯ᠎ᠠ ᠨᠤᠲᠤᠭ ᠤᠨ ᠵᠠᠩ ᠦᠢᠯᠡ ᠶᠢᠨ ᠵᠢᠭᠤᠯᠴᠢᠯᠠᠯ᠂ ᠬᠢᠩᠭᠠᠨ ᠤ | ᠬᠢᠯᠢ ᠬᠢᠵᠠᠭᠠᠷ ᠢ ᠣᠶᠢᠯᠠᠭᠠᠬᠤ ᠵᠢᠭᠤᠯᠴᠢᠯᠠᠯ ᠵᠡᠷᠭᠡ ᠰᠣᠳᠣᠨ ᠵᠠᠮ ᠱᠤᠭᠤᠮ ᠢ ᠭᠦᠨᠵᠡᠭᠡᠶ ᠰᠦᠪᠡᠭᠴᠢᠯᠡᠵᠦ᠂ | ᠲᠤᠲᠤᠷᠭ᠎ᠠ ᠶᠢᠨ ᠲᠠᠷᠢᠶᠠᠨ ᠤ ᠰᠣᠶᠣᠯ ᠤᠨ ᠨᠠᠶᠢᠷ᠂ ᠷᠠᠰᠢᠶᠠᠨ ᠤ ᠬᠤᠷᠴᠠ ᠤᠯᠠᠭᠠᠨ ᠴᠡᠴᠡᠭ ᠤᠨ ᠨᠠᠶᠢᠷ᠂ | ᠲᠠᠪᠤᠯᠵᠢᠨ ᠪᠠᠲᠤᠴᠠᠭᠠᠨ ᠤ ᠵᠢᠭᠤᠯᠴᠢᠯᠠᠯ ᠤᠨ ᠨᠠᠶᠢᠷ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠪᠣᠶ ᠪᠣᠯᠭᠠᠵᠤ | ᠂ ︽ᠭᠤᠤᠯ ᠰᠡᠳᠦᠪ ᠢᠯᠡ ᠲᠣᠳᠣ᠂ ᠣᠨᠴᠠᠯᠢᠭ ᠲᠣᠪᠤᠶᠢᠮ᠎ᠠ᠂ ᠪᠥᠬᠦ ᠣᠷᠣᠨ ᠪᠦᠰᠡ ᠶᠢ ᠬᠠᠮᠤᠷᠤᠭᠰᠠᠨ᠂ | ᠳᠣᠲᠣᠨ᠎ᠠ ᠭᠠᠳᠠᠨᠠᠬᠢ ᠶᠢ ᠬᠤᠯᠪᠣᠭᠰᠠᠨ︾ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠰᠢᠨ᠎ᠡ ᠪᠠᠶᠢᠷᠢᠰᠢᠯ ᠢ ᠪᠣᠶ | ᠪᠣᠯᠭᠠᠨ᠎ᠠ᠃ ᠵᠤᠭᠠᠴᠠᠯ ᠤᠨ ᠦᠢᠯᠡᠰ ᠤᠨ ᠬᠡᠯᠪᠡᠷᠢ ᠪᠠᠶᠢᠳᠠᠯ ᠢ ᠤᠯᠠᠮ ᠪᠠᠶᠠᠯᠢᠭᠵᠢᠭᠤᠯᠵᠤ᠂ ᠵᠤᠭᠠᠴᠠᠯ ᠤᠨ | ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠬᠦ ᠳᠡᠭᠡᠷ᠎ᠡ ᠠᠩᠬᠠᠷᠤᠯ ᠢᠶᠠᠨ | ᠲᠦᠪᠯᠡᠷᠡᠭᠦᠯᠵᠦ᠂ ᠫᠢᠸᠤ᠋ ᠶᠢᠨ ᠡᠷᠦᠭᠡ ᠂ ᠬᠥᠳᠡᠯᠭᠡᠬᠦ ᠬᠦᠴᠦᠨ ᠦᠭᠡᠶ ᠴᠡᠩᠭᠡᠯ ᠤᠨ ᠬᠦᠷᠢᠶᠡᠯᠡᠩ ᠵᠡᠷᠭᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠪᠠᠷ ᠪᠤᠶᠢᠵᠢᠭᠤᠯᠵᠤ᠂ ︽ᠬᠢᠩᠭᠠᠨ ᠤ ᠵᠤᠭᠠᠴᠠᠯ ᠤᠨ ᠶᠣᠰᠣᠯᠠᠯ︾ | ᠵᠡᠷᠭᠡ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠭᠦᠨᠵᠡᠭᠡᠶ ᠨᠡᠭᠡᠭᠡᠨ ᠬᠥᠭᠵᠢᠭᠦᠯᠵᠦ᠂ ᠷᠠᠰᠢᠶᠠᠨ ᠤ ᠪᠤᠭᠤ | ᠵᠡᠷᠭᠡ ᠲᠠᠲᠠᠬᠤ ᠬᠦᠴᠦᠨ ᠲᠠᠢ ᠰᠣᠶᠣᠯ ᠤᠨ ᠡᠭᠦᠳᠦᠯᠲᠡ ᠶᠢᠨ IP ᠶᠢ ᠪᠤᠶᠢᠵᠢᠭᠤᠯᠤᠨ ᠬᠥᠭᠵᠢᠭᠦᠯᠵᠦ᠂ ︽ | ᠳᠤᠮᠳᠠᠳᠤ ᠤᠯᠤᠰ · ᠷᠠᠰᠢᠶᠠᠨ ᠤ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ︾ ︽ᠷᠠᠰᠢᠶᠠᠨ ᠤ ᠮᠥᠰᠥ | ᠴᠠᠰᠤᠨ ᠤ ᠨᠠᠶᠢᠷ︾ ᠪᠠ ᠭᠤᠷᠪᠠᠨ ᠵᠦᠢᠯ ᠤᠨ ᠭᠤᠤᠯᠳᠠᠯᠭ᠎ᠠ ᠲᠠᠢ ᠦᠵᠡᠰᠬᠦᠯᠡᠩ ︵ᠬᠠᠳᠬᠤᠮᠠᠯ ᠤᠨ ᠦᠵᠡᠰᠬᠦᠯᠡᠩ | ᠂ ᠪᠠᠲᠤᠴᠠᠭᠠᠨ ᠤ ᠬᠡᠷᠡᠯ ᠵᠢᠷᠤᠭ ᠤᠨ ᠦᠵᠡᠰᠬᠦᠯᠡᠩ᠂ ᠬᠢᠯᠢ ᠶᠢᠨ ᠬᠠᠮᠠᠭᠠᠯᠠᠯᠲᠠ ᠶᠢᠨ ᠱᠤᠭᠤᠮ ᠤᠨ ᠰᠣᠳᠣᠨ ᠤᠷᠠᠨ | ᠵᠢᠷᠤᠭ ᠤᠨ ᠪᠦᠲᠦᠭᠡᠯ ᠤᠨ ᠦᠵᠡᠰᠬᠦᠯᠡᠩ︶ ᠵᠡᠷᠭᠡ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ ᠳᠠᠭᠠᠭᠠᠴᠢᠯᠠᠨ | ᠡᠷᠭᠢᠯᠡᠵᠦ᠂ ᠬᠥᠮᠦᠨ ᠢ ᠲᠠᠲᠠᠬᠤ᠂ ᠬᠥᠮᠦᠨ ᠢ ᠦᠯᠡᠳᠡᠭᠡᠬᠦ᠂ ᠬᠡᠷᠡᠭᠯᠡᠭᠡᠨ ᠳᠤ ᠬᠡᠷᠡᠭᠯᠡᠵᠦ ᠪᠣᠯᠬᠤ ᠰᠣᠶᠣᠯ ᠤᠨ | ᠵᠢᠭᠤᠯᠴᠢᠯᠠᠯ ᠤᠨ ᠠᠵᠤ ᠦᠢᠯᠡᠰ ᠢ ᠬᠦᠴᠦᠯᠡᠨ ᠴᠣᠭᠴᠠᠯᠠᠨ᠎ᠠ᠃ ᠤᠬᠠᠭᠤᠯᠤᠨ ᠲᠠᠨᠢᠯᠴᠠᠭᠤᠯᠬᠤ ᠪᠠᠨ ᠤᠯᠠᠮ | ᠴᠢᠨᠠᠭᠰᠢᠳᠠ ᠴᠢᠩᠭᠠᠳᠬᠠᠵᠤ᠂ ᠤᠯᠠᠨ ᠠᠷᠭ᠎ᠠ ᠵᠠᠮ ᠢᠶᠠᠷ ︽ᠠᠭᠤᠯᠠᠨ ᠲᠠᠢ ᠬᠤᠯᠪᠤᠭᠠᠯᠠᠬᠤ᠂ ᠤᠰᠤ ᠲᠠᠢ | ᠬᠤᠯᠪᠤᠭᠠᠯᠠᠬᠤ᠂ ᠬᠢᠩᠭᠠᠨ ᠲᠠᠢ ᠬᠤᠯᠪᠤᠭᠠᠯᠠᠬᠤ︾ ᠵᠤᠭᠠᠴᠠᠯ ᠤᠨ ᠣᠷᠣᠨ ᠪᠦᠰᠡ ᠶᠢᠨ ᠫᠠᠶᠢᠰᠠ ᠶᠢᠨ ᠲᠦᠷᠢ | ᠲᠥᠷᠬᠦ ᠶᠢ ᠥᠷᠭᠡᠨ ᠢᠶᠠᠷ ᠤᠬᠠᠭᠤᠯᠵᠤ᠂ ᠬᠢᠩᠭᠠᠨ ᠠᠶᠢᠮᠠᠭ ᠤᠨ ᠵᠤᠭᠠᠴᠠᠯ ᠤᠨ ᠨᠥᠯᠥᠭᠡᠯᠡᠬᠦ ᠬᠦᠴᠦᠨ ᠪᠣᠯᠤᠨ | ᠦᠷᠢᠰᠦᠯᠳᠦᠬᠦ ᠬᠦᠴᠦᠨ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ᠪᠥᠬᠦ ᠵᠢᠯ ᠤᠨ ᠵᠢᠭᠤᠯᠴᠢᠯᠠᠯ ᠤᠨ | ᠬᠥᠮᠦᠨ ᠤ ᠲᠤᠭ᠎ᠠ ᠶᠢ 1200 ᠲᠦᠮᠡ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠵᠢᠭᠤᠯᠴᠢᠯᠠᠯ ᠤᠨ | ᠣᠷᠣᠯᠭ᠎ᠠ ᠶᠢ 100 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ᠲᠦᠷᠪᠡ ᠳᠤ᠂ ᠤᠨᠴᠠᠯᠢᠭᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠦᠢᠯᠡᠰ ᠢ ᠠᠮᠢᠳᠤᠯᠢᠭ | ᠪᠣᠯᠭᠠᠨ᠎ᠠ᠃ ᠭᠤᠷᠪᠠᠳᠤᠭᠠᠷ ᠠᠵᠤ ᠦᠢᠯᠡᠰ ᠢ ᠰᠡᠷᠭᠦᠭᠡᠨ ᠬᠥᠭᠵᠢᠭᠦᠯᠬᠦ ᠲᠠᠢ ᠨᠢᠭᠲᠠ ᠤᠶᠠᠯᠳᠤᠭᠤᠯᠤᠨ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ᠂ ᠠᠬᠤᠶ | ᠪᠠᠶᠢᠳᠠᠯ ᠢ ᠨᠡᠭᠡᠭᠡᠬᠦ᠂ ᠬᠠᠩᠭᠠᠯᠭ᠎ᠠ ᠶᠢ ᠰᠢᠯᠢᠳᠡᠭᠵᠢᠭᠦᠯᠬᠦ ᠶᠢ ᠳᠡᠮᠵᠢᠵᠦ᠂ ︽ᠲᠠᠪᠤᠨ ᠶᠡᠭᠡ ᠰᠢᠰᠲ᠋ᠧᠮᠵᠢ ᠶᠢᠨ | ᠪᠠᠶᠢᠭᠤᠯᠤᠯᠲᠠ︾ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠨ ᠤᠨᠴᠠᠯᠢᠭᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ | ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠬᠤᠲᠠ ᠬᠥᠳᠡᠭᠡ ᠶᠢᠨ ᠥᠨᠳᠥᠷ | ᠪᠦᠲᠦᠮᠵᠢᠲᠡᠶ ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠲᠣᠮᠣ | ᠠᠷᠠᠯᠵᠢᠶ᠎ᠠ ᠬᠤᠳᠠᠯᠳᠤᠭ᠎ᠠ᠂ ᠲᠣᠮᠣ ᠪᠠᠷᠠᠭᠠᠨ ᠤ ᠭᠦᠢᠯᠭᠡᠭᠡᠨ ᠤ ᠣᠨᠣᠯᠵᠢᠬᠤᠨ ᠢ ᠪᠣᠶ ᠪᠣᠯᠭᠠᠵᠤ᠂ ᠡᠯ᠎ᠡ ᠲᠠᠯ᠎ᠠ ᠶᠢᠨ | ᠪᠠᠯᠠ ᠮᠥᠩᠭᠦ ᠶᠢ ᠢᠳᠡᠪᠬᠢᠲᠡᠶ ᠪᠠᠷ ᠲᠡᠮᠡᠴᠡᠨ ᠤᠯᠬᠤ ᠪᠠ ᠡᠮᠬᠢᠯᠡᠨ ᠨᠡᠶᠢᠯᠡᠭᠦᠯᠵᠦ᠂ ᠰᠢᠶᠠᠨ ᠤ ᠬᠡᠪᠴᠢᠶ᠎ᠡ ᠵᠢᠴᠢ | ᠣᠷᠣᠨ ᠪᠦᠰᠡ ᠠᠯᠤᠰᠯᠠᠭᠰᠠᠨ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ ᠤᠨ | ᠲᠥᠷᠥᠯ ᠵᠦᠢᠯ ᠢ ᠲᠥᠯᠥᠪᠵᠢᠭᠦᠯᠦᠨ ᠪᠠᠶᠢᠷᠢᠯᠠᠭᠤᠯᠬᠤ ᠬᠡᠷᠡᠭᠲᠡᠶ᠃ ᠡᠯᠧᠺᠲᠷᠣᠨ ᠬᠤᠳᠠᠯᠳᠤᠭ᠎ᠠ ᠶᠢᠨ ᠡᠨᠧᠷᠭᠢ | ᠣᠯᠭᠤᠬᠤ ᠬᠥᠭᠵᠢᠯᠲᠡ ᠶᠢ ᠲᠦᠷᠭᠡᠳᠬᠡᠵᠦ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭ᠎ᠠ ᠶᠢᠨ | ᠬᠥᠭᠵᠢᠯᠲᠡ ᠶᠢᠨ ᠳᠤᠲᠠᠭᠤᠳᠠᠯ ᠪᠠ ᠪᠣᠭᠤᠮᠢ ᠶᠢ ᠢᠳᠡᠪᠬᠢᠲᠡᠶ ᠪᠠᠷ ᠰᠢᠢᠳᠪᠦᠷᠢᠯᠡᠵᠦ᠂ ᠰᠦᠯᠵᠢᠶ᠎ᠡ ᠪᠠᠷ ᠬᠤᠳᠠᠯᠳᠤᠨ | ᠠᠪᠬᠤ ᠪᠠ ᠰᠦᠯᠵᠢᠶ᠎ᠡ ᠪᠠᠷ ᠪᠣᠷᠣᠯᠠᠭᠤᠯᠬᠤ ᠶᠢ ᠰᠠᠶᠢᠲᠤᠷ ᠬᠢᠵᠦ ᠬᠡᠷᠡᠭᠯᠡᠭᠡ ᠶᠢᠨ ᠲᠠᠰ ᠳᠡᠪᠰᠢᠬᠦ ᠪᠠ ᠴᠢᠨᠠᠷ ᠰᠠᠶᠢᠲᠠᠶ | ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠶᠢ ᠳᠠᠶᠢᠴᠢᠯᠠᠨ᠎ᠠ᠃ | ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠷᠠᠯᠵᠢᠶ᠎ᠠ | ᠬᠤᠳᠠᠯᠳᠤᠭᠠᠨ ᠤ ᠠᠷᠭ᠎ᠠ ᠵᠠᠮ ᠢ ᠳᠣᠷᠣᠭᠰᠢ ᠪᠠᠭᠤᠯᠭᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ︽ᠨᠢᠭᠡ ᠭᠠᠵᠠᠷ | ᠨᠢᠭᠡ ᠦᠢᠯᠡᠳᠭᠦᠨ︾ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾ ᠢᠨᠵᠧᠨᠧᠷᠢᠩ ᠢ ᠬᠡᠷᠡᠭᠵᠢᠭᠦᠯᠵᠦ | ᠂ ᠪᠠᠷᠠᠭᠠᠨ ᠤ ᠭᠦᠢᠯᠭᠡᠭᠡ ᠶᠢ ᠬᠤᠲᠠ ᠠᠴᠠ ᠭᠠᠷᠭᠠᠵᠤ ᠲᠣᠰᠬᠤᠨ ᠳᠤ ᠣᠷᠣᠭᠤᠯᠬᠤ ︽ᠡᠴᠦᠰ ᠤᠨ ᠨᠢᠭᠡ | ᠺᠢᠯᠣᠮᠧᠲᠷ︾ ᠢ ᠨᠡᠪᠲᠡᠷᠡᠭᠦᠯᠬᠦ ᠬᠡᠷᠡᠭᠲᠡᠶ᠃ ᠡᠳ᠋ ᠪᠠᠷᠠᠭᠠᠨ ᠤ ᠭᠦᠢᠯᠭᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ | ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠲᠠᠬᠢ ᠠᠵᠤ ᠠᠬᠤᠶᠢᠯᠠᠯ ᠤᠨ ᠲᠡᠮᠦᠷ ᠵᠠᠮ ᠤᠨ ᠣᠶᠤᠨᠴᠢ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ | ᠤᠯᠠᠭᠠᠨᠬᠤᠲᠠ ᠶᠢᠨ ᠳ᠋ᠠ ᠾᠧ ᠡᠳ᠋ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠬᠥᠯᠳᠡᠭᠡᠵᠦ ᠬᠠᠳᠠᠭᠠᠯᠠᠬᠤ᠂ | ᠵᠠᠯᠠᠶᠢᠳ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠢ ᠨᠥᠭᠡᠴᠡᠯᠡᠵᠦ ᠰᠣᠷᠭᠤᠭ ᠪᠠᠶᠢᠯᠭᠠᠬᠤ ᠡᠳ᠋ ᠪᠠᠷᠠᠭᠠᠨ ᠤ | ᠭᠦᠢᠯᠭᠡᠭᠡᠨ ᠤ ᠰᠠᠭᠤᠷᠢᠨ ᠭᠠᠵᠠᠷ ᠵᠡᠷᠭᠡ ᠨᠢᠭᠡ ᠪᠦᠯᠦᠭ ᠡᠳ᠋ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠳ᠋ ᠪᠠᠷᠠᠭᠠᠨ ᠤ ᠭᠦᠢᠯᠭᠡᠭᠡᠨ ᠤ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠬᠦ ᠬᠡᠷᠡᠭᠲᠡᠶ᠃ ᠠᠵᠤ ᠠᠬᠤᠶᠢᠯᠠᠯ ᠢ | ᠪᠤᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠣᠲᠣ ᠶᠢᠨ ᠪᠠᠶᠢᠭ᠎ᠠ ᠠᠷᠠᠯᠵᠢᠶ᠎ᠠ | ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠨᠢᠷᠤᠭᠤᠪᠴᠢ ᠠᠵᠤ ᠠᠬᠤᠶᠢᠯᠠᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠶᠢ ᠦᠷᠭᠦᠯᠵᠢᠯᠡᠨ ᠳᠡᠮᠵᠢᠵᠦ᠂ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠠ ᠠᠶᠢᠮᠠᠭ ᠤᠨ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠶᠡᠭᠡ ᠬᠡᠮᠵᠢᠶᠡᠨ ᠤ ᠲᠠᠸᠠᠷ ᠤᠨ ᠬᠥᠮᠥᠷᠭᠡᠯᠡᠨ ᠬᠠᠳᠠᠭᠠᠯᠠᠬᠤ ᠰᠠᠭᠤᠷᠢᠨ ᠭᠠᠵᠠᠷ ᠪᠠ | ᠠᠷᠠᠯᠵᠢᠶᠠᠨ ᠤ ᠲᠥᠪ ᠪᠠᠶᠢᠭᠤᠯᠬᠤ ᠶᠢ ᠳᠡᠮᠵᠢᠵᠦ᠂ ᠲᠠᠸᠠᠷ ᠤᠨ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ | ᠳᠣᠭᠢᠷᠠᠭᠤᠯᠤᠨ ᠬᠦᠷᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠣᠭᠤᠮᠲᠠ ᠪᠠᠷ ᠥᠩᠭᠡᠷᠡᠭᠦᠯᠬᠦ ᠰᠢᠰᠲ᠋ᠧᠮᠵᠢ ᠶᠢᠨ | ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠶᠤᠨᠲᠤ ᠺᠠᠷᠲ ᠤᠨ ᠠᠮᠠᠰᠠᠷ ᠤᠨ ᠲᠥᠬᠦᠭᠡᠷᠦᠮᠵᠢ | ᠤᠭᠰᠠᠷᠠᠬᠤ ᠶᠢ ᠪᠡᠶᠡᠯᠡᠭᠦᠯᠵᠦ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠰᠢᠰᠲ᠋ᠧᠮ ᠢ ᠪᠦᠬᠦᠨ ᠢ ᠬᠠᠮᠤᠷᠬᠤ᠂ | ᠲᠤᠭ᠎ᠠ ᠪᠠᠷᠢᠮᠲᠠ ᠶᠢᠨ ᠵᠠᠯᠭᠠᠭᠠᠰᠤ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠬᠦ | ᠬᠡᠷᠡᠭᠲᠡᠶ᠃ | ︵ᠭᠤᠷᠪᠠ︶ ᠠᠮᠢ ᠠᠬᠤᠶ ᠶᠢᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠠᠵᠤ ᠠᠬᠤᠶ ᠨᠡᠶᠢᠭᠡᠮ ᠤᠨ ᠪᠣᠬᠢᠷᠲᠤᠯ ᠥᠬᠡᠶ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ | ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ | ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ | ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠠᠷᠪᠢᠲᠠᠶ ᠡᠷᠴᠢᠮᠯᠢᠭ᠂ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠲᠠᠯ᠎ᠠ ᠪᠠᠷ ᠰᠢᠨ᠎ᠡ ᠠᠯᠬᠤᠮ ᠢ | ᠠᠯᠬᠤᠵᠤ᠂ ᠰᠢᠨ᠎ᠡ ᠪᠠᠶᠢᠳᠠᠯ ᠢ ᠨᠡᠭᠡᠭᠡᠨ᠎ᠡ᠃ | ᠨᠢᠭᠡ ᠳᠤ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠬᠠᠮᠠᠭᠠᠯᠠᠨ᠎ᠠ᠃ ᠠᠮᠢ | ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠎ᠠ᠃ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠵᠦ᠂ ᠶᠡᠭᠡ ᠬᠡᠪᠴᠢᠶᠡᠨ ᠤ ᠤᠯᠤᠰ ᠤᠨ ᠨᠤᠲᠤᠭ | ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ 19 ᠲᠦᠮᠡᠨ ᠮᠦ | ᠮᠣᠳᠣ ᠳᠠᠷᠢᠬᠤ᠂ 130 ᠲᠦᠮᠡᠨ ᠮᠦ ᠡᠪᠡᠰᠦ ᠳᠠᠷᠢᠵᠤ ᠰᠠᠶᠢᠵᠢᠷᠠᠭᠤᠯᠬᠤ᠂ 87 ᠲᠦᠮᠡᠨ ᠮᠦ ᠬᠥᠷᠥᠰᠥ | ᠰᠢᠷᠣᠢ ᠶᠢᠨ ᠢᠳᠡᠭᠳᠡᠯ ᠢ ᠵᠠᠰᠠᠬᠤ᠂ 80 ᠢᠳᠡᠭᠳᠡᠯ ᠤᠨ ᠭᠤᠤ ᠶᠢ ᠵᠠᠰᠠᠬᠤ ᠶᠢ ᠪᠡᠶᠡᠯᠡᠭᠦᠯᠵᠦ᠂ ᠨᠤᠲᠤᠭ | ᠪᠡᠯᠴᠢᠭᠡᠷ ᠤᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ | ᠵᠡᠷᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠣᠯᠤᠨ | ᠲᠣᠭᠲᠠᠪᠤᠷᠢᠲᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠳᠤᠮᠳᠠᠳᠤ ᠤᠯᠤᠰ ᠤᠨ ᠤᠮᠠᠷᠠᠲᠤ ᠶᠢᠨ 300 | ᠲᠦᠮᠡᠨ ᠮᠥ ᠶᠢᠨ ᠣᠯᠠᠨ ᠮᠣᠳᠣᠨ ᠤ ᠲᠥᠷᠥᠯ ᠤᠨ ᠮᠣᠳᠣᠯᠢᠭ ᠲᠣᠰᠣᠯᠢᠭ ᠲᠠᠷᠢᠮᠠᠯ ᠤᠨ ᠰᠠᠭᠤᠷᠢᠨ ᠭᠠᠵᠠᠷ ᠪᠠ | 200 ᠲᠦᠮᠡᠨ ᠮᠥ ᠶᠢᠨ ᠠᠵᠤ ᠠᠬᠤᠶ ᠶᠢᠨ ᠣᠶ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ 9 ᠲᠦᠮᠡᠨ ᠮᠥ ᠶᠢᠨ ᠬᠡᠭᠡᠷ᠎ᠡ ᠶᠢᠨ ᠲᠢᠲᠢᠮ ᠵᠢᠮᠢᠰ᠂ ᠲᠣᠮᠣ ᠰᠢᠳ | ᠵᠡᠷᠭᠡ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ 20 ᠲᠦᠮᠡᠨ ᠮᠥ ᠶᠢᠨ ᠬᠤᠨᠢᠨ ᠡᠪᠡᠰᠦ ᠳᠠᠷᠢᠬᠤ ᠪᠠ | ᠦᠷ᠎ᠡ ᠶᠢᠨ ᠰᠠᠭᠤᠷᠢᠨ ᠭᠠᠵᠠᠷ ᠢ ᠬᠥᠭᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠬᠤᠨᠢᠨ ᠡᠪᠡᠰᠦ | ᠳᠠᠷᠢᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠣᠷᠴᠢᠨ ᠠᠬᠤᠶ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠤᠣᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠶᠡᠷᠦᠩᠬᠡᠶ | ᠬᠡᠮᠵᠢᠶ᠎ᠡ ᠶᠢ ᠬᠢᠵᠠᠭᠠᠷᠯᠠᠬᠤ᠂ ᠬᠡᠷᠡᠭᠴᠡᠭᠡ ᠶᠢ ᠵᠠᠬᠢᠷᠤᠨ ᠬᠠᠮᠢᠶᠠᠷᠬᠤ ᠶᠢ ᠲᠦᠯᠬᠢᠨ ᠠᠬᠢᠭᠤᠯᠬᠤ ᠬᠡᠷᠡᠭᠲᠡᠶ᠃ ᠣᠶ | ᠰᠢᠭᠤᠶ ᠡᠪᠡᠰᠦ ᠪᠡᠯᠴᠢᠭᠡᠷ ᠤᠨ ᠣᠷᠳᠣ ᠬᠤᠭᠤᠴᠠᠭ᠎ᠠ ᠶᠢᠨ ᠲᠦᠷᠢᠮ᠂ ᠮᠠᠯ ᠪᠡᠯᠴᠢᠭᠡᠷ ᠢ ᠲᠡᠩᠴᠡᠭᠦᠷᠢ ᠲᠠᠢ | ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠣᠶ ᠰᠢᠭᠤᠶ ᠡᠪᠡᠰᠦ ᠪᠡᠯᠴᠢᠭᠡᠷ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠪᠠ | ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ᠎ᠡ᠃ | ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ | ᠴᠢᠩᠭᠠᠳᠬᠠᠵᠤ᠂ ᠬᠠᠤᠯᠢ ᠬᠡᠷᠡᠭᠵᠢᠭᠦᠯᠬᠦ ᠵᠦᠢᠯᠡᠰ ᠤᠨ ᠭᠠᠷᠴᠠᠭ ᠪᠠ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ | ᠵᠥᠪ ᠲᠠᠯ᠎ᠠ ᠶᠢᠨ ᠲᠣᠳᠣᠷᠬᠠᠶ ᠬᠠᠭᠤᠳᠠᠰᠤ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠠᠷ᠎ᠠ ᠰᠠᠷ᠎ᠠ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ | ᠲᠤᠬᠢᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠣᠮᠧᠷ ᠢ ᠬᠠᠰᠤᠬᠤ ᠠᠵᠢᠯ ᠢ ᠴᠢᠩᠭ᠎ᠠ ᠪᠣᠳᠠᠲᠠᠢ | ᠰᠠᠶᠢᠲᠤᠷ ᠠᠳᠬᠤᠨ᠎ᠠ᠃ ᠲᠦᠷᠢᠮ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠨᠠᠷᠢᠯᠢᠬᠵᠢᠭᠤᠯᠤᠭᠰᠠᠨ ᠰᠢᠰᠲ᠋ᠧᠮ ᠢ ᠪᠠᠶᠢᠭᠤᠯᠵᠤ᠂ ︽ | ᠭᠤᠷᠪᠠᠨ ᠱᠤᠭᠤᠮ ᠨᠢᠭᠡ ᠲᠠᠩᠰᠠ︾ ᠶᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠬᠦ ᠬᠡᠷᠡᠭᠲᠡᠢ᠃ | ᠪᠥᠬᠦ ᠠᠶᠢᠮᠠᠭ ᠤᠨ ᠨᠤᠭᠤ ᠭᠠᠵᠠᠷ ᠢ ᠬᠠᠮᠠᠭᠠᠯᠠᠬᠤ ᠲᠥᠯᠥᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠨᠤᠭᠤ | ᠭᠠᠵᠠᠷ ᠤᠨ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠠᠵᠢᠯ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ | ᠃ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠨ | ᠪᠦᠷᠢᠨᠰᠢᠬᠦᠯᠵᠦ᠂ ᠲᠣᠰ ᠲᠣᠰ ᠤᠨ ᠭᠤᠤᠯᠳᠠᠯᠭ᠎ᠠ ᠲᠠᠢ᠂ ᠲᠣᠰ ᠲᠣᠰ ᠤᠨ ᠣᠨᠴᠠᠯᠢᠭ ᠲᠠᠢ ᠬᠢᠨᠠᠨ ᠰᠢᠯᠭᠠᠬᠤ | ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠲᠥᠷᠥᠯ ᠬᠤᠪᠢᠶᠠᠨ᠎ᠠ᠃ | ᠬᠤᠶᠠᠷ ᠲᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ | ᠬᠢᠬᠦ ᠬᠡᠷᠡᠭᠲᠡᠢ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ᠡᠰᠢ ᠰᠦᠷᠡᠯ ᠢ ᠰᠢᠲᠠᠭᠠᠬᠤ᠂ | ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ᠂ ᠠᠵᠤ ᠦᠢᠯᠡᠳᠪᠦᠷᠢ ᠶᠢᠨ ᠪᠣᠬᠢᠷᠲᠤᠯ ᠤᠨ ᠡᠬᠢ᠂ ᠮᠠᠰᠢᠨ | ᠲᠡᠷᠭᠡᠨ ᠤ ᠪᠣᠬᠢᠷᠲᠤᠯ ᠢ ᠵᠠᠰᠠᠬᠤ ᠠᠵᠢᠯ ᠢ ᠬᠦᠴᠦ ᠲᠠᠯᠪᠢᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠴᠠᠭ | ᠬᠤᠭᠤᠴᠠᠭᠠᠨ ᠳᠤ ᠬᠤᠸᠠᠷ ᠫᠤᠤᠵᠢᠩ ᠲᠠᠯᠪᠢᠬᠤ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠴᠠᠬᠢᠯᠭᠠᠨ | ᠬᠦᠴᠦᠨ᠂ ᠱᠦᠢᠨᠢ ᠵᠡᠷᠭᠡ ᠪᠤᠰᠤᠳ ᠭᠤᠣᠯᠳᠠᠯᠭ᠎ᠠ ᠲᠠᠢ ᠠᠵᠢᠯ ᠲᠦᠷᠦᠯ ᠤᠨ ᠬᠡᠳᠤ ᠳᠣᠣᠷ᠎ᠠ | ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠭᠠᠷ ᠤᠨ ᠶᠠᠰᠤ | ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 97.5% ᠠᠴᠠ ᠳᠡᠭᠡᠭᠰᠢ ᠪᠠᠶᠢᠯᠭᠠᠬᠤ ᠶᠢ | ᠦᠨᠡᠨ ᠬᠦ ᠪᠠᠲᠤᠯᠠᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ᠰᠢᠶᠠᠩ ᠪᠠᠯᠭᠠᠰᠤ ᠶᠢᠨ ᠪᠣᠬᠢᠷ | ᠤᠰᠤ ᠶᠢ ᠰᠢᠢᠳᠪᠦᠷᠢᠯᠡᠬᠦ ᠦᠢᠯᠡᠳᠪᠦᠷᠢ ᠪᠠ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢ ᠵᠣᠬᠢᠬᠤ | ᠬᠡᠮᠵᠢᠶ᠎ᠡ ᠪᠠᠷ ᠠᠬᠢᠭᠤᠯᠵᠤ᠂ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠲᠥᠪᠯᠡᠷᠡᠩᠭᠦᠶ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ᠂ 10 ᠭᠠᠵᠠᠷ ᠤᠨ ᠭᠠᠳᠠᠷᠭᠤ ᠶᠢᠨ ᠤᠰᠤᠨ ᠤ ᠤᠯᠤᠰ ᠠᠴᠠ ᠡᠵᠡᠮᠳᠡᠬᠦ ᠬᠢᠨᠠᠨ ᠬᠡᠮᠵᠢᠯᠲᠡ ᠶᠢᠨ | ᠣᠭᠲᠣᠯᠤᠭᠠᠰᠤ ᠶᠢᠨ ᠳᠤᠮᠳᠠᠴᠢ ᠤᠰᠤᠨ ᠤ ᠴᠢᠨᠠᠷ ᠢ ᠪᠦᠬᠦᠨ ᠢ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠨ᠎ᠠ᠃ | ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ᠲᠠᠷᠢᠶᠠᠯᠠᠩ ᠳᠤ ᠬᠡᠷᠡᠭᠯᠡᠬᠦ ᠭᠠᠵᠠᠷ ᠪᠠ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠡᠵᠡᠮᠳᠡᠬᠦ | ᠠᠵᠢᠯ ᠢ ᠰᠠᠶᠢᠲᠤᠷ ᠠᠳᠬᠤᠵᠤ᠂ ᠲᠠᠷᠢᠶᠠᠯᠠᠩ ᠤᠨ ᠦᠢᠯᠡᠳᠪᠦᠷᠢᠯᠡᠯ ᠤᠨ ︽ᠳᠥᠷᠪᠡ ᠶᠢ ᠬᠢᠵᠠᠭᠠᠷᠯᠠᠬᠤ︾ | ᠶᠡᠷᠦᠩᠬᠡᠶᠢᠯᠡᠭᠰᠡᠨ ᠵᠠᠰᠠᠯᠲᠠ ᠶᠢ ᠳᠥᠯᠭᠢᠨ ᠠᠬᠢᠭᠤᠯᠵᠤ᠂ ᠦᠯᠡᠳᠡᠭᠳᠡᠯ ᠬᠦᠳᠡᠷ ᠤᠨ ᠬᠥᠮᠥᠷᠭᠡ ᠶᠢ ᠲᠥᠷᠥᠯ | ᠬᠤᠪᠢᠶᠠᠨ ᠬᠠᠮᠢᠶᠠᠷᠬᠤ ᠶᠢ ᠬᠡᠷᠡᠭᠵᠢᠭᠦᠯᠦᠨ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠷᠢᠶᠠᠬᠤ᠂ ᠲᠡᠭᠡᠭᠡᠪᠦᠷᠢᠯᠡᠬᠦ᠂ | ᠰᠢᠢᠳᠪᠦᠷᠢᠯᠡᠬᠦ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠥᠷᠥᠰᠥ ᠰᠢᠷᠣᠶ ᠶᠢᠨ ᠣᠷᠴᠢᠨ | ᠲᠣᠭᠤᠷᠢᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠠᠶᠤᠯᠲᠠᠶ ᠬᠠᠶᠠᠭᠳᠠᠮᠠᠯ ᠪᠣᠳᠠᠰ ᠢ | ᠰᠢᠯᠵᠢᠭᠦᠯᠦᠨ ᠰᠢᠢᠳᠪᠦᠷᠢᠯᠡᠬᠦ ᠠᠰᠢᠭᠯᠠᠯᠲᠠ ᠶᠢᠨ ᠨᠣᠷᠮ᠎ᠠ ᠶᠢ 100% ᠳᠤ ᠬᠦᠷᠭᠡᠵᠦ᠂ ᠬᠤᠲᠠ ᠶᠢᠨ ᠭᠤᠸᠠᠨ | ᠪᠠᠯᠭᠠᠰᠤ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠶ᠋ᠳᠪᠦᠷᠢᠯᠡᠬᠦ ᠨᠣᠷᠮ᠎ᠠ ᠶᠢ 100% ᠳᠤ ᠬᠦᠷᠭᠡᠨ᠎ᠡ᠃ | ᠭᠤᠷᠪᠠ ᠳᠤ ᠠᠷᠪᠢᠲᠠᠶ ᠡᠷᠴᠢᠮᠯᠢᠭ ᠣᠷᠴᠢᠯ ᠬᠥᠭᠵᠢᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ | ᠡᠨᠧᠷᠭᠢ ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ | ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠪᠣᠬᠢᠷᠲᠤᠭᠤᠯᠤᠯ ᠶᠡᠬᠡᠲᠡᠶ ᠵᠦᠢᠯᠡᠰ ᠤᠨ ᠳᠣᠣᠷ᠎ᠠ ᠲᠦᠪᠰᠢᠨ ᠳᠤ ᠰᠣᠬᠤᠷ | ᠪᠠᠯᠠᠶ ᠪᠠᠷ ᠬᠥᠭᠵᠢᠬᠦ ᠶᠢ ᠡᠷᠡᠰ ᠬᠤᠷᠢᠭᠯᠠᠬᠤ ᠬᠡᠷᠡᠭᠲᠡᠶ᠃ ᠠᠮᠢ ᠠᠬᠤᠶ ᠶᠢᠨ ᠥᠷᠲᠡᠭ ᠤᠨ ᠲᠣᠭᠠᠴᠠᠭ᠎ᠠ ᠬᠢᠵᠦ | ᠬᠡᠷᠡᠭᠯᠡᠬᠦ ᠵᠢᠴᠢ ᠲᠠᠷᠢᠶᠠᠯᠠᠩ ᠮᠠᠯ ᠠᠵᠤ ᠠᠬᠤᠶ᠂ ᠵᠢᠭᠤᠯᠴᠢᠯᠠᠯ ᠤᠨ ᠦᠢᠯᠡᠰ ᠤᠨ ᠠᠵᠤ ᠦᠢᠯᠡᠰ ᠤᠨ ᠠᠮᠢ | ᠠᠬᠤᠶᠢᠵᠢᠭᠤᠯᠬᠤ ᠠᠷᠭ᠎ᠠ ᠵᠠᠮ ᠤᠨ ᠵᠠᠭᠪᠤᠷ ᠢ ᠬᠠᠶᠢᠨ ᠰᠦᠪᠡᠭᠴᠢᠯᠡᠬᠦ ᠵᠡᠷᠭᠡ ᠶᠢᠨ ᠲᠣᠭᠤᠷᠢᠨ ᠳᠤ ᠰᠢᠨ᠎ᠡ ᠶᠢ | ᠡᠭᠦᠳᠬᠦ ᠲᠤᠷᠰᠢᠯᠲᠠ ᠬᠢᠵᠦ᠂ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠬᠤ ᠪᠠᠷ ᠴᠢᠷᠮᠠᠶᠢᠨ᠎ᠠ ᠃ | ᠨᠡᠭᠦᠷᠡᠰᠦᠲᠥ᠋ᠷᠥᠭᠴᠢ ᠶᠢᠨ ᠠᠷᠠᠯᠵᠢᠶ᠎ᠠ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠷᠠᠰᠢᠶᠠᠨ | ᠬᠤᠲᠠ ᠶᠢᠨ ᠪᠥᠬᠦ ᠤᠯᠤᠰ ᠤᠨ ᠣᠶ ᠰᠢᠭᠤᠶ ᠶᠢᠨ ᠦᠢᠯᠡᠰ ᠤᠨ ᠨᠡᠭᠦᠷᠡᠰᠦᠲᠥ᠋ᠷᠥᠭᠴᠢ ᠶᠢ ᠬᠤᠷᠠᠭᠤᠯᠬᠤ | ᠲᠤᠷᠰᠢᠯᠲᠠ ᠶᠢ ᠰᠠᠶᠢᠲᠤᠷ ᠠᠳᠬᠤᠵᠤ᠂ ᠨᠥᠭᠡᠴᠡᠯᠡᠬᠦ ᠣᠶ ᠰᠢᠭᠤᠶ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢ | ᠬᠤᠷᠠᠭᠤᠯᠬᠤ ᠲᠥᠷᠥᠯ ᠵᠦᠢᠯ ᠢ ᠲᠥᠯᠥᠪᠵᠢᠭᠦᠯᠵᠦ᠂ ᠨᠡᠭᠦᠷᠡᠰᠦᠲᠥ᠋ᠷᠥᠭᠴᠢ ᠶᠢᠨ ᠱᠣᠰᠢᠭ᠎ᠠ ᠶᠢᠨ ᠥᠪᠡᠷᠲᠡᠭᠡᠨ | ᠵᠠᠰᠠᠬᠤ ᠣᠷᠣᠨ ᠤ ᠲᠠᠰ ᠤᠨ ᠲᠤᠷᠰᠢᠯᠲᠠ ᠶᠢ ᠥᠷᠨᠢᠭᠦᠯᠵᠦ᠂ ᠨᠡᠭᠦᠷᠡᠰᠦᠲᠥ᠋ᠷᠥᠭᠴᠢ ᠶᠢᠨ ᠠᠷᠠᠯᠵᠢᠶ᠎ᠠ ᠶᠢ ᠲᠦᠷᠭᠡᠬᠡᠨ | ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠶ᠃ ᠡᠬᠢ ᠪᠠᠶᠠᠯᠢᠭ ᠢ ᠠᠷᠪᠢᠯᠠᠬᠤ ᠬᠡᠯᠪᠡᠷᠢ ᠶᠢᠨ ᠨᠡᠶᠢᠭᠡᠮ ᠤᠨ | ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠡᠨᠧᠷᠭᠢ ᠠᠷᠪᠢᠯᠠᠬᠤ᠂ ᠠᠭᠤᠷᠬᠠᠶ ᠠᠷᠪᠢᠯᠠᠬᠤ᠂ | ᠭᠠᠵᠠᠷ ᠠᠷᠪᠢᠯᠠᠬᠤ᠂ ᠤᠰᠤ ᠠᠷᠪᠢᠯᠠᠬᠤ᠂ ᠠᠮᠤ ᠪᠤᠳᠠᠭ᠎ᠠ ᠠᠷᠪᠢᠯᠠᠬᠤ ᠵᠡᠷᠭᠡ 8 ᠶᠡᠭᠡ ᠭᠤᠣᠯᠳᠠᠯᠭ᠎ᠠ ᠲᠠᠢ | ᠬᠦᠷᠢᠶᠡᠨ ᠳᠤ ᠤᠯᠠᠮ ᠨᠢᠭᠡ ᠠᠯᠬᠤᠮ ᠪᠣᠳᠠᠲᠤ ᠦᠷ᠎ᠡ ᠪᠦᠲᠦᠮᠵᠢ ᠣᠯᠵᠤ᠂ ᠳᠥᠭᠦᠮ ᠪᠥᠭᠡᠳ ᠲᠣᠬᠢᠷᠠᠮᠵᠢᠲᠠᠶ᠂ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ | ᠢᠳᠡᠪᠬᠢᠲᠡᠶ ᠪᠠᠷ ᠰᠠᠨᠠᠭᠠᠴᠢᠯᠠᠬᠤ ᠬᠡᠷᠡᠭᠲᠡᠶ᠃ ᠭᠠᠵᠠᠷ ᠰᠢᠷᠣᠶ ᠶᠢᠨ ᠡᠬᠢ ᠪᠠᠶᠠᠯᠢᠭ ᠢ ᠠᠷᠪᠢᠯᠠᠨ ᠠᠰᠢᠭᠯᠠᠬᠤ ᠠᠵᠢᠯ ᠢ | ᠲᠣᠪᠤᠶᠢᠮ᠎ᠠ ᠰᠠᠶᠢᠲᠤᠷ ᠠᠳᠬᠤᠵᠤ᠂ 1.2 ᠲᠦᠮᠡᠨ ᠮᠥ ᠶᠢᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠣᠶ ᠶᠢᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ ᠶᠢ ᠦᠨᠡᠨᠬᠦ ᠪᠠᠲᠤᠯᠠᠵᠤ᠂ 2 ᠲᠦᠮᠡᠨ | ᠮᠥ ᠶᠢᠨ ᠤᠰᠤᠨ ᠲᠠᠷᠢᠶ᠎ᠠ ᠶᠢᠨ ᠬᠡᠪᠴᠢᠶ᠎ᠡ ᠶᠢᠨ ᠭᠦᠢᠴᠡᠳᠭᠡᠯ ᠲᠤᠭ᠎ᠠ ᠶᠢ ᠮᠤᠵᠢ ᠠᠯᠤᠰᠯᠠᠨ ᠠᠷᠠᠯᠵᠢᠶᠠᠯᠠᠵᠤ᠂ ᠡᠯ᠎ᠡ | ᠬᠤᠰᠢᠭᠤ ᠰᠢᠶᠠᠨ ᠬᠤᠲᠠ ᠥᠪᠡᠰᠦᠪᠡᠨ ᠳᠠᠷᠤᠯᠲᠠ ᠨᠡᠮᠡᠵᠦ᠂ ᠡᠭᠦᠨ ᠤ ᠰᠠᠭᠤᠷᠢᠨ ᠳᠡᠭᠡᠷ᠎ᠡ ᠠᠷᠠᠯᠵᠢᠶᠠᠯᠠᠬᠤ | ᠬᠡᠮᠵᠢᠶ᠎ᠡ ᠪᠠᠨ ᠥᠷᠭᠡᠳᠬᠡᠵᠦ ᠪᠣᠯᠤᠨ᠎ᠠ᠃ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ | ᠠᠵᠢᠯᠯᠠᠭ᠎ᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠳᠠᠷᠤᠭᠳᠠᠵᠤ ᠪᠠᠶᠢᠭ᠎ᠠ ᠪᠠᠯᠠ ᠮᠥᠩᠭᠦ᠂ | ᠳᠠᠷᠤᠭᠳᠠᠵᠤ ᠪᠠᠶᠢᠭ᠎ᠠ ᠡᠳ᠋ ᠬᠥᠷᠥᠩᠭᠡ ᠶᠢᠨ ᠪᠠᠶᠢᠪᠠᠰᠤ ᠵᠣᠬᠢᠬᠤ ᠦᠢᠯᠡᠳᠦᠯ ᠢ ᠪᠠᠳᠠᠷᠠᠭᠤᠯᠤᠨ᠎ᠠ᠃ | ︵ᠲᠦᠷᠪᠡ︶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠰᠢᠨ᠎ᠡ ᠶᠢ ᠡᠭᠦᠳᠬᠦ ᠪᠠ ᠨᠡᠭᠡᠭᠡᠯᠳᠡ ᠶᠢ | ᠥᠷᠭᠡᠳᠬᠡᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠬᠥᠭᠵᠢᠯᠲᠡ ᠶᠢᠨ ᠬᠥᠳᠡᠯᠭᠡᠭᠴᠢ | ᠡᠨᠧᠷᠭᠢ ᠶᠢ ᠬᠦᠴᠦᠯᠡᠨ ᠬᠥᠭᠵᠢᠭᠡᠨ᠎ᠡ᠃ ︽ᠠᠵᠤ ᠠᠬᠤᠶ ᠶᠢᠨ ᠬᠥᠭᠵᠢᠯᠲᠡ ᠶᠢᠨ ᠭᠠᠳᠠᠭᠰᠢ ᠪᠠᠨ ᠬᠠᠨᠳᠤᠬᠤ | ᠬᠡᠮᠵᠢᠶ᠎ᠡ ᠥᠨᠳᠥᠷ ᠪᠢᠰᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠢᠰᠢ᠂ | ᠳᠣᠲᠣᠭᠠᠳᠤ ᠶᠢᠨ ᠬᠥᠳᠡᠯᠭᠡᠬᠦ ᠬᠦᠴᠦᠨ ᠬᠦᠷᠦᠯᠴᠡᠬᠦ ᠥᠬᠡᠶ︾ ᠪᠠᠶᠢᠬᠤ ᠠᠶᠢᠮᠠᠭ ᠤᠨ ᠦᠨᠳᠦᠰᠦᠨ ᠪᠠᠶᠢᠳᠠᠯ ᠳᠤ | ᠰᠠᠭᠤᠷᠢᠯᠠᠨ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠷᠭᠦᠯᠵᠢᠯᠡᠨ | ᠥᠭᠡᠷᠡᠴᠢᠯᠡᠯᠲᠡ ᠠᠴᠠ ᠠᠮᠢᠵᠢᠷᠠᠯ ᠤᠨ ᠬᠦᠴᠦᠨ ᠣᠯᠵᠤ᠂ ᠰᠢᠨ᠎ᠡ ᠶᠢ ᠡᠭᠦᠳᠬᠦ ᠠᠴᠠ ᠬᠥᠳᠡᠯᠭᠡᠬᠦ ᠬᠦᠴᠦᠨ ᠣᠯᠵᠤ᠂ | ᠨᠡᠭᠡᠭᠡᠯᠲᠡ ᠠᠴᠠ ᠠᠰᠢᠭ ᠤᠯᠬᠤ ᠶᠢ ᠠᠬᠢᠭᠤᠯᠤᠨ᠎ᠠ᠃ | ᠨᠢᠭᠡ ᠳᠤ ᠨᠡᠩ ᠥᠨᠳᠥᠷ ᠪᠠᠷᠢᠮᠵᠢᠶ᠎ᠠ ᠪᠠᠷ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ | ᠃ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠥᠪᠡᠷᠲᠡᠭᠡᠨ ᠵᠠᠰᠠᠬᠤ | ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 3.0 ᠲᠥᠰᠦᠯ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠤᠨ᠂ 2022 ᠣᠨ ᠤ ᠥᠪᠡᠷᠲᠡᠭᠡᠨ ᠵᠠᠰᠠᠬᠤ ᠣᠷᠣᠨ ᠤ ᠦᠨᠡᠯᠡᠨ ᠵᠢᠱᠢᠵᠦ ᠬᠠᠷᠢᠭᠤ ᠲᠤᠰᠬᠠᠬᠤ | ᠠᠰᠠᠭᠤᠳᠠᠯ ᠤᠨ ᠡᠭᠦᠷᠭᠡ ᠶᠢ ᠵᠠᠳᠠᠯᠬᠤ ᠪᠠ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠨᠡᠯᠡᠨ ᠵᠢᠱᠢᠵᠦ ᠲᠠᠰ ᠳᠡᠪᠰᠢᠭᠦᠯᠦᠨ | ᠣᠷᠣᠨ ᠪᠠᠶᠢᠷᠢ ᠳᠡᠪᠰᠢᠭᠦᠯᠬᠦ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠴᠢᠳᠠᠪᠤᠷᠢ ᠪᠠᠨ ᠳᠡᠭᠡᠭᠰᠢᠯᠡᠭᠦᠯᠬᠦ ᠶᠢ | ᠴᠢᠩᠭ᠎ᠠ ᠠᠳᠬᠤᠵᠤ᠂ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠶᠢ ᠠᠬᠢᠭᠤᠯᠬᠤ ᠶᠢ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ᠂ ᠨᠡᠶᠢᠭᠡᠮ ᠤᠨ | ᠪᠠᠲᠤᠯᠠᠭ᠎ᠠ᠂ ᠡᠮ ᠡᠮᠨᠡᠯᠭᠡ ᠪᠣᠯᠤᠨ ᠠᠵᠤ ᠠᠬᠤᠶᠢᠯᠠᠯ ᠡᠷᠬᠢᠯᠡᠬᠦ᠂ ᠡᠵᠡᠩᠨᠡᠯᠲᠡ ᠶᠢᠨ ᠵᠥᠪᠰᠢᠶᠡᠷᠡᠯ ᠵᠡᠷᠭᠡ ᠥᠨᠳᠥᠷ | ᠲᠠᠪᠳᠠᠮᠵᠢᠳᠤ ᠬᠡᠷᠡᠭ ᠶᠠᠪᠤᠳᠠᠯ ᠢ ︽ᠨᠢᠭᠡ ᠯᠡ ᠤᠳᠠᠭ᠎ᠠ ᠳᠤ ᠰᠢᠢᠳᠪᠦᠷᠢᠯᠡᠬᠦ︾᠂ ︽ᠠᠯᠠᠭᠠᠨ ᠠᠴᠠ ᠭᠦᠢᠴᠡᠳᠬᠡᠬᠦ︾ | ᠶᠢ ᠪᠡᠶᠡᠯᠡᠭᠦᠯᠬᠦ ᠬᠡᠷᠡᠭᠲᠡᠢ᠃ 12345 ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ | ᠤᠲᠠᠰᠤ ᠶᠢᠨ ᠬᠠᠮᠢᠶᠠᠷᠤᠯᠲᠠ ᠪᠠ ᠲᠠᠪᠴᠠᠩ ᠤᠨ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ ︽ᠨᠢᠭᠡ | ᠤᠲᠠᠰᠤ ᠪᠠᠷ ᠨᠡᠪᠲᠡᠷᠡᠭᠦᠯᠬᠦ︾ ᠴᠢᠳᠠᠪᠤᠷᠢ ᠶᠢ ᠴᠢᠩᠭᠠᠷᠠᠭᠤᠯᠤᠨ᠂ ᠳᠠᠭᠠᠬᠤ ᠨᠣᠷᠮ᠎ᠠ ᠶᠢ ᠪᠥᠬᠦ ᠵᠢᠯ ᠳᠤ 99. | 5% ᠳᠤ ᠬᠦᠷᠦᠭᠦᠯᠵᠦ᠂ ᠰᠢᠢᠳᠪᠦᠷᠢᠯᠡᠬᠦ ᠨᠣᠷᠮ᠎ᠠ᠂ ᠬᠠᠨᠤᠮᠵᠢᠲᠠᠶ ᠨᠣᠷᠮ᠎ᠠ ᠶᠢ ᠲᠣᠰ ᠲᠣᠰ 75% ᠠᠴᠠ | ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠪᠠ᠃ ᠲᠣᠰᠬᠤᠨ ᠤ ᠱᠠᠲᠤᠨ ᠤ ︽ᠨᠢᠭᠡ ᠥᠷᠲᠡᠭᠡ ᠬᠠᠪᠰᠤᠷᠤᠨ | ᠭᠦᠢᠴᠡᠳᠭᠡᠬᠦ︾ ᠶᠢᠨ ᠦᠢᠯᠡᠴᠢᠯᠡᠭᠡᠨ ᠢ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠤᠮᠤ | ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠵᠦᠢᠯᠡᠰ ᠢ | ᠲᠣᠰ ᠲᠣᠰ 80 ᠵᠦᠢᠯ ᠪᠠ 70 ᠵᠦᠢᠯ ᠳᠤ ᠬᠦᠷᠦᠭᠦᠯᠬᠦ ᠪᠠᠷ ᠴᠢᠷᠮᠠᠶᠢᠨ᠎ᠠ᠃ ᠦᠢᠯᠡᠴᠢᠯᠡᠭᠡ ᠶᠢ | ᠰᠢᠯᠢᠳᠡᠭᠵᠢᠭᠦᠯᠬᠦ ᠶᠢ ᠴᠢᠩᠭ᠎ᠠ ᠠᠳᠬᠤᠵᠤ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠭᠡᠯ ᠬᠤᠷᠢᠶᠠᠯᠲᠠ ᠶᠢ | ᠴᠢᠩᠭ᠎ᠠ ᠬᠢᠵᠠᠭᠠᠷᠯᠠᠨ᠂ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡ ᠶᠢ ᠰᠢᠯᠢᠳᠡᠭᠵᠢᠭᠦᠯᠵᠦ᠂ ︽ᠥᠪᠥᠷ | ᠮᠣᠩᠭᠤᠯ ᠠᠵᠤ ᠠᠬᠤᠶᠢᠯᠠᠯ ᠳᠤ ᠨᠡᠪᠲᠡᠷᠡᠬᠦ︾ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠬᠡᠷᠡᠭᠯᠡᠯᠲᠡ | ᠳᠡᠯᠭᠡᠷᠡᠭᠦᠯᠦᠯᠲᠡ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠳᠣᠲᠣᠨᠣ ᠪᠥᠭᠡᠳ ᠴᠡᠪᠡᠷ ᠰᠢᠨ᠎ᠡ ᠬᠡᠯᠪᠡᠷᠢ ᠶᠢᠨ | ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠢᠳᠡᠪᠬᠢᠲᠡᠶ ᠪᠠᠶᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ | ᠭᠤᠤᠯ ᠴᠣᠭᠴᠠ ᠶᠢ ᠣᠯᠠᠰᠢᠷᠠᠭᠤᠯᠤᠨ᠂ ᠠᠮᠢᠳᠤᠯᠢᠭ ᠪᠣᠯᠭᠠᠵᠤ᠂ ᠬᠦᠴᠦᠷᠬᠡᠭᠵᠢᠭᠦᠯᠬᠦ ᠪᠠᠷ ᠴᠢᠷᠮᠠᠶᠢᠬᠤ ᠬᠡᠷᠡᠭᠲᠡᠶ᠃ | ᠬᠤᠶᠠᠷ ᠲᠤ ᠨᠡᠩ ᠶᠡᠭᠡ ᠡᠷᠴᠢᠮ ᠢᠶᠠᠷ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠳᠣᠷᠣᠭᠰᠢᠬᠢ ᠡᠳ᠋ ᠤᠨ ᠵᠠᠰᠠᠭ ᠤᠨ ᠪᠠᠶᠢᠭᠤᠯᠤᠯ ᠤᠨ | ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠦᠴᠢᠷᠳᠡᠯᠲᠡᠶ | ᠭᠠᠵᠠᠷ ᠣᠷᠣᠨ ᠤ ᠰᠢᠯᠵᠢᠭᠦᠯᠦᠨ ᠥᠭᠬᠦ ᠪᠠ ᠱᠠᠲᠤ ᠦᠶ᠎ᠡ ᠶᠢᠨ ᠴᠢᠨᠠᠷᠲᠠᠶ ᠣᠨᠴᠣᠭᠤᠶ ᠰᠢᠯᠵᠢᠭᠦᠯᠦᠨ ᠥᠭᠬᠦ | ᠨᠥᠬᠦᠪᠥᠷᠢ ᠶᠢᠨ ᠬᠡᠪᠴᠢᠶ᠎ᠡ ᠶᠢ ᠢᠳᠡᠪᠬᠢᠯᠡᠨ ᠤᠯᠬᠤ ᠪᠠᠷ ᠴᠢᠷᠮᠠᠶᠢᠨ᠎ᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠲᠤᠬᠠᠶᠢᠯᠠᠭᠰᠠᠨ ᠠᠵᠢᠯ ᠢ ᠲᠠᠬᠢᠨ ᠵᠣᠬᠢᠶᠠᠨ ᠪᠠᠶᠢᠭᠤᠯᠬᠤ | ᠥᠭᠡᠷᠡᠴᠢᠯᠡᠯᠲᠡ ᠶᠢ ᠲᠦᠷᠭᠡᠳᠬᠡᠬᠦ ᠶᠢ ᠲᠡᠮᠵᠢᠵᠤ᠂ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ | ᠪᠤᠵᠠᠭᠠᠶᠢᠷᠠᠭᠤᠯᠬᠤ ᠶᠢ ᠲᠦᠯᠬᠢᠨ ᠠᠬᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ | ᠪᠠᠶᠢᠭᠤᠯᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠪᠠ ᠰᠤᠷᠭᠠᠨ | ᠬᠥᠮᠦᠵᠢᠯ ᠤᠨ ᠬᠦᠷᠢᠶᠡᠨ ᠤ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ︽ | ᠬᠤᠶᠠᠷ ᠢ ᠪᠠᠭᠠᠰᠬᠠᠬᠤ︾ ᠲᠦᠷᠦ ᠶᠢᠨ ᠪᠤᠳᠤᠯᠭ᠎ᠠ ᠶᠢᠨ ᠦᠷ᠎ᠡ ᠪᠦᠲᠦᠮᠵᠢ ᠶᠢ ᠪᠠᠬᠢᠵᠢᠭᠦᠯᠬᠦ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠢᠯᠭᠠᠯᠲᠠ ᠪᠠ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠬᠦᠷᠢᠶᠡᠨ ᠤ ᠡᠯ᠎ᠡ ᠵᠦᠢᠯ ᠤᠨ ᠥᠭᠡᠷᠡᠴᠢᠯᠡᠯᠲᠡ ᠶᠢᠨ ᠠᠵᠢᠯ ᠢ | ᠦᠷᠭᠦᠯᠵᠢᠯᠡᠨ ᠰᠠᠶᠢᠲᠤᠷ ᠬᠢᠨ᠎ᠡ ᠃ | ᠭᠤᠷᠪᠠ ᠳᠤ ᠨᠡᠩ ᠤᠯᠠᠨ ᠪᠡᠯᠡ ᠣᠷᠣᠭᠤᠯᠤᠯᠲᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠲᠦᠯᠬᠢᠨ ᠠᠬᠢᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢᠶᠠᠨ | ᠬᠥᠭᠵᠢᠭᠦᠯᠬᠦ︾᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠨᠠᠶᠢᠳᠠᠪᠤᠷᠢᠵᠢᠭᠤᠯᠤᠨ᠎ᠠ᠃ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠰᠢᠪᠲᠤᠯᠤᠯᠲᠠ ᠶᠢᠨ ᠠᠵᠢᠯᠯᠠᠭ᠎ᠠ ᠶᠢ ᠪᠥᠬᠦ | ᠲᠠᠯ᠎ᠠ ᠪᠠᠷ ᠠᠬᠢᠭᠤᠯᠵᠤ᠂ ᠪᠥᠬᠦ ᠠᠶᠢᠮᠠᠭ ᠤᠨ ᠰᠢᠨᠵᠢᠯᠡᠬᠦ ᠤᠬᠠᠭᠠᠨ ᠤ ᠰᠤᠳᠤᠯᠤᠯ ᠬᠢᠭᠡᠳ ᠲᠤᠷᠰᠢᠯᠲᠠ ᠶᠢᠨ | ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠶᠢᠨ ᠬᠡᠪᠴᠢᠶ᠎ᠡ ᠶᠢ 1.75 ᠳ᠋ᠦᠩᠰᠢᠭᠤᠷ | ᠲᠥᠭᠦᠷᠢᠭ ᠲᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠭᠰᠠᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠳᠤ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ᠂ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠶᠢ | ᠬᠡᠷᠡᠭᠵᠢᠭᠦᠯᠦᠨ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ︽ᠭᠤᠷᠪᠠ ᠶᠢ ᠪᠦᠬᠦᠨ ᠢ ᠬᠠᠮᠤᠷᠬᠤ︾ | ᠲᠥᠯᠥᠪᠯᠡᠭᠡ ᠶᠢ ᠨᠡᠮᠡᠭᠳᠡᠭᠦᠯᠵᠦ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠶᠡᠭᠡ ᠬᠡᠮᠵᠢᠶ᠎ᠡ ᠪᠠᠷ | ᠨᠡᠮᠡᠭᠳᠡᠬᠦ ᠶᠢ ᠳᠠᠶᠢᠴᠢᠯᠠᠨ᠎ᠠ᠃ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠮᠠᠨ ᠤ ᠠᠶᠢᠮᠠᠭ ᠤᠨ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠯᠡᠩ ᠲᠣᠭᠤᠷᠢᠭ ᠢ ᠰᠢᠯᠭᠠᠨ ᠬᠤᠷᠢᠶᠠᠬᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠲᠣᠭᠤᠷᠢᠭ ᠵᠡᠷᠭᠡ ᠬᠦᠷᠢᠶᠡᠯᠡᠩ ᠲᠣᠭᠤᠷᠢᠭ ᠢ ᠠᠮᠵᠢᠯᠲᠠ ᠲᠠᠢ ᠡᠭᠦᠳᠦᠨ ᠪᠠᠶᠢᠭᠤᠯᠬᠤ ᠶᠢ ᠦᠨᠡᠨᠬᠦ | ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠰᠢᠨ᠎ᠡ ᠶᠢ | ᠡᠭᠦᠳᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ︽ᠰᠢᠨᠵᠢᠯᠡᠬᠦ ᠤᠬᠠᠭᠠᠨ ᠮᠡᠷᠭᠡᠵᠢᠯ | — ᠠᠵᠤ ᠦᠢᠯᠡᠰ — ᠮᠥᠩᠭᠦᠨ ᠭᠦᠢᠯᠭᠡᠭᠡᠨ︾ ᠤ ᠰᠠᠶᠢᠨ ᠣᠷᠴᠢᠯ ᠢ ᠲᠦᠷᠭᠡᠳᠬᠡᠨ ᠪᠣᠶ ᠪᠣᠯᠭᠠᠨ᠎ᠠ᠃ | ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂ ᠲᠤᠰᠬᠠᠶ | ᠮᠡᠷᠭᠡᠵᠢᠯ ᠤᠨ ᠴᠢᠳᠠᠪᠤᠷᠢᠲᠠᠨ ᠪᠠ ᠤᠷ᠎ᠠ ᠴᠢᠳᠠᠪᠤᠷᠢ ᠶᠢᠨ ᠴᠢᠳᠠᠪᠤᠷᠢᠲᠠᠨ ᠭᠡᠬᠦ ᠬᠤᠶᠠᠷ ᠡᠩᠨᠡᠭᠡᠨ ᠤ | ᠪᠠᠶᠢᠭᠤᠯᠤᠯᠲᠠ ᠶᠢ ᠲᠦᠷᠭᠡᠳᠬᠡᠨ᠎ᠡ᠃ ᠵᠠᠰᠠᠭ ᠤᠨ ᠣᠷᠳᠣᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ | ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ᠂ ᠬᠥᠷᠥᠩᠭᠡ ᠵᠡᠷᠭᠡ ᠣᠯᠠᠨ ᠲᠠᠯ᠎ᠠ ᠶᠢᠨ ᠣᠯᠠᠨ ᠬᠦᠷᠢᠶᠡᠨ ᠳᠠᠬᠢ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠢᠩᠭᠠᠨ ᠠᠶᠢᠮᠠᠭ ᠤᠨ ᠪᠣᠬᠢᠷᠲᠤᠯ ᠥᠬᠡᠶ ᠬᠥᠭᠵᠢᠯᠲᠡ ᠶᠢᠨ ᠠᠵᠤ | ᠦᠢᠯᠡᠰ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠢ ᠫᠠᠶᠢᠰᠠ ᠡᠯᠭᠦᠨ ᠪᠠᠶᠢᠭᠤᠯᠬᠤ ᠪᠠᠷ ᠴᠢᠷᠮᠠᠶᠢᠵᠤ᠂ ᠨᠠᠩ | ᠣᠯᠠᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭᠠᠨ ᠤ | ᠲᠠᠪᠴᠠᠩ ᠢ ᠪᠠᠶᠢᠭᠤᠯᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠡᠨᠡ ᠬᠦ ᠬᠦᠷᠳᠦ ᠶᠢ ᠡᠷᠭᠢᠯᠳᠦᠭᠦᠯᠦᠨ | ᠲᠦᠷᠭᠡᠳᠬᠡᠬᠦ ᠶᠢ ᠳᠥᠯᠭᠢᠨ ᠠᠬᠢᠭᠤᠯᠤᠨ᠎ᠠ᠃ | ᠲᠦᠷᠪᠡ ᠳᠤ ᠨᠡᠩ ᠥᠷᠭᠡᠨ ᠬᠠᠷᠠᠴᠠ ᠪᠠᠷ ᠭᠠᠳᠠᠭᠰᠢ ᠨᠡᠭᠡᠭᠡᠯᠳᠡ ᠬᠢᠬᠦ ᠶᠢ ᠥᠷᠭᠡᠳᠬᠡᠨ᠎ᠡ᠃ ᠨᠡᠩ ᠥᠨᠳᠥᠷ | ᠲᠦᠪᠰᠢᠨ ᠪᠦᠬᠦᠢ ᠭᠠᠳᠠᠭᠠᠳᠤ ᠨᠡᠬᠡᠬᠡᠯᠳᠡ ᠶᠢ ᠬᠡᠷᠡᠭᠵᠢᠭᠦᠯᠵᠦ᠂ ᠤᠮᠠᠷᠠᠰᠢ ᠨᠡᠬᠡᠬᠡᠯᠳᠡ ᠬᠢᠬᠦ ᠠᠵᠢᠯ ᠤᠨ | ᠲᠥᠯᠥᠪᠵᠢᠭᠦᠯᠭᠡ ᠶᠢ ᠡᠬᠢᠯᠡᠨ ᠨᠠᠶᠢᠷᠠᠭᠤᠯᠤᠨ ᠵᠣᠬᠢᠶᠠᠵᠤ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢ ᠲᠦᠷᠭᠡᠨ | ᠲᠡᠭᠦᠯᠳᠡᠷᠵᠢᠭᠦᠯᠵᠦ᠂ ᠤᠰᠤᠨ ᠤ ᠭᠠᠷᠤᠯᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ | ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠠᠵᠢᠯᠯᠠᠭᠠᠨ ᠢ | ᠰᠡᠷᠭᠦᠭᠡᠬᠦ ᠶᠢᠨ ᠬᠠᠮᠲᠤ ᠵᠢᠯ ᠲᠤᠷᠰᠢ ᠨᠡᠬᠡᠬᠡᠯᠳᠡ ᠬᠢᠬᠦ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠬᠢᠯᠢ ᠶᠢᠨ | ᠵᠢᠭᠤᠯᠴᠢᠯᠠᠯ᠂ ᠬᠢᠯᠢ ᠠᠯᠤᠰᠯᠠᠭᠰᠠᠨ ᠵᠢᠭᠤᠯᠴᠢᠯᠠᠯ ᠪᠠ ᠬᠢᠯᠢ ᠶᠢᠨ ᠪᠣᠭᠤᠮᠲᠠ ᠶᠢᠨ ᠠᠷᠠᠯᠵᠢᠶ᠎ᠠ ᠶᠢ ᠶᠡᠬᠡᠪᠡᠷ | ᠬᠥᠭᠵᠢᠭᠦᠯᠵᠦ᠂ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ | ᠠᠷᠠᠯᠵᠢᠶ᠎ᠠ ᠶᠢᠨ ᠲᠣᠭᠤᠷᠢᠭ ᠢ ᠵᠥᠪᠰᠢᠶᠡᠷᠡᠨ ᠡᠵᠡᠩᠨᠡᠬᠦ ᠪᠠᠷ ᠴᠢᠷᠮᠠᠶᠢᠵᠤ᠂ ᠠᠮᠤ ᠪᠤᠳᠠᠭ᠎ᠠ᠂ ᠡᠪᠡᠰᠦ ᠪᠣᠷᠳᠤᠭ᠎ᠠ ᠵᠡᠷᠭᠡ | ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠬᠤ ᠶᠢ ᠬᠠᠶᠢᠨ ᠰᠦᠪᠡᠭᠴᠢᠯᠡᠵᠦ᠂ ᠪᠥᠬᠦ ᠠᠶᠢᠮᠠᠭ ᠤᠨ ᠭᠠᠳᠠᠭᠠᠳᠤ | ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠥᠷᠲᠡᠭ ᠢ 5% ᠠᠴᠠ | ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ ︽ᠬᠤᠶᠠᠷ ᠤᠯᠤᠰ ᠬᠤᠶᠠᠷ ᠮᠤᠵᠢ ᠨᠢᠭᠡ ᠠᠶᠢᠮᠠᠭ︾ ᠤᠨ ᠨᠡᠪᠲᠡᠷᠡᠯᠴᠡᠨ | ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠮᠣᠩᠭᠤᠯ ᠣᠷᠣᠰ ᠵᠡᠷᠭᠡ ︽ᠨᠢᠭᠡ ᠪᠦᠰᠡ ᠨᠢᠭᠡ ᠵᠠᠮ | ︾ ᠤᠨ ᠱᠤᠭᠤᠮ ᠳᠠᠭᠠᠤ ᠶᠢᠨ ᠤᠯᠤᠰ ᠵᠢᠴᠢ ᠭᠠᠵᠠᠷ ᠣᠷᠣᠨ ᠯᠤᠭ᠎ᠠ ᠶᠢᠨ ᠣᠷᠣᠨ ᠪᠦᠰᠡ ᠠᠯᠤᠰᠯᠠᠭᠰᠠᠨ ᠰᠠᠭᠤᠷᠢ | ᠪᠡᠯᠡᠳᠬᠡᠮᠵᠢ᠂ ᠠᠵᠤ ᠦᠢᠯᠡᠰ ᠤᠨ ᠬᠥᠭᠵᠢᠯᠲᠡ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠲᠠᠯ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠨᠡᠩ ᠶᠡᠭᠡ ᠡᠷᠴᠢᠮ ᠲᠠᠢ ᠣᠷᠣᠨ ᠪᠦᠰᠡ ᠶᠢᠨ | ᠬᠠᠮᠲᠤᠷᠠᠯᠴᠠᠭ᠎ᠠ ᠶᠢ ᠥᠷᠨᠢᠭᠦᠯᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ | ᠲᠤᠮᠤ ᠪᠤᠯᠤᠩ ᠤᠨ ᠣᠷᠣᠨ ᠵᠡᠷᠭᠡ ᠭᠠᠵᠠᠷ ᠣᠷᠣᠨ ᠯᠤᠭ᠎ᠠ ᠶᠢᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠶᠢ | ᠴᠢᠩᠭᠠᠳᠬᠠᠵᠤ᠂ ᠰᠢᠯᠵᠢᠭᠦᠯᠦᠨ ᠣᠷᠣᠭᠤᠯᠤᠭᠰᠠᠨ ᠠᠵᠤ ᠦᠢᠯᠡᠰ ᠪᠠ ᠭᠠᠳᠠᠭᠰᠢ ᠪᠢᠯᠬᠠᠭᠰᠠᠨ ᠬᠦᠷᠦᠩᠬᠡ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠡᠯᠧᠮᠧᠨ᠋ᠲ ᠤᠨ ᠡᠮᠬᠢ ᠵᠢᠷᠤᠮ ᠲᠠᠢ ᠭᠦᠢᠯᠭᠡᠭᠡ᠂ ᠡᠬᠢ ᠪᠠᠶᠠᠯᠢᠭ ᠤᠨ | ᠥᠨᠳᠥᠷ ᠪᠦᠲᠦᠮᠵᠢᠲᠡᠢ ᠲᠤᠬᠢᠷᠠᠭᠤᠯᠤᠯᠳᠠ᠂ ᠵᠠᠬ᠎ᠠ ᠳᠡᠯᠭᠡᠭᠦᠷ ᠤᠨ ᠭᠦᠨᠵᠡᠭᠡᠢ ᠠᠭᠤᠰᠤᠯᠴᠠᠯ ᠢ ᠲᠦᠷᠭᠡᠳᠬᠡᠨ | ᠠᠬᠢᠭᠤᠯᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠣᠭᠲᠠᠴᠠ ᠳᠤ ᠲᠦᠰᠢᠭᠯᠡᠨ᠂ ᠵᠢᠩ | ᠨᠧᠩ᠂ ᠬᠤᠸᠠ ᠨᠧᠩ᠂ ᠵᠦᠩ ᠪᠥᠸᠧ ᠨᠦᠩ ᠵᠡᠷᠭᠡ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ ᠤᠨ | ᠬᠠᠮᠲᠤᠷᠠᠯᠴᠠᠬᠤ ᠣᠷᠣᠨ ᠵᠠᠶ ᠶᠢ ᠲᠠᠰᠤᠷᠠᠯᠲᠠ ᠥᠬᠡᠶ ᠥᠷᠭᠡᠳᠬᠡᠨ᠎ᠡ᠃ ᠴᠠᠩᠴᠦ᠋ᠨ ᠤ ᠠᠵᠤ ᠠᠬᠤᠶ ᠶᠢᠨ | ᠲᠣᠭᠤᠷᠢᠭ ᠲᠤ ᠢᠳᠡᠪᠬᠢᠲᠡᠶ ᠪᠠᠷ ᠠᠭᠤᠰᠤᠯᠴᠠᠨ᠂ ᠬᠢᠩᠭᠠᠨ ᠲᠦᠩᠯᠢᠶᠤᠤ᠂ ᠬᠢᠩᠭᠠᠨ ᠬᠦᠯᠦᠨ ᠪᠤᠶᠢᠷ | ᠬᠥᠬᠡᠬᠤᠲᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ | ᠪᠡᠶᠡᠯᠡᠭᠦᠯᠦᠨ᠎ᠡ᠃ | ︵ᠲᠠᠪᠤ︶ ᠬᠤᠲᠠ ᠬᠥᠳᠡᠭᠡ ᠶᠢ ᠨᠢᠭᠡ ᠴᠣᠠᠠᠴᠠᠵᠢᠭᠤᠯᠬᠤ ᠪᠥᠲᠥᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ᠂ ᠵᠣᠬᠢᠴᠠᠩᠭᠤᠶ ᠪᠠᠷ ᠬᠥᠭᠵᠢᠭᠦᠯᠬᠦ ᠶᠢ | ᠬᠦᠴᠦᠯᠡᠨ ᠠᠬᠢᠭᠤᠯᠤᠨ᠎ᠠ᠃ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ | ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ ᠶᠢ ᠪᠠᠷᠢᠮᠲᠠᠯᠠᠵᠤ᠂ ᠬᠤᠳᠠ ᠬᠥᠳᠡᠭᠡ ᠶᠢᠨ ᠡᠯᠧᠮᠧᠨ᠋ᠲ ᠤᠨ | ᠰᠢᠯᠵᠢᠯᠲᠡ ᠶᠢ ᠲᠦᠷᠭᠡᠪᠴᠢᠯᠡᠨ ᠰᠢᠯᠤᠭᠤᠳᠬᠠᠵᠤ᠂ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠪᠡᠶᠡᠯᠡᠭᠦᠯᠦᠨ᠎ᠡ᠃ | ᠨᠢᠭᠡ ᠳᠤ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠶᠠᠳᠠᠭᠤ ᠠᠴᠠ ᠠᠩᠭᠢᠵᠢᠷᠠᠨ | ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ︽ᠲᠦᠷᠪᠡ ᠶᠢ ᠲᠣᠰᠬᠤᠨ ᠳᠤ ᠬᠦᠷᠭᠡᠬᠦ᠂ | ᠲᠠᠪᠤ ᠶᠢ ᠡᠷᠦᠬᠡ ᠳᠤ ᠬᠦᠷᠭᠡᠬᠦ︾ ᠠᠵᠢᠯ ᠲᠠᠢ ᠤᠶᠠᠯᠳᠤᠭᠤᠯᠵᠤ᠂ ᠶᠠᠳᠠᠭᠤ ᠠᠴᠠ ᠠᠩᠭᠢᠵᠢᠷᠠᠨ ᠶᠠᠳᠠᠭᠤᠷᠠᠬᠤ ᠶᠢ | ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠶᠢ ᠪᠠᠶᠢᠩᠭᠤᠵᠢᠭᠤᠯᠵᠤ᠂ ᠲᠣᠣᠷᠵᠢᠭᠤᠯᠤᠨ ᠥᠷᠨᠢᠭᠦᠯᠵᠦ᠂ | ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠵᠡᠭᠦᠨ ᠪᠠᠷᠠᠭᠤᠨ ᠣᠷᠣᠨ ᠤ | ᠬᠠᠮᠵᠢᠯᠴᠠᠭ᠎ᠠ ᠪᠠ ᠲᠥᠪ ᠤᠨ ᠲᠣᠭᠲᠠᠭᠰᠠᠨ ᠴᠡᠭ ᠤᠨ ᠬᠠᠪᠰᠤᠷᠤᠨ ᠲᠡᠳᠬᠦᠬᠦ ᠬᠦᠴᠦᠨ ᠢ | ᠰᠠᠨᠠᠭᠠᠴᠢᠯᠠᠭ᠎ᠠ ᠠᠴᠠ ᠪᠠᠨ ᠰᠠᠶᠢᠲᠤᠷ ᠬᠡᠷᠡᠭᠯᠡᠵᠦ᠂ ᠬᠥᠳᠡᠯᠦᠩᠭᠦᠢ ᠬᠠᠮᠢᠶᠠᠷᠤᠯᠲᠠ ᠶᠢ ᠪᠠᠲᠤᠯᠠᠵᠤ᠂ ᠣᠷᠣᠵᠤ ᠪᠣᠯᠬᠤ | ᠮᠥᠷᠲᠡᠭᠡᠨ ᠭᠠᠷᠴᠤ ᠴᠤ ᠪᠣᠯᠤᠨ᠎ᠠ᠂ ᠨᠢᠭᠡ ᠬᠥᠮᠦᠨ ᠢ ᠴᠦ ᠣᠷᠬᠢᠭᠳᠠᠭᠤᠯᠬᠤ ᠦᠭᠡᠢ ᠪᠠᠶᠢᠬᠤ ᠬᠡᠷᠡᠭᠲᠡᠢ᠃ ᠬᠥᠳᠡᠭᠡ | ᠲᠣᠰᠬᠤᠨ ᠤ ᠰᠠᠭᠤᠷᠢ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ | ᠵᠣᠷᠯᠣᠩ ᠤᠨ ᠬᠤᠪᠢᠰᠬᠠᠯ ᠪᠠ ᠤᠰᠤ ᠬᠠᠩᠭᠠᠬᠤ ᠤᠰᠤ ᠵᠠᠯᠠᠬᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ | ᠂ ᠬᠤᠭ ᠨᠣᠪᠰᠢ ᠶᠢ ᠬᠤᠷᠢᠶᠠᠨ ᠬᠠᠳᠠᠭᠠᠯᠠᠬᠤ ᠲᠡᠭᠡᠭᠡᠪᠦᠷᠢᠯᠡᠬᠦ ᠭᠤᠷᠪᠠᠨ ︽ᠨᠢᠭᠡ ᠴᠤᠭᠴᠠᠵᠢᠭᠤᠯᠬᠤ︾ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠦᠶ᠋ᠯᠡᠴᠢᠯᠡᠭᠡᠨ ᠤ | ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠶ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ | ᠵᠢᠰᠦ ᠴᠢᠷᠠᠶ ᠶᠢ ᠳᠡᠭᠡᠭᠰᠢᠯᠡᠭᠦᠯᠵᠦ᠂ ︽ᠵᠢᠯ ᠳᠤ ᠳᠥᠷᠪᠡ ᠤᠳᠠᠭ᠎ᠠ ᠲᠥᠪᠯᠡᠷᠡᠭᠦᠯᠦᠨ ᠴᠡᠪᠡᠷᠯᠡᠬᠦ᠂ ᠲᠣᠭᠲᠠᠴᠠ ᠶᠢ | ᠪᠠᠶᠢᠭᠤᠯᠤᠨ ᠵᠢᠯ ᠲᠤᠷᠰᠢ ᠴᠡᠪᠡᠷᠯᠡᠬᠦ᠂ ᠡᠭᠦᠳᠡᠨ ᠡᠮᠦᠨᠡᠬᠢ ︿ᠳᠥᠷᠪᠡ ᠶᠢ ᠳᠠᠭᠠᠭᠠᠴᠢᠯᠠᠬᠤ﹀ ᠶᠢ | ᠰᠠᠨᠠᠭᠠᠴᠢᠯᠠᠭ᠎ᠠ ᠠᠴᠠ ᠪᠠᠨ ᠴᠡᠪᠡᠷᠯᠡᠬᠦ︾ ᠶᠢ ᠡᠷᠡᠰ ᠨᠠᠶᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠪᠥᠬᠦ ᠲᠠᠯ᠎ᠠ ᠪᠠᠷ | ᠠᠬᠢᠭᠤᠯᠵᠤ᠂ ︽ᠬᠤᠪᠢ ᠬᠤᠷᠠᠮᠳᠤᠭᠤᠯᠵᠤ ᠣᠳᠣᠨ ᠮᠡᠴᠢᠳ ᠪᠤᠯᠢᠶᠠᠯᠳᠤᠬᠤ︾ ︽ᠲᠣᠰᠬᠤᠨ ᠤ ᠲᠦᠷᠢᠮ | ᠠᠷᠠᠳ ᠤᠨ ᠭᠡᠷ᠎ᠡ︾ ᠪᠠ ︽ᠤᠯᠠᠭᠠᠨ ᠬᠠᠷ᠎ᠠ ᠰᠠᠮᠪᠠᠷ᠎ᠠ︾ ᠵᠡᠷᠭᠡ ᠦᠨᠳᠦᠰᠦᠨ ᠱᠠᠲᠤᠨ ᠤ ᠵᠠᠰᠠᠬᠤ ᠠᠷᠭ᠎ᠠ | ᠬᠡᠮᠵᠢᠶ᠎ᠡ ᠶᠢ ᠬᠠᠮᠵᠢᠯᠴᠠᠨ ᠠᠬᠢᠭᠤᠯᠵᠤ᠂ ᠲᠣᠰᠬᠤᠨ ᠤ ᠳᠦᠷᠰᠦ ᠪᠠᠶᠢᠳᠠᠯ ᠢ ᠬᠥᠲᠥᠯᠦᠨ ᠵᠢᠯᠣᠭᠤᠳᠴᠤ ᠪᠠᠶᠢᠭᠠᠳ | ᠦᠷᠭᠦᠯᠵᠢᠯᠡᠨ ᠰᠠᠶᠢᠵᠢᠷᠠᠭᠤᠯᠤᠨ᠎ᠠ᠃ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ | ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ︽ᠵᠢᠷᠭᠤᠭᠠᠨ ᠠᠷᠭ᠎ᠠ ᠬᠡᠮᠵᠢᠶ᠎ᠡ︾ ᠶᠢ ᠨᠢᠭᠡᠳᠦᠯᠲᠡᠶ ᠲᠥᠯᠥᠪᠯᠡᠨ | ᠰᠠᠶᠢᠲᠤᠷ ᠠᠳᠬᠤᠵᠤ᠂ ᠡᠯ᠎ᠡ ᠵᠦᠢᠯ ᠤᠨ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ | ᠴᠢᠩᠭᠠᠳᠬᠠᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠢ ᠰᠠᠶᠢᠲᠤᠷ | ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠴᠠᠯᠢᠩ ᠤᠨ ᠴᠢᠨᠠᠷᠲᠠᠶ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ︔ ᠥᠨᠳᠥᠷ | ᠦᠷ᠎ᠡ ᠠᠰᠢᠭ ᠲᠠᠢ ᠲᠠᠷᠢᠮᠠᠯ ᠤᠨ ᠦᠢᠯᠡᠰ᠂ ᠪᠡᠯᠡᠳᠭᠡᠮᠵᠢᠳᠤ ᠲᠠᠷᠢᠶᠠᠯᠠᠩ ᠪᠣᠯᠤᠨ ᠬᠦᠷᠢᠶ᠎ᠡ ᠬᠠᠰᠢᠶ᠎ᠠ ᠶᠢᠨ ᠠᠵᠤ | ᠠᠬᠤᠶ ᠶᠢ ᠶᠡᠬᠡᠪᠡᠷ ᠬᠥᠭᠵᠢᠭᠦᠯᠵᠦ᠂ ᠠᠯᠠᠰᠢᠨ ᠦᠬᠡᠷ ᠤᠨ ᠠᠵᠤ ᠦᠢᠯᠡᠰ ᠢ ᠳᠠᠬᠢᠨ ᠪᠠᠶᠢᠭᠤᠯᠬᠤ ᠠᠵᠢᠯᠯᠠᠭ᠎ᠠ ᠶᠢ | ᠭᠦᠨᠵᠡᠭᠡᠶ ᠬᠡᠷᠡᠭᠵᠢᠭᠦᠯᠦᠨ᠂ ᠠᠵᠤ ᠦᠢᠯᠡᠰ ᠤᠨ ᠬᠥᠭᠵᠢᠯᠲᠡ ᠪᠠᠷ ᠮᠠᠯᠴᠢᠨ ᠲᠠᠷᠢᠶᠠᠴᠢᠨ ᠤ ᠣᠷᠣᠯᠭ᠎ᠠ ᠶᠢᠨ | ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠨ᠎ᠠ᠃ | ᠬᠤᠶᠠᠷ ᠲᠤ ᠬᠤᠳᠠ ᠪᠠᠯᠭᠠᠰᠤᠨ ᠤ ᠲᠥᠪᠯᠡᠷᠡᠯ ᠢ ᠲᠦᠯᠬᠢᠨ ᠠᠬᠢᠭᠤᠯᠤᠨ᠎ᠠ᠃ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠬᠤᠳᠠ ᠶᠢᠨ ᠬᠠᠮᠢᠶᠠᠷᠤᠯᠲᠠ ᠶᠢᠨ ᠳᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠣᠶᠤᠨᠴᠢ | ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠶᠡᠭᠡ ᠤᠯᠠᠭᠠᠨᠬᠤᠲᠠ ᠶᠢᠨ ᠲᠥᠪ ᠬᠤᠲᠠ ᠶᠢᠨ ᠪᠥᠲᠥᠭᠡᠨ | ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠠᠷᠠᠳ ᠤᠨ ᠠᠮᠢᠳᠤᠷᠠᠯ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ | ᠣᠨᠣᠯᠵᠢᠬᠤᠨ ᠢ ᠪᠠᠷᠢᠮᠲᠠᠯᠠᠨ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ | ᠠᠳᠬᠤᠵᠤ᠂ ᠬᠤᠲᠠ ᠶᠢᠨ ᠶᠠᠪᠤᠳᠠᠯ ᠤᠨ ᠵᠠᠮ᠂ ᠠᠮᠢ ᠠᠬᠤᠶ ᠶᠢ ᠰᠡᠷᠭᠦᠭᠡᠬᠦ᠂ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ 78 ᠲᠥᠷᠥᠯ ᠵᠦᠢᠯ ᠢ ᠲᠦᠷᠭᠡᠳᠬᠡᠨ | ᠬᠡᠷᠡᠭᠵᠢᠭᠦᠯᠬᠦ ᠬᠡᠷᠡᠭᠲᠡᠶ︔ ᠤᠯᠠᠭᠠᠨᠬᠤᠲᠠ ᠶᠢᠨ ᠤᠯᠤᠰ ᠤᠨ ᠰᠡᠶᠢᠮᠡᠬᠡᠢ ᠬᠤᠲᠠ ᠶᠢᠨ ᠪᠥᠲᠥᠭᠡᠨ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠬᠤᠲᠠ ᠪᠠᠷ ᠮᠡᠳᠡᠭᠦᠯᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠠᠮᠢ ᠠᠬᠤᠶ ᠶᠢᠨ ᠵᠠᠮ ᠤᠨ | ᠪᠥᠲᠥᠭᠡᠨ ᠪᠠᠶᠢᠭᠤᠯᠤᠯᠲᠠ᠂ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ᠂ ᠬᠤᠲᠠ ᠶᠢᠨ ᠣᠶᠤᠨᠴᠢ | ᠬᠠᠮᠢᠶᠠᠷᠤᠯᠲᠠ ᠵᠡᠷᠭᠡ 3 ᠶᠡᠭᠡ ᠲᠥᠷᠥᠯ ᠤᠨ ᠬᠠᠶᠢᠮᠢᠶᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ ᠠᠭᠤᠯᠠ ᠤᠰᠤ | ᠵᠣᠯ ᠵᠢᠷᠭᠠᠯᠲᠤ ᠬᠤᠲᠠ ᠶᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ᠤᠯᠠᠭᠠᠨᠬᠤᠲᠠ ᠶᠢᠨ ᠬᠤᠩ | ᠱᠠᠨ ᠯᠥᠩ ᠬᠤᠶᠠᠳᠤᠭᠠᠷ ᠬᠤᠭᠤᠴᠠᠭ᠎ᠠ᠂ ᠬᠤᠸᠠ ᠢ ᠴᠡᠴᠡᠷᠯᠢᠭ ᠤᠨ ︽ᠵᠠᠮ ᠬᠠᠷᠢᠯᠴᠠᠭᠠᠨ ᠤ ᠪᠠᠲᠤᠯᠠᠭᠠᠲᠤ ᠠᠰᠠᠷ | ︾ ᠤᠨ ᠡᠭᠦᠷᠭᠡ ᠶᠢ ᠪᠡᠶᠡᠯᠡᠭᠦᠯᠵᠦ᠂ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ ᠬᠤᠭᠤᠴᠠᠭ᠎ᠠ ᠠᠴᠠ ᠬᠡᠲᠦᠷᠡᠲᠡᠯ᠎ᠡ ᠲᠥᠪᠬᠢᠨᠡᠭᠦᠯᠦᠭᠡᠳᠦᠶ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 92 ᠬᠠᠭᠤᠴᠢᠨ ᠵᠢᠵᠢᠭ | ᠲᠣᠭᠤᠷᠢᠭ ︵7186 ᠡᠷᠦᠬᠡ︶ ᠤᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠥᠪᠡᠷ ᠥᠪᠡᠷ ᠤᠨ ᠣᠨᠴᠠᠯᠢᠭ ᠲᠠᠢ ᠬᠤᠰᠢᠭᠤ ᠰᠢᠶᠠᠨ ᠤ ᠴᠧᠩ ᠭᠤᠸᠠᠨ ᠪᠠᠯᠭᠠᠰᠤ ᠪᠠ ᠭᠤᠣᠯ | ᠪᠠᠯᠭᠠᠰᠤ ᠶᠢ ᠪᠠᠶᠢᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠪᠦᠬᠦᠯᠢ ᠴᠣᠭᠴᠠ ᠶᠢᠨ | ᠳᠦᠷᠰᠦ ᠪᠠᠶᠢᠳᠠᠯ ᠢ ᠰᠠᠶᠢᠵᠢᠷᠠᠭᠤᠯᠬᠤ᠂ ᠦᠢᠯᠡᠴᠢᠯᠡᠭᠡᠨ ᠤ ᠴᠢᠳᠠᠪᠤᠷᠢ ᠶᠢ ᠨᠡᠮᠡᠭᠳᠡᠭᠦᠯᠬᠦ᠂ ᠵᠠᠰᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠨ᠂ ᠷᠠᠰᠢᠶᠠᠨ ᠬᠤᠲᠠ ᠶᠢᠨ ᠬᠤᠲᠠ | ᠬᠥᠳᠡᠭᠡ ᠶᠢᠨ ᠪᠣᠬᠢᠷᠲᠤᠯ ᠥᠬᠡᠶ ᠬᠥᠭᠵᠢᠯᠲᠡ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠵᠤ᠂ ᠵᠠᠯᠠᠶᠢᠳ ᠬᠤᠰᠢᠭᠤ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠬᠤᠲᠠ ᠪᠠᠯᠭᠠᠰᠤ ᠶᠢᠨ ᠵᠠᠮ᠂ ᠬᠤᠭᠤᠯᠠᠶ ᠶᠢᠨ ᠲᠣᠤᠷ᠂ ᠭᠠᠵᠠᠷ ᠳᠣᠤᠷᠠᠬᠢ ᠶᠡᠷᠦᠩᠬᠡᠶᠢᠯᠡᠭᠰᠡᠨ | ᠬᠤᠭᠤᠯᠠᠶ ᠶᠢᠨ ᠬᠤᠩᠭᠢᠯ᠂ ᠲᠡᠷᠭᠡᠨ ᠵᠣᠭᠰᠣᠭᠠᠯ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠬᠤᠲᠠ ᠪᠠᠯᠭᠠᠰᠤ ᠶᠢᠨ | ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠴᠢᠷᠮᠠᠶᠢᠨ ᠰᠠᠶᠢᠲᠤᠷ ᠬᠢᠵᠦ᠂ ᠠᠷᠠᠳ ᠤᠨ | ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠨᠡᠮᠡᠭᠳᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠠᠷᠠᠳ ᠤᠯᠠᠨ ᠤ ᠪᠠᠴᠢᠮ ᠪᠡᠷᠬᠡ | ᠵᠣᠪᠠᠵᠤ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠬᠠᠮᠤᠭ ᠤᠨ ᠥᠷᠭᠡᠨ ᠤᠯᠠᠨ ᠠᠷᠠᠳ | ᠲᠦᠮᠡᠨ ᠤ ᠦᠨᠳᠦᠰᠦᠨ ᠠᠰᠢᠭ ᠲᠤᠰᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠰᠠᠶᠢᠲᠤᠷ | ᠬᠠᠮᠠᠭᠠᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠢ᠃ | ᠨᠢᠭᠡ ᠳᠤ ᠠᠵᠢᠯ ᠣᠯᠭᠤᠯᠲᠠ ᠶᠢ ᠦᠨᠡᠨ ᠬᠦ ᠲᠣᠭᠲᠠᠪᠤᠷᠢᠲᠠᠶ ᠪᠠᠷ ᠥᠷᠭᠡᠳᠬᠡᠨ᠎ᠡ᠃ ᠡᠯ᠎ᠡ ᠱᠠᠲᠤᠨ ᠤ | ᠳᠠᠷᠤᠭᠠᠰᠤ ᠶᠢ ᠬᠥᠩᠭᠡᠯᠡᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠦᠢᠳᠭᠡᠯ | ᠬᠤᠷᠢᠶᠠᠬᠤ ᠥᠬᠡᠶ ᠪᠠᠷ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ︽ᠬᠢᠩᠭᠠᠨ︾ ᠮᠢᠩᠭᠠᠨ | ᠲᠠᠯᠠᠪᠤᠷ ᠠᠵᠢᠯᠲᠠᠨ ᠡᠯᠰᠡᠬᠦ ᠠᠵᠢᠯᠯᠠᠭ᠎ᠠ ᠶᠢ ᠬᠡᠷᠡᠭᠵᠢᠭᠦᠯᠵᠦ᠂ ᠨᠠᠩ ᠣᠯᠠᠨ ᠠᠮᠢᠳᠤᠯᠢᠭ ᠪᠥᠭᠡᠳ ᠣᠯᠠᠨ | ᠶᠠᠩᠵᠤ ᠶᠢᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠨ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ | ᠵᠡᠮᠳᠡᠭᠴᠦᠳ᠂ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ | ᠬᠠᠮᠲᠤᠯᠢᠭ ᠤᠨ ᠠᠵᠢᠯ ᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ︽ᠬᠢᠩᠭᠠᠨ ᠲᠦᠷ | ᠬᠦᠳᠡᠯᠮᠦᠷᠢᠯᠡᠭᠴᠢ ᠶᠢᠨ ᠠᠵᠢᠯ ᠤᠨ ᠵᠠᠬ᠎ᠠ ᠳᠡᠯᠭᠡᠭᠦᠷ︾ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ | ᠥᠷᠭᠡᠳᠬᠡᠬᠦ ᠶᠢ ᠠᠬᠢᠭᠤᠯᠵᠤ᠂ ᠰᠦᠯᠵᠢᠶᠡᠨ ᠳᠡᠭᠡᠷᠡᠬᠢ ᠲᠠᠪᠴᠠᠩ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ | ᠲᠦᠷ ᠬᠦᠳᠡᠯᠮᠦᠷᠢᠯᠡᠭᠴᠢ ᠶᠢᠨ ᠠᠵᠢᠯ ᠤᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠲᠡᠯᠡᠬᠦ ᠪᠠ ᠤᠬᠠᠭᠤᠯᠤᠨ | ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠂ ᠵᠢᠷᠤᠮᠵᠢᠭᠰᠠᠨ ᠲᠦᠷ ᠬᠦᠳᠡᠯᠮᠦᠷᠢᠯᠡᠭᠴᠢ ᠶᠢᠨ ᠠᠵᠢᠯ ᠤᠨ ᠵᠠᠬ᠎ᠠ | ᠳᠡᠯᠭᠡᠭᠦᠷ ᠢ 10 ᠰᠢᠨ᠎ᠡ ᠪᠠᠷ ᠪᠠᠶᠢᠭᠤᠯᠬᠤ ᠪᠠᠷ ᠴᠢᠷᠮᠠᠶᠢᠵᠤ᠂ ᠲᠦᠷ ᠬᠦᠳᠡᠯᠮᠦᠷᠢᠯᠡᠭᠴᠢ ᠶᠢᠨ ᠠᠵᠢᠯ ᠤᠨ ᠠᠵᠢᠯ | ᠣᠯᠭᠤᠯᠲᠠ ᠶᠢ 10 ᠲᠦᠮᠡ ᠠᠴᠠ ᠳᠡᠭᠡᠭᠰᠢ ᠬᠠᠭᠤᠳᠠᠰᠤ ᠠᠴᠠ ᠳᠡᠭᠡᠭᠰᠢ ᠠᠬᠢᠭᠤᠯᠤᠨ᠎ᠠ᠃ ︽ᠮᠡᠷᠭᠡᠵᠢᠯ | ᠴᠢᠳᠠᠪᠤᠷᠢ ᠶᠢᠨ ᠳᠤᠮᠳᠠᠳᠤ ᠤᠯᠤᠰ ᠬᠢᠩᠭᠠᠨ ᠳᠤ ᠪᠠᠶᠢᠬᠤ︾ ᠲᠤᠰᠬᠠᠶ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ | ᠪᠥᠬᠦ ᠠᠶᠢᠮᠠᠭ ᠤᠨ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠲᠥᠷᠥᠯ | ᠵᠦᠢᠯ ᠢ ᠲᠦᠷᠭᠡᠳᠬᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠮᠡᠷᠭᠡᠵᠢᠯ ᠤᠨ | ᠴᠢᠳᠠᠪᠤᠷᠢᠲᠠᠨ ᠤ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ 1 ᠪᠠᠶᠢᠭᠤᠯᠵᠤ᠂ ᠠᠵᠢᠯ ᠣᠯᠭᠤᠯᠲᠠ ᠶᠢᠨ | ᠪᠦᠲᠦᠴᠡ ᠶᠢᠨ ᠴᠢᠨᠠᠷᠲᠠᠶ ᠵᠥᠷᠢᠴᠡᠯ ᠢ ᠤᠯᠠᠮ ᠨᠢᠭᠡ ᠠᠯᠬᠤᠮ ᠠᠷᠢᠯᠭᠠᠨ᠂ ᠠᠵᠢᠯ ᠣᠯᠭᠤᠯᠲᠠ ᠶᠢᠨ ᠠᠵᠢᠯ ᠤᠨ | ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠬᠤᠶᠠᠷ ᠲᠤ ᠰᠤᠷᠭᠠᠨ ᠬᠥᠮᠦᠵᠢᠯ ᠤᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ᠃ ᠠᠯᠪᠠᠨ ᠠᠴᠠ | ᠡᠷᠭᠢᠯᠡᠭᠰᠡᠨ 13 ᠬᠡᠤᠬᠡᠳ ᠤᠨ ᠴᠡᠴᠡᠷᠯᠢᠭ ᠪᠣᠯᠤᠨ ᠨᠢᠯᠬ᠎ᠠ ᠬᠡᠤᠬᠡᠳ ᠢ ᠵᠣᠯᠭᠠᠭᠤᠯᠬᠤ ᠲᠤᠷᠰᠢᠯᠲᠠ ᠶᠢᠨ | ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠯ ᠤᠨ ᠡᠴᠦᠰ ᠠᠴᠠ ᠡᠮᠦᠨ᠎ᠡ ᠠᠯᠪᠠᠨ ᠠᠴᠠ | ᠡᠷᠭᠢᠯᠡᠭᠰᠡᠨ ᠬᠡᠤᠬᠡᠳ ᠤᠨ ᠴᠡᠴᠡᠷᠯᠢᠭ ᠲᠤ ᠪᠠᠶᠢᠭ᠎ᠠ ᠬᠡᠤᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ | 53% ᠠᠴᠠ ᠳᠡᠭᠡᠭᠰᠢ ᠳᠤ ᠬᠦᠷᠦᠭᠦᠯᠵᠦ᠂ ᠨᠡᠶᠢᠳᠡᠮ ᠬᠠᠷᠠᠭᠠᠯᠵᠠᠬᠤ ᠴᠢᠨᠠᠷᠲᠠᠶ ᠬᠡᠤᠬᠡᠳ ᠤᠨ ᠴᠡᠴᠡᠷᠯᠢᠭ ᠤᠨ | ᠪᠦᠷᠬᠦᠴᠡ ᠶᠢᠨ ᠨᠣᠷᠮ᠎ᠠ ᠶᠢ 85% ᠠᠴᠠ ᠳᠡᠭᠡᠭᠰᠢ ᠳᠤ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠶᠢ ᠪᠠᠲᠤᠯᠠᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ | ᠬᠢᠵᠠᠭᠠᠷᠯᠠᠨ ᠰᠤᠷᠭᠠᠭᠤᠯᠢ ᠳᠤ ᠣᠷᠣᠬᠤ ᠶᠢ ᠪᠠᠲᠤᠯᠠᠬᠤ ᠶᠢ ᠪᠠᠶᠢᠩᠭᠤᠵᠢᠭᠤᠯᠤᠨ ᠲᠡᠭ ᠪᠣᠯᠭᠠᠵᠤ᠂ ᠠᠯᠪᠠᠨ | ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠶᠢ ᠬᠤᠰᠢᠭᠤ ᠰᠢᠶᠠᠨ ᠬᠤᠲᠠ ᠨᠢᠭᠡᠪᠦᠷᠢ ᠨᠠᠭᠠᠳᠤ | ᠵᠠᠬ᠎ᠠ ᠳᠠᠭᠠᠨ 1 ᠰᠢᠯᠢᠳᠡᠭ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠠᠶᠢᠲᠤᠷ ᠡᠷᠭᠢᠯᠡᠬᠦ ᠶᠢ | ᠳᠡᠮᠵᠢᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠤᠷᠭᠠᠭᠤᠯᠢ ᠳᠤ ᠣᠷᠣᠬᠤ ᠪᠥᠬᠦ | ᠨᠣᠷᠮ᠎ᠠ ᠶᠢ 95% ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠬᠢᠩᠭᠠᠨ ᠤ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠶᠡᠭᠡ | ᠰᠤᠷᠭᠠᠭᠤᠯᠢ ᠪᠣᠯᠭᠠᠨ ᠳᠡᠪᠰᠢᠭᠦᠯᠬᠦ ᠪᠠᠷ ᠴᠢᠷᠮᠠᠶᠢᠨ᠎ᠠ᠃ ︽ᠲᠠᠪᠤᠨ ᠬᠥᠮᠦᠵᠢᠯ ᠢ ᠵᠡᠷᠭᠡᠪᠡᠷ ᠠᠳᠬᠤᠬᠤ︾ ᠪᠣᠳᠠᠲᠠᠶ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠭᠰᠢ ᠶᠢᠨ ᠡᠩᠨᠡᠭᠡ ᠶᠢ ᠰᠢᠯᠢᠳᠡᠭ ᠢ ᠰᠣᠩᠭᠤᠨ | ᠳᠣᠭᠢᠷᠠᠭᠤᠯᠵᠤ᠂ ᠢᠳᠡᠭᠡᠨ ᠤᠮᠳᠠᠭᠠᠨ ᠤ ᠠᠮᠤᠷ ᠲᠦᠪᠰᠢᠨ᠂ ᠭᠠᠯ ᠤᠨᠲᠠᠷᠠᠭᠠᠬᠤ ᠢᠨᠵᠧᠨᠧᠷᠢᠩ ᠢ ᠰᠢᠯᠭᠠᠨ ᠠᠪᠬᠤ᠂ | ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ ᠢ ᠰᠡᠷᠭᠡᠶᠢᠯᠡᠬᠦ᠂ ᠰᠤᠷᠤᠭᠴᠢᠳ ᠤᠨ ᠰᠡᠳᠬᠢᠴᠡ ᠶᠢ | ᠲᠠᠶᠢᠳᠬᠤᠷᠠᠭᠤᠯᠤᠨ ᠵᠢᠯᠣᠭᠤᠳᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃ | ᠭᠤᠷᠪᠠ ᠳᠤ ᠠᠷᠠᠳ ᠲᠦᠮᠡᠨ ᠤ ᠡᠷᠡᠭᠦᠯ ᠮᠡᠨᠳᠦ ᠶᠢ ᠦᠨᠡᠨ ᠬᠦ ᠪᠠᠲᠤᠯᠠᠨ᠎ᠠ᠃ ᠡᠮᠴᠢᠯᠡᠭᠡᠨ ᠤ | ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠶᠢᠮᠠᠭ ᠤᠨ ᠠᠷᠠᠳ ᠤᠨ ᠡᠮᠨᠡᠯᠭᠡ ᠶᠢᠨ | ᠬᠤᠷᠢᠶ᠎ᠠ ᠪᠠᠷ ᠲᠦᠷᠦᠭᠦᠯᠡᠭᠦᠯᠦᠭᠰᠡᠨ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠪᠠ ᠲᠦᠴᠢᠦᠸᠠᠨ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠡᠭ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠤᠨ᠂ ᠬᠡᠷ ᠪᠦᠯᠢ ᠶᠢᠨ ᠡᠮᠴᠢ ᠶᠢᠨ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠬᠤ | ᠦᠢᠯᠡᠴᠢᠯᠡᠭᠡ ᠶᠢ ᠳᠡᠯᠭᠡᠷᠡᠭᠦᠯᠵᠦ᠂ ᠵᠢᠯ ᠤᠨ ᠳᠣᠲᠣᠷ᠎ᠠ ᠪᠥᠬᠦ ᠠᠶᠢᠮᠠᠭ ᠤᠨ ᠪᠦᠷᠬᠦᠴᠡ ᠶᠢᠨ ᠨᠣᠷᠮ᠎ᠠ ᠶᠢ 58% ᠳᠤ | ᠬᠦᠷᠦᠭᠦᠯᠵᠦ᠂ ᠭᠤᠤᠯᠳᠠᠯᠭ᠎ᠠ ᠲᠠᠢ ᠬᠥᠮᠦᠰ ᠢ 83% ᠳᠤ ᠬᠦᠷᠦᠭᠦᠯᠵᠦ᠂ ᠣᠯᠠᠨ ᠲᠦᠮᠡᠨ ᠤ ︽ᠡᠪᠡᠳᠴᠢᠨ | ᠦᠵᠡᠭᠦᠯᠬᠦ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠡᠮ ᠡᠮᠨᠡᠯᠭᠡ ᠶᠢᠨ ᠳᠠᠭᠠᠳᠬᠠᠯ ᠤᠨ | ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠡᠮ ᠤᠨ ᠵᠦᠢᠯ ᠪᠠ | ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠶᠢ ᠪᠠᠶᠢᠩᠭᠤᠵᠢᠭᠤᠯᠤᠨ | ᠳᠦᠷᠢᠮᠵᠢᠭᠦᠯᠵᠦ᠂ ᠣᠨᠳᠣᠤ ᠭᠠᠵᠠᠷ ᠲᠤ ᠡᠮᠨᠡᠭᠦᠯᠬᠦ ᠦᠢᠯᠡᠴᠢᠯᠡᠭᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ᠂ | ᠣᠯᠠᠨ ᠲᠦᠮᠡᠨ ᠤ ᠡᠮ ᠡᠮᠨᠡᠯᠭᠡ ᠶᠢᠨ ᠳᠠᠷᠤᠭᠠᠰᠤ ᠶᠢ ᠬᠥᠩᠭᠡᠯᠡᠵᠦ᠂ ︽ᠡᠪᠡᠳᠴᠢᠨ ᠦᠵᠡᠭᠦᠯᠬᠦ ᠳᠤ ᠦᠨᠡᠲᠡᠶ︾ | ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠤᠯᠠᠭᠠᠨ ᠵᠠᠭᠠᠯᠮᠠᠶᠢᠲᠠᠨ ᠤ ᠬᠥᠮᠥᠡᠯᠢᠭ ᠨᠡᠶᠢᠲᠡ ᠶᠢᠨ ᠠᠰᠠᠷᠠᠮᠵᠢ ᠶᠢᠨ | ᠦᠢᠯᠡᠰ ᠤᠨ ᠬᠥᠭᠵᠢᠯᠲᠡ ᠶᠢ ᠳᠡᠮᠵᠢᠵᠦ᠂ ᠬᠠᠮᠤᠭ ᠤᠨ ᠠᠮᠠᠷᠬᠠᠨ ᠬᠤᠬᠢᠷᠠᠬᠤ ᠬᠠᠮᠲᠤᠯᠢᠭ ᠤᠨ ᠠᠮᠢᠳᠤᠷᠠᠯ ᠤᠨ | ᠪᠠᠶᠢᠳᠠᠯ ᠢ ᠵᠡᠮᠳᠡᠭᠴᠦᠳ ᠢ ᠬᠠᠯᠠᠮᠵᠢᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠵᠡᠮᠳᠡᠭᠴᠦᠳ ᠤᠨ | ᠦᠢᠯᠡᠰ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ | ᠲᠦᠷᠪᠡ ᠳᠤ ᠨᠡᠶᠢᠭᠡᠮ ᠤᠨ ᠪᠠᠲᠤᠯᠠᠭ᠎ᠠ ᠶᠢ ᠦᠨᠡᠨ ᠬᠦ ᠴᠢᠩᠭᠠᠳᠬᠠᠨ᠎ᠠ᠃ ᠪᠦᠬᠦ ᠠᠷᠠᠳ ᠢᠶᠠᠷ ᠢᠶᠠᠨ | ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠲᠦᠯᠬᠢᠨ ᠠᠬᠢᠭᠤᠯᠵᠤ᠂ ᠨᠠᠰᠤᠵᠢᠯ ᠤᠨ ᠦᠨᠳᠦᠰᠦᠨ | ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠶᠢ 3.5 ᠲᠦᠮᠡ ᠠᠴᠠ ᠳᠡᠭᠡᠭᠰᠢ ᠨᠡᠮᠡᠭᠳᠡᠭᠦᠯᠵᠦ᠂ | ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 93% ᠠᠴᠠ ᠳᠡᠭᠡᠭᠰᠢ ᠪᠠᠶᠢᠯᠭᠠᠨ᠎ᠠ᠃ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠤᠯᠤᠰ ᠤᠨ ᠲᠠᠰ ᠤᠨ ᠨᠢᠭᠡᠳᠦᠯᠲᠡᠶ | ᠲᠥᠯᠥᠪᠯᠡᠬᠦ᠂ ᠠᠵᠢᠯ ᠠᠯᠳᠠᠯᠲᠠ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ | ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠶ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ | ᠪᠠᠷᠢᠮᠲᠠᠯᠠᠵᠤ᠂ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠳᠠᠭᠠᠳᠬᠠᠯ ᠳᠤ ᠣᠷᠣᠯᠴᠠᠬᠤ ᠨᠣᠷᠮ᠎ᠠ ᠶᠢ 98% ᠠᠴᠠ ᠳᠡᠭᠡᠭᠰᠢ ᠳᠤ ᠲᠣᠭᠲᠠᠭᠤᠨ | ᠪᠠᠶᠢᠯᠭᠠᠨ᠎ᠠ᠃ ︽ᠨᠢᠭᠡ ᠨᠠᠰᠤᠲᠠᠨ ᠨᠢᠭᠡ ᠪᠠᠭ᠎ᠠ︾ ᠶᠢᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠥᠳᠡᠭᠡ | ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠭᠤᠷᠪᠠᠨ ᠱᠠᠲᠤᠨ ᠤ ᠰᠦᠯᠵᠢᠶᠡᠨ ᠤ | ᠰᠢᠰᠲ᠋ᠧᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠵᠢᠯ ᠤᠨ ᠡᠴᠦᠰ ᠠᠴᠠ ᠡᠮᠦᠨ᠎ᠡ | ᠪᠦᠷᠬᠦᠴᠡ ᠶᠢᠨ ᠨᠣᠷᠮ᠎ᠠ ᠶᠢ 30% ᠠᠴᠠ ᠳᠡᠭᠡᠭᠰᠢ ᠳᠤ ᠬᠦᠷᠦᠭᠦᠯᠵᠦ᠂ ᠬᠡᠷ ᠲᠡᠭᠡᠨ ᠰᠠᠭᠤᠬᠤ ᠪᠠ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ︽15 | ᠮᠢᠨᠦ᠋ᠲ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶ᠎ᠡ︾ ᠶᠢᠨ ᠪᠠᠶᠢᠭᠤᠯᠤᠯᠲᠠ ᠶᠢᠨ | ᠪᠦᠷᠬᠦᠴᠡ ᠶᠢᠨ ᠨᠣᠷᠮ᠎ᠠ ᠶᠢ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠬᠠᠮᠢᠶ᠎ᠠ | ᠪᠥᠬᠦᠶ ᠲᠦᠷᠢᠮ ᠲᠣᠭᠲᠠᠭᠠᠯ ᠢ ᠨᠡᠶᠢᠲᠡᠯᠡᠵᠦ᠂ ᠰᠢᠶᠠᠩ ᠪᠠᠯᠭᠠᠰᠤ ᠶᠢᠨ ᠱᠠᠲᠤᠨ ᠤ ᠨᠠᠰᠤᠨ ᠳᠤ ᠥᠯᠥ ᠭᠦᠷᠦᠭᠰᠡᠳ ᠢ | ᠬᠠᠮᠠᠭᠠᠯᠠᠬᠤ ᠠᠵᠢᠯ ᠤᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ 71 | ᠰᠢᠶᠠᠩ ᠪᠠᠯᠭᠠᠰᠤ ᠵᠡᠭᠡᠯᠢ ᠭᠤᠳᠤᠮᠵᠢ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠨᠡᠶᠢᠭᠡᠮ ᠤᠨ ᠠᠪᠤᠷᠠᠨ | ᠲᠤᠰᠠᠯᠠᠬᠤ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠪᠠᠲᠤᠯᠠᠭ᠎ᠠ ᠶᠢᠨ | ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢ ᠲᠤᠰ ᠲᠤᠰ 2% ᠪᠠ 10% ᠪᠠᠷ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠳᠤ ︽ᠪᠣᠳᠠᠰ + | ᠦᠢᠯᠡᠴᠢᠯᠡᠭᠡ︾ ᠶᠢᠨ ᠠᠪᠤᠷᠠᠨ ᠲᠤᠰᠠᠯᠠᠬᠤ ᠵᠠᠭᠪᠤᠷ ᠢ ᠥᠷᠭᠡᠨ ᠢᠶᠠᠷ ᠬᠡᠷᠡᠭᠵᠢᠭᠦᠯᠵᠦ᠂ ᠨᠠᠭᠠᠳᠤ ᠵᠠᠬ᠎ᠠ ᠶᠢᠨ | ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ᠂ ᠵᠡᠮᠳᠡᠭᠴᠦᠳ᠂ ᠥᠨᠥᠴᠢᠨ ᠬᠡᠤᠬᠡᠳ ᠵᠡᠷᠭᠡ ᠶᠢᠨ ᠠᠪᠤᠷᠠᠨ | ᠲᠤᠰᠠᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢ ᠦᠨᠡᠨᠬᠦ ᠪᠠᠲᠤᠯᠠᠨ᠎ᠠ᠃ ᠬᠤᠲᠠ ᠪᠠᠯᠭᠠᠰᠤ ᠶᠢᠨ | ᠪᠣᠳᠠᠲᠠᠶ ᠪᠠᠷ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠬᠤ ᠪᠠᠲᠤᠯᠠᠭ᠎ᠠ ᠶᠢᠨ ᠠᠵᠢᠯ ᠢ ᠰᠢᠨ᠎ᠡ ᠪᠠᠷ ᠡᠭᠦᠳᠦᠨ | ᠥᠷᠨᠢᠭᠦᠯᠵᠦ᠂ ᠨᠠᠷᠢᠯᠢᠭ ᠣᠨᠣᠴᠠᠲᠠᠶ ᠪᠠᠷ ᠢᠯᠭᠠᠨ ᠲᠠᠨᠢᠬᠤ ᠵᠢᠵᠢᠭ ᠲᠠᠰ ᠳᠠᠷᠠᠭᠠᠯᠠᠯ ᠢ ᠨᠡᠭᠡᠭᠡᠨ ᠬᠥᠭᠵᠢᠭᠦᠯᠵᠦ᠂ | ᠠᠵᠢᠯᠲᠠᠨ ᠤ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠤᠨ᠂ ᠦᠨᠳᠦᠰᠦᠨ ᠠᠮᠢᠳᠤᠷᠠᠯ᠂ ᠡᠮᠴᠢᠯᠡᠭᠡ᠂ ᠰᠤᠷᠭᠠᠨ | ᠬᠥᠮᠦᠵᠢᠯ᠂ ᠠᠵᠢᠯ ᠣᠯᠭᠤᠯᠲᠠ ᠪᠠ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠵᠡᠷᠭᠡ ᠶᠢ ᠢᠯᠭᠠᠨ ᠰᠠᠯᠭᠠᠵᠤ | ᠬᠠᠪᠰᠤᠷᠤᠨ ᠲᠡᠳᠬᠦᠵᠦ᠂ ᠪᠥᠬᠦ ᠣᠷᠣᠨ ᠪᠥᠬᠦ ᠤᠯᠤᠰ ᠲᠤ ᠲᠣᠯᠢ ᠪᠣᠯᠭᠠᠵᠤ ᠪᠣᠯᠬᠤ ᠲᠤᠷᠰᠢᠯᠭ᠎ᠠ ᠪᠠ | ᠦᠢᠯᠡᠳᠦᠯᠭᠡ ᠶᠢᠨ ᠥᠯᠢᠭᠡᠷ ᠳᠠᠭᠤᠷᠢᠶᠠᠯ ᠬᠠᠩᠭᠠᠨ᠎ᠠ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ | ᠪᠠᠲᠤᠯᠠᠭ᠎ᠠ ᠶᠢᠨ ᠰᠢᠰᠲ᠋ᠧᠮ ᠤᠨ ᠢᠯᠴᠢ ᠬᠠᠩᠭᠠᠬᠤ ᠳᠤ ᠬᠡᠷᠡᠭᠯᠡᠬᠦ ᠨᠡᠭᠦᠷᠡᠰᠦ ᠴᠠᠬᠢᠯᠭᠠᠨ ᠪᠠ ᠠᠷᠠᠳ ᠤᠨ | ᠠᠮᠢᠳᠤᠷᠠᠯ ᠳᠤ ᠬᠡᠷᠡᠭᠯᠡᠬᠦ ᠬᠡᠢ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠲᠠᠸᠠᠷ ᠤᠨ ᠬᠠᠩᠭᠠᠯᠭ᠎ᠠ ᠶᠢ ᠪᠠᠲᠤᠯᠠᠵᠤ | ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠠᠳᠬᠤᠨ᠎ᠠ᠃ | ᠲᠠᠪᠤ ᠳᠤ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ | ᠳᠡᠭᠡᠭᠰᠢᠯᠡᠭᠦᠯᠦᠨ᠎ᠡ᠃ ᠰᠣᠶᠣᠯ ᠪᠠ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ | ᠴᠢᠳᠠᠮᠵᠢ ᠶᠢ ᠠᠭᠤᠰᠤᠯᠴᠠᠭᠤᠯᠬᠤ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠢᠶᠠᠷ ᠥᠷᠨᠢᠭᠦᠯᠵᠦ᠂ ᠠᠷᠪᠠᠨ | ᠰᠢᠯᠢᠳᠡᠭ ᠰᠣᠶᠣᠯ ᠤᠨ ᠣᠷᠳᠣᠨ᠂ ᠨᠣᠮ ᠤᠨ ᠰᠠᠩ᠂ ᠰᠣᠶᠣᠯ ᠤᠨ ᠠᠭᠤᠳᠠᠮ ᠲᠠᠯᠠᠪᠠᠶ ᠶᠢ ᠰᠢᠯᠭᠠᠷᠠᠭᠤᠯᠬᠤ | ᠠᠵᠢᠯᠯᠠᠭ᠎ᠠ ᠶᠢ ᠬᠡᠷᠡᠭᠵᠢᠭᠦᠯᠦᠨ᠂ ᠨᠣᠮ ᠤᠨ ᠰᠠᠩ᠂ ᠰᠣᠶᠣᠯ ᠤᠨ ᠣᠷᠳᠣᠨ ᠤ ᠶᠡᠷᠦᠩᠬᠡᠶ ᠬᠤᠪᠢᠶᠠᠷᠢ ᠣᠷᠳᠣᠨ ᠤ | ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠥᠬᠦ ᠠᠶᠢᠮᠠᠭ ᠲᠤ ᠨᠠᠭᠠᠳᠤ ᠵᠠᠬ᠎ᠠ ᠳᠠᠭᠠᠨ 5 ᠠᠴᠠ ᠳᠡᠭᠡᠭᠰᠢ | ᠬᠤᠪᠢᠶᠠᠷᠢ ᠣᠷᠳᠣᠨ ᠢ ᠰᠢᠨ᠎ᠡ ᠪᠠᠷ ᠪᠠᠶᠢᠭᠤᠯᠤᠨ᠎ᠠ᠃ ᠤᠯᠠᠭᠠᠨᠮᠥ᠋ᠴᠢᠷ ᠤᠨ ᠠᠵᠢᠯ ᠦᠢᠯᠡᠰ ᠢ ᠤᠯᠠᠮ ᠨᠢᠭᠡ ᠠᠯᠬᠤᠮ | ᠬᠥᠭᠵᠢᠭᠦᠯᠵᠦ᠂ ᠪᠥᠬᠦ ᠠᠶᠢᠮᠠᠭ ᠤᠨ ᠠᠷᠪᠠᠨ ᠲᠠᠪᠤᠳᠤᠭᠠᠷ ᠬᠤᠭᠤᠴᠠᠭᠠᠨ ᠤ ᠤᠯᠠᠭᠠᠨᠮᠥ᠋ᠴᠢᠷ ᠤᠨ ᠤᠷᠠᠨ ᠰᠠᠶᠢᠬᠠᠨ ᠤ | ᠬᠠᠮᠲᠤᠷᠠᠭᠰᠠᠨ ᠲᠣᠭᠯᠠᠯᠲᠠ ᠶᠢ ᠡᠷᠭᠢᠯᠡᠨ᠂ ᠤᠯᠠᠭᠠᠨᠮᠥ᠋ᠴᠢᠷ ᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ | ᠪᠠᠭᠤᠵᠤ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢ 600 ᠲᠠᠯᠠᠪᠠᠶ ᠠᠴᠠ ᠳᠡᠭᠡᠭᠰᠢ ᠥᠷᠨᠢᠭᠦᠯᠦᠨ᠎ᠡ᠃ ᠥᠪ | ᠬᠥᠷᠥᠩᠭᠡ ᠶᠢᠨ ᠪᠤᠰᠤ ᠦᠢᠯᠡᠰ ᠢ ᠤᠯᠠᠮ ᠨᠢᠭᠡ ᠠᠯᠬᠤᠮ ᠰᠠᠶᠢᠲᠤᠷ ᠠᠳᠬᠤᠵᠤ᠂ ︽ᠠᠴᠢᠶᠠᠯᠠᠪᠤᠷᠢ ᠲᠠᠢ᠂ | ᠠᠭᠤᠯᠭ᠎ᠠ ᠲᠠᠢ᠂ ᠪᠦᠲᠦᠭᠡᠭᠳᠡᠬᠦᠨ ᠲᠠᠢ᠂ ᠬᠤᠳᠠᠯᠳᠤᠬᠤ ᠴᠡᠭ ᠲᠠᠢ︾ ᠠᠵᠢᠯ ᠤᠨ ᠰᠡᠳᠬᠢᠮᠵᠢ ᠶᠣᠰᠣᠭᠠᠷ᠂ | ᠪᠣᠳᠠᠰ ᠤᠨ ᠪᠤᠰᠤ ᠰᠣᠶᠣᠯ ᠤᠨ ᠥᠪ ᠤᠨ ︽ᠨᠢᠭᠡ ᠬᠦᠷᠢᠶᠡᠯᠡᠩ ᠠᠷᠪᠠᠨ ᠭᠤᠷᠪᠠᠨ ᠦᠢᠯᠡᠳᠭᠡᠯ ᠤᠨ ᠭᠠᠵᠠᠷ︾ | ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠨᠠᠷᠠᠲᠤ ᠲᠥᠷᠥᠯ | ᠲᠡᠮᠳᠡᠭᠲᠦ ᠶᠢᠨ ᠦᠨ᠎ᠡ ᠥᠷᠲᠡᠭ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︵ᠳᠣᠯᠤᠭ᠎ᠠ︶ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ | ᠨᠡᠶᠢᠭᠡᠮ ᠤᠨ ᠲᠣᠭᠲᠠᠭᠤᠨ ᠪᠠᠶᠢᠳᠠᠯ ᠢ ᠬᠦᠴᠦᠯᠡᠨ ᠬᠠᠮᠠᠭᠠᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ | ᠰᠠᠬᠢᠨ᠎ᠠ᠃ ᠤᠯᠤᠰ ᠤᠨ ᠶᠡᠷᠦᠩᠬᠡᠶ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠠᠮᠤᠷ | ᠲᠦᠪᠰᠢᠨ ᠬᠥᠭᠵᠢᠯᠲᠡ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶᠡᠨ ᠤ ᠪᠦᠬᠦ ᠶᠠᠪᠤᠴᠠ ᠳᠤ | ᠲᠤᠭᠤᠰᠢᠯᠠᠭᠤᠯᠵᠦ᠂ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠪᠣᠳᠠᠲᠠᠶ | ᠪᠥᠭᠡᠳ ᠨᠠᠷᠢᠯᠢᠭ ᠬᠢᠨ᠎ᠡ᠃ | ᠨᠢᠭᠡ ᠳᠤ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠦᠨ᠎ᠡ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠶᠢᠨ ᠲᠣᠭᠤᠷᠢᠨ ᠳᠤ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢ ᠴᠣᠭᠴᠠᠯᠠᠨ ᠪᠠᠶᠢᠭᠤᠯᠬᠤ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ | ᠠᠵᠢᠯ ᠢ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ︾ ︽ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠭᠢᠳᠬᠦ ᠬᠡᠯᠪᠡᠷᠢ ᠶᠢᠨ ᠬᠥᠭᠵᠢᠯᠲᠡ ᠶᠢᠨ ᠲᠥᠯᠥᠪᠯᠡᠭᠡ | ︾ ᠪᠠ ︽ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ | ᠲᠥᠯᠥᠪᠯᠡᠭᠡ︾ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠠᠨᠠᠷ ᠤᠨ ᠦᠷ᠎ᠡ ᠰᠡᠳᠬᠢᠯ ᠢᠶᠠᠨ ᠨᠢᠭᠡᠳᠬᠡᠨ ᠬᠦᠰᠡᠯ | ᠵᠡᠭᠦᠳᠦ ᠪᠠᠨ ᠲᠡᠷᠭᠡᠯᠰᠢᠭᠦᠯᠬᠦ︾ ᠰᠢᠷᠢᠰ ᠭᠤᠤᠯ ᠰᠡᠳᠦᠪᠲᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠢᠯ ᠤᠨ | ᠳᠣᠲᠣᠷ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠦᠢᠯᠡᠳᠦᠯᠭᠡ ᠶᠢᠨ | ᠰᠢᠨ᠎ᠡ ᠶᠢ ᠡᠭᠦᠳᠬᠦ ᠰᠠᠭᠤᠷᠢᠨ ᠭᠠᠵᠠᠷ᠂ 40 ︽ᠠᠨᠠᠷ ᠤᠨ ᠦᠷ᠎ᠡ ᠶᠢᠨ ᠬᠡᠷ ᠣᠷᠣᠨ︾᠂ 500 ︽ᠬᠠᠮᠤᠭ ᠤᠨ | ᠭᠤᠶᠣ ᠠᠨᠠᠷ ᠤᠨ ᠦᠷ᠎ᠡ ᠶᠢᠨ ᠬᠡᠷ ᠪᠦᠯᠢ︾ ᠶᠢ ᠰᠣᠩᠭᠤᠨ ᠪᠠᠶᠢᠭᠤᠯᠤᠨ᠎ᠠ᠃ ᠦᠨᠳᠦᠰᠦᠲᠡᠨ ᠤ ᠬᠡᠷᠡᠭ ᠶᠠᠪᠤᠳᠠᠯ ᠢ | ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠲᠤᠤᠷᠴᠢᠯᠠᠭᠰᠠᠨ ᠬᠠᠮᠢᠶᠠᠷᠤᠯᠲᠠ ᠳᠤ ᠣᠷᠣᠭᠤᠯᠵᠤ᠂ | ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ | ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ | ᠬᠤᠶᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ | ᠰᠢᠯᠢᠳᠡᠭᠵᠢᠭᠦᠯᠦᠨ᠎ᠡ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 12 ᠰᠠᠷ᠎ᠠ ᠶᠢᠨ 26 ᠤ | ᠡᠳᠦᠷ ᠤᠨ ᠣᠷᠣᠶ ᠠᠯᠪᠠᠨ ᠵᠠᠷ ᠨᠡᠶᠢᠲᠡᠯᠡᠵᠦ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ | ᠦᠷᠪᠢᠰᠦᠯ ᠢ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠭᠡᠵᠦ ᠰᠤᠯᠢᠭᠠᠳ᠂ 2023 ᠣᠨ ᠤ | 1 ᠰᠠᠷ᠎ᠠ ᠶᠢᠨ 8 ᠤ ᠡᠳᠦᠷ ᠠᠴᠠ ᠡᠬᠢᠯᠡᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠳᠤ ︽ | ᠬᠥᠬᠡᠭᠴᠢᠨ ᠲᠥᠷᠥᠯ ᠤᠨ B ᠬᠤᠭᠤᠯᠠᠶ︾ ᠶᠢ ᠬᠡᠷᠡᠭᠵᠢᠭᠦᠯᠦᠨ᠎ᠡ ᠭᠡᠵᠡᠶ᠃ ᠡᠯ᠎ᠡ ᠭᠠᠵᠠᠷ ᠤᠨ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ᠂ ᠡᠯ᠎ᠡ ᠱᠠᠲᠤᠨ ᠤ ᠵᠠᠰᠠᠭ ᠤᠨ ᠣᠷᠳᠣᠨ ︽ᠡᠷᠡᠭᠦᠯ ᠮᠡᠨᠳᠦ ᠶᠢ ᠪᠠᠲᠤᠯᠠᠵᠤ᠂ ᠬᠦᠨᠳᠦ | ᠡᠪᠡᠳᠴᠢᠨ ᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠵᠢᠯ ᠤᠨ ᠬᠠᠷᠠᠯᠲᠠ ᠶᠢᠨ ᠲᠣᠭᠤᠷᠢᠨ ᠳᠤ ᠢᠳᠡᠪᠬᠢᠲᠡᠶ ᠪᠠᠷ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠡᠪᠲᠡᠬᠦ ᠰᠡᠳᠬᠢᠴᠡ ᠶᠢ ᠲᠠᠰᠤ ᠵᠣᠭᠰᠣᠭᠠᠬᠤ ᠬᠡᠷᠡᠭᠲᠡᠶ᠃ ᠰᠤᠮᠤ ᠰᠢᠶᠠᠩ | ᠪᠠᠯᠭᠠᠰᠤ᠂ ᠨᠡᠶᠢᠭᠡᠮ ᠲᠣᠭᠤᠷᠢᠭ᠂ ᠭᠠᠴᠠᠭ᠎ᠠ ᠨᠤᠭᠤᠳ ᠰᠠᠭᠤᠷᠢ ᠴᠢᠨᠠᠷᠲᠠᠶ ᠦᠢᠯᠡᠳᠦᠯ ᠢᠶᠠᠨ ᠦᠷᠭᠦᠯᠵᠢᠯᠡᠨ | ᠪᠠᠳᠠᠷᠠᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠵᠦᠢᠯ ᠳᠤ ᠴᠠᠭ ᠲᠤᠬᠠᠶ ᠳᠤᠨᠢ ᠬᠠᠷᠢᠭᠤ ᠥᠭᠴᠦ᠂ ᠣᠯᠠᠨ | ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠠᠷᠭᠠᠴᠠᠬᠤ᠂ | ᠣᠶᠤᠨᠴᠢ ᠪᠠᠷ ᠡᠪᠡᠳᠴᠢᠨ ᠦᠵᠡᠭᠦᠯᠵᠦ ᠡᠮ ᠬᠡᠷᠡᠭᠯᠡᠭᠦᠯᠬᠦ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ | ᠰᠠᠶᠢᠲᠤᠷ ᠬᠢᠵᠦ᠂ ᠠᠰᠠᠭᠤᠨ ᠯᠠᠪᠯᠠᠬᠤ ᠦᠢᠯᠡᠴᠢᠯᠡᠭᠡ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠵᠡᠷᠭᠡ | ᠬᠡᠷᠡᠭᠴᠡᠭᠡ ᠱᠠᠭᠠᠷᠳᠠᠯᠭ᠎ᠠ ᠲᠠᠢ ᠣᠯᠠᠨ ᠲᠦᠮᠡᠨ ᠳᠤ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠨᠥᠬᠦᠴᠡᠯ ᠪᠠ | ᠬᠠᠪᠰᠤᠷᠤᠯᠭ᠎ᠠ ᠬᠠᠩᠭᠠᠬᠤ ᠬᠡᠷᠡᠭᠲᠡᠶ᠃ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ | ᠡᠮᠴᠢᠯᠡᠭᠡᠨ ᠤ ᠡᠬᠢ ᠪᠠᠶᠠᠯᠢᠭ ᠤᠨ ᠲᠠᠰ ᠳᠡᠪᠰᠢᠵᠦ ᠪᠠᠭᠲᠠᠭᠠᠮᠵᠢ ᠶᠢ ᠥᠷᠭᠡᠳᠬᠡᠬᠦ᠂ ᠨᠢᠭᠡᠳᠦᠯᠲᠡᠶ ᠲᠥᠯᠥᠪᠯᠡᠨ | ᠠᠰᠢᠭᠯᠠᠬᠤ᠂ ᠵᠦᠶ ᠵᠣᠬᠢᠰᠲᠠᠶ ᠪᠠᠷ ᠳᠣᠭᠢᠷᠠᠭᠤᠯᠬᠤ ᠶᠢ ᠳᠥᠯᠭᠢᠨ ᠠᠬᠢᠭᠤᠯᠵᠤ᠂ ᠬᠠᠯᠠᠭᠤᠷᠠᠵᠤ ᠪᠠᠶᠢᠭ᠎ᠠ | ᠡᠪᠡᠳᠴᠢᠲᠡᠨ ᠢ ᠡᠮᠨᠡᠨ ᠵᠠᠰᠠᠪᠠᠯ ᠵᠣᠬᠢᠬᠤ ᠶᠢ ᠨᠢ ᠴᠥᠮ ᠡᠮᠨᠡᠨ ᠵᠠᠰᠠᠬᠤ᠂ ᠡᠮᠨᠡᠨ ᠵᠠᠰᠠᠪᠠᠯ ᠵᠣᠬᠢᠬᠤ ᠶᠢ ᠨᠢ ᠴᠥᠮ | ᠡᠮᠨᠡᠨ ᠵᠠᠰᠠᠬᠤ ᠶᠢ ᠦᠨᠡᠨ ᠬᠦ ᠪᠠᠲᠤᠯᠠᠵᠤ᠂ ᠢᠯᠠᠩᠭᠤᠶ᠎ᠠ ᠬᠦᠨᠳᠦ ᠡᠪᠡᠳᠴᠢᠨ ᠢ ᠡᠮᠨᠡᠨ ᠵᠠᠰᠠᠬᠤ ᠴᠢᠳᠠᠪᠤᠷᠢ ᠶᠢᠨ | ᠪᠠᠶᠢᠭᠤᠯᠤᠯᠲᠠ ᠪᠠ ᠣᠷᠣᠭᠤᠯᠤᠯᠲᠠ ᠶᠢ ᠴᠢᠩᠭᠠᠳᠬᠠᠬᠤ ᠬᠡᠷᠡᠭᠲᠡᠶ᠃ ᠡᠮᠴᠢᠯᠡᠭᠡᠨ ᠤ ᠡᠬᠢ ᠪᠠᠶᠠᠯᠢᠭ ᠤᠨ | ᠬᠠᠩᠭᠠᠯᠭ᠎ᠠ ᠶᠢᠨ ᠨᠥᠭᠡᠴᠡ ᠶᠢ ᠪᠠᠲᠤᠯᠠᠵᠤ᠂ ᠪᠥᠬᠦ ᠠᠶᠢᠮᠠᠭ ᠤᠨ ᠠᠪᠤᠷᠠᠨ ᠵᠠᠰᠠᠬᠤ᠂ ᠡᠮ ᠬᠡᠷᠡᠭᠯᠡᠬᠦ ᠵᠡᠷᠭᠡ | ᠬᠡᠷᠡᠭᠴᠡᠭᠡ ᠱᠠᠭᠠᠷᠳᠠᠯᠭ᠎ᠠ ᠶᠢ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠥᠷᠭᠡᠨ ᠢᠶᠠᠷ ᠬᠠᠷᠢᠯᠴᠠᠨ ᠵᠣᠯᠭᠠᠭᠤᠯᠵᠤ | ᠂ ᠭᠤᠤᠯᠳᠠᠯᠭ᠎ᠠ ᠲᠠᠢ ᠡᠮ ᠤᠨ ᠵᠦᠢᠯ᠂ ᠥᠳᠥᠭᠡᠭᠴᠢ ᠶᠢ ᠪᠠᠶᠢᠴᠠᠭᠠᠨ ᠰᠢᠯᠭᠠᠬᠤ ᠤᠷᠪᠠᠯᠵᠢ ᠵᠡᠷᠭᠡ ᠶᠢ ᠬᠤᠳᠠᠯᠳᠤᠨ | ᠠᠪᠴᠤ ᠨᠥᠭᠡᠴᠡᠯᠡᠬᠦ ᠶᠢ ᠰᠠᠶᠢᠲᠤᠷ ᠬᠢᠵᠦ᠂ ᠤᠲᠴᠢ᠂ ᠠᠶᠢᠮᠠᠭ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠠᠮᠢᠶ᠎ᠠ | ᠪᠥᠬᠦᠶ ᠡᠮᠨᠡᠨ ᠵᠠᠰᠠᠬᠤ ᠡᠮ ᠤᠨ ᠭᠠᠷᠤᠯᠲᠠ ᠶᠢ ᠨᠡᠮᠡᠭᠳᠡᠭᠦᠯᠦᠨ ᠭᠠᠷᠤᠯᠲᠠ ᠪᠠᠨ ᠥᠷᠭᠡᠳᠬᠡᠬᠦ ᠶᠢ ᠳᠡᠮᠵᠢᠵᠦ᠂ ᠣᠯᠠᠨ | ᠲᠦᠮᠡᠨ ᠤ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠰᠠᠶᠢᠲᠤᠷ ᠪᠠᠲᠤᠯᠠᠬᠤ ᠬᠡᠷᠡᠭᠲᠡᠶ᠃ ᠭᠤᠣᠯᠳᠠᠯᠭ᠎ᠠ ᠲᠠᠢ | ᠬᠥᠮᠦᠰ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠠᠳᠬᠤᠵᠤ᠂ ᠨᠠᠰᠤᠲᠠᠶᠢᠴᠤᠳ᠂ ᠬᠡᠦᠬᠡᠳ᠂ ᠰᠠᠭᠤᠷᠢ ᠴᠢᠨᠠᠷᠲᠠᠢ | ᠡᠪᠡᠳᠴᠢᠲᠡᠨ᠂ ᠵᠢᠷᠮᠦᠰᠦᠨ ᠡᠮᠡᠭᠲᠡᠢ ᠵᠡᠷᠭᠡ ᠬᠡᠪᠡᠷᠡᠭ ᠬᠥᠮᠦᠰ ᠤᠨ ᠡᠷᠡᠭᠦᠯ ᠮᠡᠨᠳᠤ ᠶᠢ ᠬᠢᠨᠠᠨ ᠬᠡᠮᠵᠢᠬᠦ ᠪᠠ | ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠡᠮᠨᠡᠯᠭᠡ ᠶᠢᠨ | ᠬᠤᠷᠢᠶ᠎ᠠ᠂ ᠰᠤᠷᠭᠠᠭᠤᠯᠢ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠭᠤᠯᠤᠮᠵᠢ᠂ ᠲᠤᠮᠤ | ᠬᠡᠯᠪᠡᠷᠢ ᠶᠢᠨ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ | ᠲᠠᠯᠠᠪᠤᠷ ᠲᠤ ᠴᠤᠭᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ︔ | ᠬᠦᠯᠢᠶᠡᠨ ᠠᠪᠬᠤ ᠶᠣᠰᠣᠲᠠᠶ ᠶᠢ ᠨᠢ ᠴᠥᠮ ᠬᠦᠯᠢᠶᠡᠨ ᠠᠪᠬᠤ᠂ ᠡᠷᠲᠡ ᠬᠦᠯᠢᠶᠡᠨ ᠠᠪᠴᠤ ᠲᠦᠷᠭᠡᠨ ᠬᠦᠯᠢᠶᠡᠨ | ᠠᠪᠬᠤ ᠶᠢ ᠪᠠᠷᠢᠮᠲᠠᠯᠠᠵᠤ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠬᠦ ᠶᠢ | ᠲᠦᠷᠭᠡᠪᠴᠢᠯᠡᠨ ᠠᠬᠢᠭᠤᠯᠤᠨ᠎ᠠ᠃ ᠡᠮᠨᠡᠯᠭᠡ ᠶᠢᠨ ᠠᠵᠢᠯᠲᠠᠳ ᠢ ᠬᠠᠯᠠᠮᠵᠢᠯᠠᠨ ᠬᠠᠶᠢᠷᠠᠯᠠᠵᠤ᠂ ᠲᠡᠳᠡᠨ ᠤ ᠪᠡᠶ᠎ᠡ | ᠰᠡᠳᠬᠢᠯ ᠤᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠬᠡᠷᠡᠭᠲᠡᠢ᠃ | ᠭᠤᠷᠪᠠ ᠳᠤ᠂ ᠠᠮᠤᠷ ᠠᠮᠤᠭᠤᠯᠠᠩ ᠬᠢᠩᠭᠠᠨ ᠤ ᠪᠦᠳᠤᠬᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ | ᠨᠡᠶᠢᠭᠡᠮ ᠤᠨ ᠵᠥᠷᠢᠴᠡᠯ ᠤᠨ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠶᠢ ᠴᠢᠩᠭᠠᠳᠬᠠᠵᠤ᠂ | ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠲᠦᠮᠵᠢᠲᠡᠶ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ | ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ | ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ | ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︽ | ᠢᠳᠡᠵᠦ ᠡᠮᠦᠰᠬᠦ ᠶᠠᠪᠤᠵᠤ ᠰᠠᠭᠤᠬᠤ︾ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠬᠠᠲᠠᠭᠤ ᠴᠢᠩᠭ᠎ᠠ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠢᠳᠡᠭᠡᠨ ᠪᠠ ᠡᠮ ᠤᠨ ᠵᠦᠢᠯ ᠪᠠ ᠦᠶ᠋ᠯᠡᠳᠬᠦᠨ ᠤ ᠶᠠᠰᠤ ᠴᠢᠨᠠᠷ ᠤᠨ | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠠᠵᠢᠯ ᠢ | ᠲᠤᠪᠤᠶᠢᠮ᠎ᠠ ᠰᠠᠶᠢᠲᠤᠷ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠲᠦᠪᠰᠢᠨ ᠪᠣᠯᠤᠨ | ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠭᠠᠮᠰᠢᠭ ᠢ ᠰᠡᠷᠭᠡᠶᠢᠯᠡᠬᠦ ᠭᠠᠮᠰᠢᠭ ᠢ | ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠲᠦᠷᠦᠯ ᠤᠨ | ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠨ᠎ᠠ᠃ ᠪᠦᠯᠬᠦᠮᠳᠡᠨ ᠬᠢᠯᠢ ᠬᠢᠵᠠᠭᠠᠷ | ᠣᠷᠣᠨ ᠢ ᠬᠠᠮᠠᠭᠠᠯᠠᠬᠤ᠂ ᠬᠢᠯᠢ ᠬᠢᠵᠠᠭᠠᠷ ᠣᠷᠣᠨ ᠢ ᠲᠣᠭᠲᠠᠭᠤᠨ ᠪᠠᠶᠢᠯᠭᠠᠬᠤ ᠶᠢ ᠪᠠᠲᠤᠯᠠᠬᠤ᠂ ᠰᠠᠭᠤᠷᠢ ᠪᠠᠷ ᠬᠢᠯᠢ | ᠬᠢᠵᠠᠭᠠᠷ ᠣᠷᠣᠨ ᠢ ᠪᠠᠬᠢᠵᠢᠭᠦᠯᠬᠦ᠂ ᠠᠵᠤ ᠦᠢᠯᠡᠰ ᠢᠶᠠᠷ ᠬᠢᠯᠢ ᠬᠢᠵᠠᠭᠠᠷ ᠣᠷᠣᠨ ᠢ ᠬᠥᠭᠵᠢᠭᠦᠯᠬᠦ ︽ᠳᠥᠷᠪᠡᠨ | ᠵᠦᠢᠯ︾ ᠤᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠪᠠᠶᠠᠵᠢᠭᠤᠯᠬᠤ ᠪᠠ ᠬᠢᠯᠢ ᠬᠢᠵᠠᠭᠠᠷ ᠣᠷᠣᠨ ᠢ ᠰᠠᠬᠢᠨ ᠬᠢᠯᠢ ᠬᠢᠵᠠᠭᠠᠷ ᠣᠷᠣᠨ ᠢ ᠪᠠᠬᠢᠵᠢᠭᠦᠯᠬᠦ ᠬᠠᠮᠵᠢᠯᠴᠠᠨ | ᠬᠥᠭᠵᠢᠬᠦ ᠶᠢ ᠠᠬᠢᠭᠤᠯᠵᠤ᠂ ᠬᠢᠯᠢ ᠶᠢᠨ ᠬᠠᠮᠠᠭᠠᠯᠠᠯᠲᠠ ᠶᠢᠨ ᠰᠣᠳᠣᠨ ᠱᠤᠭᠤᠮ ᠢ ᠪᠥᠬᠦ ᠬᠦᠴᠦᠨ ᠢᠶᠠᠷ ᠢᠶᠠᠨ ᠪᠣᠶ | ᠪᠣᠯᠭᠠᠨ᠎ᠠ᠃ | ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠃ ᠢᠷᠡᠬᠦ ᠵᠢᠯ ᠤᠨ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠳᠤ᠂ | ᠪᠥᠬᠦ ᠠᠶᠢᠮᠠᠭ ᠤᠨ ᠡᠯ᠎ᠡ ᠱᠠᠲᠤᠨ ᠤ ᠵᠠᠰᠠᠭ ᠤᠨ ᠣᠷᠳᠣᠨ ᠲᠣᠰ ᠪᠡᠶ᠎ᠡ ᠶᠢᠨ ᠪᠠᠶᠢᠭᠤᠯᠤᠯᠲᠠ ᠪᠠᠨ ᠨᠠᠩ | ᠴᠢᠬᠤᠯᠠᠴᠢᠯᠠᠬᠤ ᠪᠠ ᠴᠢᠩᠭᠠᠳᠬᠠᠵᠤ᠂ ᠵᠠᠰᠠᠭ ᠤᠨ ᠣᠷᠳᠣᠨ ᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠤᠯᠤᠰ ᠲᠥᠷᠥ ᠶᠢᠨ ᠪᠠᠶᠢᠭᠤᠯᠤᠯᠭ᠎ᠠ ᠶᠢᠨ ᠤᠬᠠᠮᠰᠠᠷ ᠢ ᠪᠠᠲᠤ | ᠪᠠᠬᠢ ᠪᠣᠶ ᠪᠣᠯᠭᠠᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠳᠤ | ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠨ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ | ᠬᠤᠯᠪᠣᠭᠳᠠᠯ ᠢ ᠭᠦᠨᠵᠡᠭᠡᠶ ᠣᠶᠢᠯᠠᠭᠠᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ | ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠠᠶᠢᠮᠠᠭ ᠤᠨ ᠨᠠᠮ ᠤᠨ ᠬᠤᠷᠢᠶ᠎ᠠ ᠶᠢᠨ | ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠦᠨᠡᠨ ᠬᠦ | ᠢᠯᠡᠷᠡᠭᠦᠯᠬᠦ ᠬᠡᠷᠡᠭᠲᠡᠶ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠬᠦᠴᠦᠯᠡᠨ ᠪᠠᠶᠢᠭᠤᠯᠵᠤ᠂ ᠬᠠᠤᠯᠢ ᠶᠣᠰᠣᠭᠠᠷ | ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ | ᠬᠠᠷᠢᠭᠤᠴᠠᠯᠭ᠎ᠠ ᠡᠭᠦᠷᠭᠡ ᠪᠠᠨ ᠦᠨᠡᠨᠴᠢ ᠪᠠᠷ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠵᠦ᠂ ᠵᠠᠰᠠᠭ ᠤᠨ | ᠣᠷᠳᠣᠨ ᠤ ᠠᠵᠢᠯ ᠢ ᠬᠠᠤᠯᠢ ᠪᠠᠷ ᠵᠠᠰᠠᠬᠤ ᠵᠠᠮ ᠳᠤ ᠦᠨᠡᠨ ᠬᠦ ᠪᠦᠬᠦ ᠲᠠᠯ᠎ᠠ ᠪᠠᠷ ᠣᠷᠣᠭᠤᠯᠬᠤ ᠬᠡᠷᠡᠭᠲᠡᠢ᠃ ᠦᠷ᠎ᠡ | ᠪᠦᠲᠦᠮᠵᠢᠲᠦ ᠵᠠᠰᠠᠭ ᠤᠨ ᠣᠷᠳᠣᠨ ᠢ ᠬᠦᠴᠦᠯᠡᠨ ᠪᠠᠶᠢᠭᠤᠯᠵᠤ᠂ ᠲᠠᠩᠰᠠ ᠮᠡᠳᠡᠭᠦᠯᠬᠦ ᠤᠬᠠᠮᠰᠠᠷ᠂ ᠡᠪᠬᠡᠮᠡᠯ | ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠬᠡᠯᠪᠡᠷᠢᠴᠢ ᠦᠵᠡᠯ᠂ ᠨᠣᠶᠠᠨᠴᠢ | ᠰᠤᠷᠲᠠᠯ ᠢ ᠡᠷᠡᠰ ᠴᠡᠭᠴᠡᠯᠡᠨ ᠵᠠᠰᠠᠵᠤ᠂ ︽ᠭᠤᠷᠪᠠᠨ ᠤᠯᠠᠨ︾ ︽ᠭᠤᠷᠪᠠᠨ ᠴᠥᠭᠡᠨ︾ ︽ᠭᠤᠷᠪᠠᠨ ᠤᠳᠠᠭᠠᠨ︾ | ᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠠᠪᠤᠨ ᠶᠡᠭᠡ ᠡᠭᠦᠷᠭᠡ ᠵᠡᠷᠭᠡ ᠭᠤᠣᠯᠳᠠᠯᠭ᠎ᠠ ᠲᠠᠢ ᠠᠵᠢᠯ ᠢ ᠪᠦᠬᠦ | ᠬᠦᠴᠦᠨ ᠢᠶᠠᠷ ᠢᠶᠠᠨ ᠠᠬᠢᠭᠤᠯᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠠᠷᠢᠭᠤᠨ ᠴᠢᠬᠡᠴᠢ ᠵᠠᠰᠠᠭ ᠤᠨ | ᠣᠷᠳᠣᠨ ᠢ ᠬᠦᠴᠦᠯᠡᠨ ᠪᠠᠶᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠲᠥᠪ ᠤᠨ ︽ᠨᠠᠢᠮᠠᠨ ᠲᠣᠭᠲᠠᠭᠠᠯ︾ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠢ ᠲᠠᠰᠤᠷᠠᠯᠲᠠ ᠦᠭᠡᠢ ᠠᠬᠢᠭᠤᠯᠵᠤ᠂ | ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠬᠤ ᠬᠡᠷᠡᠭᠲᠡᠢ᠃ | ᠨᠥᠬᠦᠳ ᠡ᠂ ᠡᠭᠦᠷᠭᠡ ᠬᠠᠷᠢᠭᠤᠴᠠᠯᠭ᠎ᠠ ᠶᠢᠨ ᠭᠤᠣᠯᠳᠠᠯᠭ᠎ᠠ ᠨᠢ ᠬᠠᠷᠢᠭᠤᠴᠠᠯᠭ᠎ᠠ ᠡᠭᠦᠷᠭᠡᠯᠡᠬᠦ ᠳᠤ ᠪᠤᠢ᠂ | ᠪᠣᠳᠠᠲᠠᠢ ᠠᠵᠢᠯᠯᠠᠪᠠᠯ ᠢᠷᠡᠭᠡᠳᠦᠢ ᠪᠠᠨ ᠴᠣᠭᠴᠠᠯᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠠᠶᠢᠮᠠᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠮᠡᠬᠡᠶᠢᠯᠡᠨ ᠲᠡᠮᠡᠴᠡᠵᠦ᠂ | ᠡᠷᠡᠮᠡᠬᠡᠶᠢᠯᠡᠨ ᠤᠷᠤᠭᠰᠢᠯᠠᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠦᠷᠭᠦᠯᠵᠢᠯᠡᠨ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠪᠦᠬᠦ ᠠᠶᠢᠮᠠᠭ ᠤᠨ ᠠᠷᠠᠳ ᠲᠦᠮᠡᠨ ᠳᠤ ᠬᠠᠨᠤᠮᠵᠢᠲᠠᠢ | ᠬᠠᠷᠢᠭᠤᠯᠲᠠ ᠶᠢᠨ ᠬᠠᠭᠤᠳᠠᠰᠤ ᠲᠤᠰᠢᠶᠠᠪᠠ᠃ | | |