ᠬᠢᠩᠭᠠᠨ ᠠᠶᠢᠮᠠᠭ ᠤᠨ ᠮᠠᠯ ᠠᠵᠤ ᠠᠬᠤᠢ ᠶᠢᠨ ᠦᠢᠯᠡᠳᠪᠤᠷᠢᠯᠡᠯ ᠶᠢᠰᠦᠨ ᠵᠢᠯ ᠳᠠᠷᠠᠭᠠᠯᠠᠨ ᠳᠤᠭᠳᠠᠭᠤᠨ ᠪᠠᠢᠬᠤ ᠶᠢ ᠪᠠᠳᠤᠯᠠᠪᠠ
ᠨᠡᠶᠢᠲᠡᠯᠡᠭᠰᠡᠨ ᠴᠠᠭ᠄
2023/4/23
      2022 ᠤᠨ ᠤ ᠮᠠᠯ ᠠᠵᠤ ᠠᠬᠤᠢ ᠶᠢᠨ  ᠤᠨ ᠤ ᠪᠦᠷᠢᠳᠬᠡᠯ ᠳᠤ ᠬᠢᠩᠭᠠᠨ ᠠᠶᠢᠮᠠᠭ  ᠤᠨ ᠮᠠᠯ  ᠤᠨ ᠳᠤᠭ᠎ᠠ 1206 ᠳᠦᠮᠡ ᠳᠤ ᠬᠦᠷᠴᠦ᠂ ᠤᠷᠵᠢᠨᠤᠨ  ᠤ ᠠᠳᠠᠯᠢ ᠬᠤᠭᠤᠴᠠᠭᠠᠨ  ᠤ ᠬᠢ ᠠᠴᠠ 8.39% ᠪᠠᠷ ᠨᠡᠮᠡᠭᠳᠡᠨ᠂ ᠶᠢᠰᠦᠨ ᠵᠢᠯ ᠳᠠᠷᠠᠭᠠᠯᠠᠨ 1000 ᠳᠦᠮᠡ ᠠᠴᠠ ᠳᠡᠭᠡᠭᠰᠢ ᠪᠠᠢᠬᠤ ᠶᠢ ᠪᠠᠳᠤᠯᠠᠵᠤ᠂ ᠮᠠᠯ ᠠᠵᠤ ᠠᠬᠤᠢ ᠶᠢᠨ ᠦᠢᠯᠡᠳᠪᠤᠷᠢᠯᠡᠯ ᠶᠢᠰᠦᠨ ᠵᠢᠯ ᠳᠠᠷᠠᠭᠠᠯᠠᠨ ᠳᠤᠭᠳᠠᠭᠤᠨ ᠪᠠᠢᠬᠤ ᠶᠢ ᠪᠡᠶᠡᠯᠡᠭᠦᠯᠦᠭᠰᠡᠨ ᠪᠠᠶᠢᠨ᠎ᠠ᠃      ᠳᠤᠭᠳᠠᠭᠤᠨ ᠬᠥᠭᠵᠢᠯᠳᠡ ᠶᠢᠨ  ᠠᠮᠵᠢᠯᠳᠠ ᠶᠢᠨ ᠬᠠᠭᠤᠳᠠᠰᠤ ᠨᠢ ᠬᠦᠮᠦᠰ  ᠢ ᠪᠠᠶᠠᠷᠯᠠᠭᠤᠯᠵᠦ᠂ ᠬᠥᠭᠵᠢᠯᠳᠡ ᠶᠢᠨ ᠬᠤᠷᠳᠤᠴᠠ ᠪᠠ ᠶᠠᠰᠤ ᠴᠢᠨᠠᠷ  ᠢ ᠬᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠦᠷ᠎ᠡ ᠪᠦᠳᠦᠮᠵᠢ ᠶᠢᠨ ᠡᠷᠭᠢᠮ ᠨᠠᠨᠳᠢᠨ ᠪᠠ ᠬᠢᠯᠪᠡᠷ ᠪᠤᠰᠤ ᠶᠢ ᠢᠯᠡᠷᠡᠭᠦᠯᠦᠨ᠎ᠡ᠃     2022  ᠤᠨ ᠳᠤ ᠬᠢᠩᠭᠠᠨ ᠠᠶᠢᠮᠠᠭ  ︽ᠮᠠᠯ ᠠᠵᠤ ᠠᠬᠤᠢ ᠲᠠᠷᠢᠶᠠᠯᠠᠩ  ᠢ ᠬᠠᠷᠢᠯᠴᠠᠨ ᠨᠦᠬᠦᠪᠦᠷᠢᠯᠡᠬᠦ᠂ ᠲᠠᠷᠢᠶᠠᠯᠠᠩ ᠢᠶᠠᠷ ᠮᠠᠯ ᠠᠵᠤ ᠠᠬᠤᠢ ᠶᠢ ᠠᠬᠢᠭᠤᠯᠬᠤ︾ ᠦᠪᠡᠷᠮᠢᠴᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠠᠪᠰᠢᠬᠦ ᠶᠢ ᠬᠦᠴᠦᠯᠡᠨ ᠠᠬᠢᠭᠤᠯᠵᠠᠢ᠃      ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ  ᠤ ᠪᠤᠷᠭᠠᠰᠤᠳᠠᠢ ᠰᠢᠶᠠᠩ ᠤᠨ ᠯᠢᠶᠠᠩ ᠵᠦᠩ ᠴᠠᠩ ᠳᠤᠰᠬᠤᠨ  ᠤ ᠬᠢᠩᠭᠠᠨ ᠮᠠᠯ ᠤᠨ ᠠᠷᠠᠯᠵᠢᠶᠠᠨ  ᠤ ᠵᠠᠬ᠎ᠠ ᠳᠡᠯᠭᠡᠭᠦᠷ  ᠲᠤ ᠬᠦᠮᠦᠨ ᠬᠠᠷ᠎ᠠ ᠱᠤᠤᠬᠢᠯᠳᠤᠨ᠂ ᠦᠬᠡᠷ ᠮᠤᠷᠢ ᠳᠦᠭᠦᠷᠡᠩ ᠳᠡᠭᠡᠭᠡᠭᠰᠡᠨ ᠠᠴᠢᠶᠠᠨ  ᠤ ᠲᠤᠮᠤ ᠮᠠᠰᠢᠨ ᠲᠠᠷᠬᠡ ᠨᠦᠭᠦᠳ ᠠᠷᠤ ᠠᠷᠤ ᠠᠴᠠ ᠪᠠᠨ ᠴᠤᠪᠤᠷᠠᠯᠳᠤᠨ᠎ᠠ ᠃ ᠪᠤᠷᠭᠠᠰᠤᠳᠠᠢ ᠰᠢᠶᠠᠩ ᠤᠨ ᠬᠢᠩᠭᠠᠨ ᠳᠤᠰᠬᠤᠨ  ᠤ  ᠹᠦ᠋ ᠰᠢ ᠵᠤ ᠦᠷᠯᠦᠭᠡ ᠡᠷᠳᠡ ᠪᠠᠷ ᠮᠠᠯ ᠤᠨ ᠠᠷᠠᠯᠵᠢᠶᠠᠨ  ᠤ ᠵᠠᠬ᠎ᠠ ᠲᠠᠯᠬᠡᠬᠦᠷ ᠲᠤ ᠬᠦᠷᠴᠦ᠂ ᠬᠡᠳᠦ ᠤᠳᠠᠭ᠎ᠠ ᠳᠤᠭᠤᠷᠢᠨ ᠦᠵᠡᠭᠡᠳ ᠨᠢᠭᠡ  ᠰᠠᠶᠢᠨ ᠦᠭᠡᠷ  ᠢ ᠲᠤᠭᠤᠵᠤ᠂ ᠵᠠᠬ᠎ᠠ ᠳᠡᠯᠭᠡᠭᠦᠷ ᠤᠨ ᠳᠤᠭᠳᠠᠭᠠᠭᠰᠠᠨ ᠠᠷᠠᠯᠵᠢᠶᠠᠯᠠᠬᠤ ᠠᠯᠬᠤᠮ ᠳᠠᠷᠠᠭᠠᠯᠠᠯ ᠶᠤᠰᠤᠭᠠᠷ ᠪᠠᠷᠢᠮᠳᠠ ᠬᠢᠯᠭᠡᠵᠦ ᠠᠪᠤᠭᠠᠳ ᠪᠠᠶᠠᠷ ᠬᠦᠷ ᠲᠠᠢ ᠪᠠᠷ ᠦᠭᠡᠷ ᠢᠶᠠᠨ ᠬᠦᠳᠦᠯᠦᠨ ᠭᠡᠷ ᠲᠡᠭᠡᠨ ᠬᠠᠷᠢᠯ᠎ᠠ᠃ ︽ᠮᠠᠯ ᠤᠨ ᠠᠷᠠᠯᠵᠢᠶᠠᠨ  ᠤ ᠵᠠᠬ᠎ᠠ ᠳᠡᠯᠭᠡᠭᠦᠷ  ᠢ ᠮᠠᠨ  ᠤ ᠭᠡᠷ ᠤᠨ ᠡᠭᠦᠳᠡᠨ ᠳᠤ ᠪᠠᠢᠭᠤᠯᠤᠭᠰᠠᠨ ᠪᠤᠯᠬᠤᠷ ᠨᠠᠳᠠ ᠰᠢᠬ ᠲᠤᠬᠠᠢ ᠶᠢᠨ ᠭᠠᠵᠠᠷ ᠤᠨ ᠳᠡᠵᠢᠭᠡᠪᠦᠷᠢ ᠶᠢᠨ ᠡᠷᠦᠭᠡ ᠳᠤ ᠠᠪᠴᠤ ᠬᠡᠯᠡᠪᠡᠯ ᠮᠠᠰᠢ  ᠰᠠᠶᠢᠨ ᠶᠠᠪᠤᠳᠠᠯ ᠪᠤᠯᠵᠠᠢ᠂ ᠳᠦᠭᠦᠮ ᠪᠦᠭᠡᠳ ᠳᠡᠭᠡᠭᠡᠪᠦᠷᠢ ᠶᠢᠨ ᠰᠦᠢᠳᠬᠡᠯ  ᠢ ᠠᠷᠪᠢᠯᠠᠴᠢᠬᠠᠨ᠎ᠠ︾ ᠭᠡᠵᠦ ᠹᠦ᠋ ᠰᠢ ᠵᠤ ᠪᠠᠶᠠᠷᠳᠠᠢ ᠶᠠᠷᠢᠨ᠎ᠠ᠃       2022 ᠤᠨ ᠠᠴᠠ ᠨᠠᠭᠠᠰᠢ᠂ ᠬᠢᠩᠭᠠᠨ ᠮᠠᠯ ᠤᠨ ᠠᠷᠠᠯᠵᠢᠶᠠᠨ  ᠤ ᠵᠠᠬ᠎ᠠ ᠳᠡᠯᠭᠡᠭᠦᠷ ᠲᠤ 18.7 ᠳᠦᠮᠡ ᠭᠠᠷᠤᠢ ᠮᠠᠯ ᠠᠷᠠᠯᠵᠢᠶᠡᠯᠠᠵᠤ᠂ ᠠᠷᠠᠯᠵᠢᠶᠠᠨ  ᠤ ᠦᠷᠳᠡᠭ ᠨᠢ 15.9 ᠳ᠋ᠦ᠋ᠩᠰᠢᠭᠤᠷ ᠳᠦᠭᠦᠷᠢᠭ  ᠲᠤ ᠬᠦᠷᠪᠡ᠃ ᠤᠳᠤ ᠬᠢᠩᠭᠠᠨ ᠠᠶᠢᠮᠠᠭ  ᠲᠤ 3 ᠳᠤᠮᠤ ᠬᠡᠯᠪᠡᠷᠢ ᠶᠢᠨ ᠮᠢᠬᠠᠨ  ᠤ ᠦᠭᠡᠷ ᠤᠨ ᠠᠷᠠᠯᠵᠢᠶᠠᠨ  ᠤ ᠵᠠᠬ᠎ᠠ ᠳᠡᠯᠭᠡᠭᠦᠷ᠂ 469 ᠮᠢᠬᠠᠨ  ᠤ ᠦᠬᠡᠷ ᠤᠨ ᠪᠠᠷᠢᠮᠵᠢᠶᠠᠵᠢᠭᠰᠠᠨ ᠬᠡᠪᠴᠢᠶᠡᠵᠢᠬᠦᠯᠦᠨ ᠲᠠᠵᠢᠬᠡᠬᠦ ᠲᠠᠯᠠᠪᠠᠢ ᠲᠠᠢ  ᠪᠠᠶᠢᠵᠦ᠂ ᠪᠦᠬᠦ ᠠᠶᠢᠮᠠᠭ  ᠤᠨ ᠮᠢᠬᠠᠨ  ᠤ ᠦᠭᠡᠷ ᠤᠨ ᠡᠭᠦᠯᠳᠡᠷ ᠰᠠᠢᠵᠢᠷᠠᠭᠤᠯᠤᠭᠰᠠᠨ ᠨᠤᠷᠮ᠎ᠠ 90% ᠳᠤ ᠬᠦᠷᠴᠠᠢ᠃       ᠮᠢᠬᠠᠨ  ᠤ ᠦᠬᠡᠷ᠂ ᠰᠠᠭᠠᠯᠢ ᠶᠢᠨ ᠦᠨᠢᠶ᠎ᠠ ᠪᠤᠯ ᠬᠢᠩᠭᠠᠨ ᠠᠶᠢᠮᠠᠭ  ᠤᠨ ᠲᠠᠪᠠᠭᠤᠯᠢᠭᠳᠤ ᠠᠵᠤ ᠦᠢᠯᠡᠰ ᠮᠦᠨ᠃ ᠮᠠᠯᠴᠢᠨ ᠲᠠᠷᠢᠶᠠᠴᠢᠳ  ᠢ ᠳᠠᠢᠴᠢᠯᠠᠨ ᠦᠭᠡᠷ ᠤᠨ ᠠᠵᠤ ᠦᠢᠯᠡᠰ  ᠢ ᠢᠳᠡᠪᠬᠢᠳᠡᠢ ᠬᠥᠭᠵᠢᠬᠦᠯᠬᠦ ᠶᠢᠨ ᠳᠦᠯᠦᠭᠡ᠂ ᠬᠢᠩᠭᠠᠨ ᠠᠶᠢᠮᠠᠭ  2022 ᠤᠨ ᠳᠤ ᠮᠢᠬᠠᠨ  ᠤ ᠦᠭᠡᠷ ᠤᠨ ᠠᠵᠤ ᠦᠢᠯᠡᠰ  ᠢ ᠳᠠᠬᠢᠨ ᠪᠠᠢᠭᠤᠯᠬᠤ ᠠᠵᠢᠯᠯᠠᠭ᠎ᠠ ᠦᠷᠨᠢᠬᠦᠯᠬᠦ ᠪᠠᠷ ᠳᠠᠮᠵᠢᠨ ᠵᠢᠭᠡᠯᠡᠯᠭᠡ ᠶᠢᠨ ᠬᠦᠤ ᠮᠦᠩᠬᠦ ᠶᠢ ᠨᠢ ᠤᠷᠤᠯᠠᠨ ᠳᠦᠯᠦᠬᠦ ᠠᠷᠭ᠎ᠠ ᠬᠡᠮᠵᠢᠶ᠎ᠡ ᠠᠪᠴᠦ᠂ ᠮᠠᠯᠴᠢᠨ ᠲᠠᠷᠢᠶᠠᠴᠢᠳ  ᠢ ᠬᠦᠳᠦᠯᠦᠨ ᠵᠢᠯᠤᠭᠤᠳᠴᠤ  ᠪᠠᠶᠢᠭᠠᠳ ᠮᠢᠬᠠᠨ  ᠤ ᠦᠭᠡᠷ ᠤᠨ ᠠᠵᠤ ᠦᠢᠯᠡᠰ  ᠲᠤ ᠦᠷᠭᠡᠨ ᠢᠶᠠᠷ ᠤᠷᠤᠯᠴᠠᠭᠤᠯᠤᠭᠰᠠᠨ ᠪᠠᠶᠢᠨ᠎ᠠ᠃        ᠵᠠᠯᠠᠶᠢᠳ ᠬᠤᠰᠢᠭᠤᠨ  ᠤ ᠳᠦᠮᠡᠯᠵᠢ ᠪᠠᠯᠭᠠᠰᠤ ᠶᠢᠨ ︽ᠨᠤᠳᠤᠭ ᠲᠠᠭᠠᠨ ᠪᠤᠴᠠᠭᠰᠠᠨ ᠴᠢᠳᠠᠪᠦᠷᠢᠳᠠᠨ︾ ᠪᠤᠤ ᠬᠠᠢ ᠯᠠᠩ ᠤᠨ ᠤᠳᠤᠬᠢᠴᠢᠯᠠᠭᠰᠠᠨ ᠦᠭᠡᠷ ᠤᠨ ᠬᠠᠰᠢᠶᠠᠨ ᠳᠤ ᠦᠭᠡᠷ ᠤᠨ ᠢᠳᠡᠰᠢᠯᠡᠬᠦ ᠤᠷᠤᠨ ᠪᠠ ᠠᠮᠠᠷᠠᠬᠤ ᠤᠷᠤᠨ ᠳᠤᠬᠢᠷᠠᠭᠤᠯᠵᠤ᠂ ᠦᠬᠡᠷ ᠤᠨ ᠬᠠᠰᠢᠶ᠎ᠠ ᠶᠢᠨ ᠡᠰᠡᠷᠬᠦ ᠳᠠᠯ᠎ᠠ ᠳᠤᠨᠢ ᠡᠪᠡᠰᠦ ᠪᠤᠷᠳᠤᠭ᠎ᠠ ᠶᠢᠨ ᠫᠧᠩ ᠪᠤᠯᠤᠨ ᠪᠠᠭᠠᠰᠤ ᠠᠷᠢᠯᠭᠠᠬᠤ ᠫᠧᠩ  ᠪᠠᠶᠢᠷᠢᠯᠠᠵᠦ᠂ ᠦᠭᠡᠷ ᠢᠶᠠᠨ ᠳᠡᠵᠢᠬᠡᠬᠦ ᠠᠴᠠ ᠡᠬᠢᠯᠡᠨ ᠦᠭᠡᠷ ᠤᠨ ᠪᠠᠭᠠᠰᠤ ᠶᠢ ᠴᠡᠪᠡᠷᠯᠡᠬᠦ ᠬᠦᠷᠳᠡᠯ᠎ᠡ ᠪᠦᠬᠦ ᠶᠠᠪᠤᠴᠠ ᠶᠢᠨ ᠮᠠᠰᠢᠨᠴᠢᠯᠠᠯᠳᠠ ᠶᠢ ᠪᠡᠶᠡᠯᠡᠬᠦᠯᠴᠢᠬᠡᠵᠡᠢ᠃ ︽ᠮᠠᠨ  ᠤ ᠠᠳᠡᠬᠢ ᠮᠢᠬᠠᠨ  ᠤ ᠦᠭᠡᠷ  ᠤᠨ ᠠᠵᠤ ᠦᠢᠯᠡᠰ  ᠢ ᠳᠡᠮᠵᠢᠬᠦ ᠲᠦᠷᠦ ᠶᠢᠨ ᠪᠤᠳᠤᠯᠭ᠎ᠠ ᠨᠢ ᠮᠢᠨᠤ ᠨᠤᠳᠤᠭ ᠲᠠᠭᠠᠨ ᠪᠤᠴᠠᠨ ᠦᠢᠯᠡᠰ ᠪᠤᠰᠬᠠᠵᠤ᠂ ᠳᠡᠷᠢᠬᠦᠨ  ᠤ ᠳᠡᠵᠢᠭᠡᠨ ᠦᠷᠡᠵᠢᠬᠦᠯᠬᠦ ᠮᠡᠷᠭᠡᠵᠢᠯ ᠪᠤᠯᠤᠨ ᠦᠢᠯᠠᠭᠠᠭᠳᠠᠬᠤᠨ  ᠢ ᠨᠤᠳᠤᠭ ᠲᠠᠭᠠᠨ ᠠᠪᠴᠢᠷᠠᠵᠤ᠂ ᠨᠤᠳᠤᠭ ᠤᠨ ᠠᠬ᠎ᠠ ᠲᠡᠬᠦᠤ ᠨᠠᠷ ᠢᠶᠠᠨ ᠳᠠᠭᠠᠭᠤᠯᠤᠨ ᠬᠠᠮᠳᠤ ᠪᠠᠷ ᠪᠠᠶᠠᠵᠢᠨ ᠴᠢᠨᠡᠬᠡᠯᠢᠭᠵᠢᠬᠦ ᠪᠤᠳᠤᠯ ᠵᠤᠷᠢᠯᠳᠠ ᠶᠢ ᠪᠠᠳᠤᠳᠬᠠᠭᠰᠠᠨ ᠶᠤᠮ︾ ᠬᠡᠵᠤ ᠪᠤᠤ ᠬᠠᠢ ᠯᠠᠩ ᠳᠠᠨᠢᠯᠴᠠᠭᠤᠯᠤᠨ᠎ᠠ᠃ ᠤᠳᠤ ᠳᠡᠬᠦᠨ  ᠤ ᠮᠢᠬᠠᠨ  ᠤ ᠦᠭᠡᠷ ᠤᠨ ᠳᠡᠵᠢᠭᠡᠨ ᠦᠷᠡᠵᠢᠬᠦᠯᠬᠦ ᠬᠡᠪᠴᠢᠶ᠎ᠡ ᠠᠯᠬᠤᠮ ᠠᠯᠬᠤᠮ ᠢᠶᠠᠷ ᠦᠷᠭᠡᠳᠤᠨ᠂ ᠮᠢᠬᠠᠨ  ᠤ ᠦᠭᠡᠷ ᠨᠢ ᠨᠢᠭᠡᠨᠳᠡ 100 ᠶᠢ ᠳᠠᠪᠠᠵᠤ᠂ ᠪᠠᠰᠠ ᠲᠠᠷᠢᠶᠠᠯᠠᠩ ᠮᠠᠯ ᠠᠬᠤᠢ ᠶᠢᠨ ᠳᠤᠰᠬᠠᠢ ᠬᠤᠷᠰᠢᠶ᠎ᠠ ᠪᠠᠢᠭᠤᠯᠵᠤ᠂ ᠰᠢᠨᠵᠢᠯᠡᠬᠦ ᠤᠬᠠᠭᠠᠨᠴᠢ ᠪᠠᠷ ᠬᠠᠰᠢᠶᠠᠯᠠᠨ ᠳᠡᠵᠢᠭᠡᠬᠦ ᠶᠢ ᠪᠠᠶᠡᠯᠡᠬᠦᠯᠪᠡ᠃    2022  ᠤᠨ ᠳᠤ ᠬᠢᠩᠭᠠᠨ ᠠᠶᠢᠮᠠᠭ  ᠤᠨ ᠰᠢᠨ᠎ᠡ ᠪᠠᠷ ᠨᠡᠮᠡᠭᠳᠡᠬᠦᠯᠦᠭᠰᠡᠨ ᠮᠢᠬᠠᠨ  ᠤ ᠦᠭᠡᠷ 17.36 ᠳᠦᠮᠡ ᠪᠠᠢᠵᠤ᠂ ᠪᠦᠬᠦ ᠠᠶᠢᠮᠠᠭ  ᠤᠨ 28% ᠶᠢᠨ ᠮᠠᠯᠵᠢᠬᠤ ᠲᠠᠷᠢᠶᠠᠯᠠᠬᠤ ᠡᠷᠦᠬᠡ ᠴᠦᠮ ᠮᠢᠬᠠᠨ  ᠤ ᠦᠬᠡᠷ ᠲᠠᠵᠢᠬᠡᠵᠤ᠂ ᠳᠡᠵᠢᠭᠡᠵᠦ ᠪᠠᠢᠭ᠎ᠠ ᠮᠢᠬᠠᠨ  ᠤ ᠦᠭᠡᠷ 133.6 ᠳᠦᠮᠡ ᠶᠢ ᠳᠠᠪᠠᠭᠰᠠᠨ ᠠᠵᠢ᠃    ᠳᠠᠪᠠᠭᠤᠯᠢᠭᠳᠤ ᠠᠵᠤ ᠦᠢᠯᠡᠰ ᠢᠶᠠᠨ ᠪᠤᠵᠠᠭᠠᠢᠷᠠᠭᠤᠯᠬᠤ ᠶᠢᠨ ᠳᠦᠯᠦᠭᠡ᠂ ᠬᠢᠩᠭᠠᠨ ᠠᠶᠢᠮᠠᠭ  ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ ᠶᠢᠨ ᠪᠠᠶᠢᠭᠤᠯᠤᠯᠳᠠ ᠶᠢ ᠳᠠᠰᠤᠷᠠᠯᠳᠠ ᠦᠭᠡᠢ ᠴᠢᠩᠭᠠᠳᠬᠠᠵᠤ᠂ ᠲᠠᠭᠠᠭᠤᠯᠤᠭᠴᠢ ᠠᠵᠤ  ᠠᠬᠤᠶᠢᠯᠠᠯ᠂ ᠲᠤᠰᠬᠠᠢ ᠬᠤᠷᠰᠢᠶ᠎ᠠ᠂ ᠭᠡᠷ ᠪᠦᠯᠢ ᠶᠢᠨ ᠮᠠᠯᠵᠢᠯ ᠤᠨ ᠳᠠᠯᠠᠪᠠᠢ ᠶᠢᠨ ᠬᠦᠭᠵᠢᠯᠳᠡ ᠶᠢ ᠳᠠᠮᠵᠢᠬᠦ ᠠᠵᠢᠯ  ᠢ  ᠰᠠᠶᠢᠳᠤᠷ ᠬᠢᠪᠡ᠃    ᠬᠢᠩᠭᠠᠨ  ᠤ ᠢᠯᠢ ᠰᠦ ᠶᠢᠨ ᠦᠢᠯᠡᠰ ᠤᠨ ︽5G + ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ  ᠤ ᠳᠠᠪᠴᠠᠩ︾ ᠤᠨ ᠰᠢᠩᠭᠡᠨ ᠳᠦᠯᠦᠪᠳᠤ ᠰᠦ ᠶᠢᠨ ᠤᠶᠤᠨᠳᠤ ᠦᠢᠯᠡᠳᠪᠦᠷᠢ ᠳᠤ ᠰᠢᠨ᠎ᠠ ᠰᠤᠷᠭᠤᠭ ᠳᠦᠭᠦᠭᠡᠢ ᠰᠦ ᠨᠢ ᠪᠠᠺᠲ᠋ᠧᠷᠢ  ᠦᠭᠡᠶᠢᠳᠡᠭᠦᠯᠦᠨ ᠰᠢᠢᠳᠪᠦᠷᠢᠯᠡᠬᠦ᠂ ᠪᠠᠺᠲ᠋ᠧᠷᠢ ᠦᠭᠡᠶᠢᠳᠡᠭᠦᠯᠦᠨ ᠰᠠᠪᠠᠯᠠᠬᠤ ᠪᠠ ᠪᠤᠭᠤᠳᠠᠯᠯᠠᠬᠤ ᠵᠡᠷᠭᠡ ᠭᠤᠭᠴᠤᠭ᠎ᠠ ᠪᠠᠷ ᠲᠠᠮᠵᠢᠭᠠᠳ ᠨᠢᠭᠡ ᠨᠢᠭᠡ  ᠬᠠᠶᠢᠷᠴᠠᠭ ᠰᠢᠮ᠎ᠠ  ᠰᠠᠶᠢᠳᠠᠢ ᠦᠨᠢᠶᠡᠨ ᠰᠦ ᠶᠢᠨ ᠪᠦᠳᠦᠬᠡᠭᠳᠡᠬᠦᠨ ᠪᠤᠯᠵᠤ᠂ ᠪᠦᠬᠦ ᠤᠯᠤᠰ ᠤᠨ ᠡᠯ᠎ᠡ ᠭᠠᠵᠠᠷ ᠲᠤ᠋ ᠪᠤᠷᠤᠯᠠᠭᠤᠯᠤᠭᠳᠠᠵᠤ ᠪᠠᠶᠢᠨ᠎ᠠ᠃    ᠤᠢᠯᠠᠭᠠᠭᠰᠠᠨ ᠢᠶᠠᠷ᠂ ᠳᠤᠰ ᠤᠶᠤᠨᠳᠤ  ᠦᠢᠯᠡᠳᠪᠦᠷᠢ ᠶᠢᠨ ᠵᠢᠱᠢᠶ᠎ᠡ ᠦᠵᠡᠬᠦᠯᠬᠦ ᠲᠦᠷᠦᠯ ᠵᠦᠢᠯ ᠪᠤᠯ ᠬᠢᠩᠭᠠᠨ ᠠᠶᠢᠮᠠᠭ  ᠤᠨ ᠭᠤᠤᠯᠳᠠᠯᠭ᠎ᠠ ᠲᠠᠢ ᠲᠦᠷᠦᠯ ᠵᠦᠢᠯ ᠤᠨ ᠦᠷᠬᠦᠯᠵᠢᠯᠡᠨ ᠪᠠᠶᠢᠭᠤᠯᠬᠤ ᠲᠦᠷᠦᠯ ᠵᠦᠢᠯ ᠤᠨ ᠨᠢᠭᠡ ᠪᠤᠯᠤᠨ᠎ᠠ᠂ ᠪᠠᠰᠠ  ᠴᠤ ᠬᠢᠩᠭᠠᠨ ᠠᠶᠢᠮᠠᠭ  ᠤᠨ ᠬᠦᠴᠦ ᠤᠷᠤᠭᠤᠯᠤᠨ  ᠪᠠᠶᠢᠭᠤᠯᠵᠦ  ᠪᠠᠶᠢᠭ᠎ᠠ ᠰᠦ ᠶᠢᠨ ᠦᠢᠯᠡᠰ ᠪᠠ ᠰᠦ ᠶᠢᠨ ᠪᠦᠳᠦᠬᠡᠭᠳᠡᠬᠦᠨ  ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠦᠭᠵᠢᠯᠳᠡ ᠶᠢᠨ ᠵᠠᠭᠪᠤᠷ ᠪᠠᠶᠢᠵᠦ᠂ ᠠᠵᠤ ᠠᠬᠤᠢ  ᠨᠡᠶᠢᠭᠡᠮ ᠤᠨ ᠬᠦᠭᠵᠢᠯᠳᠡ ᠶᠢ ᠲᠦᠷᠭᠡᠳᠬᠡᠨ᠂ ᠲᠤᠬᠠᠢ ᠶᠢᠨ ᠭᠠᠵᠠᠷ ᠤᠨ ᠬᠦᠳᠡᠭᠡ ᠳᠤᠰᠬᠤᠨ  ᠢ ᠬᠥᠭᠵᠢᠬᠦᠯᠦᠨ ᠮᠠᠨᠳᠤᠭᠤᠯᠬᠤ ᠶᠢ ᠠᠬᠢᠭᠤᠯᠬᠤ ᠬᠦᠴᠦᠳᠤ ᠶᠡᠭᠡ ᠠᠵᠤ ᠦᠢᠯᠡᠰ  ᠢ ᠪᠤᠢ ᠪᠤᠯᠭᠠᠨ ᠠᠷᠠᠳ  ᠲᠤ ᠠᠰᠢᠭ ᠬᠦᠷᠳᠡᠭᠡᠬᠦ ᠢᠨᠵᠧᠨᠧᠷᠢᠩ ᠪᠤᠯᠤᠨ᠎ᠠ᠃ ᠲᠡᠬᠦᠨ  ᠤ ᠶᠡᠷᠦᠩᠬᠡᠢ ᠪᠡᠯᠡ ᠤᠷᠤᠭᠤᠯᠤᠯᠳᠠ ᠨᠢ 17 ᠳ᠋ᠦ᠋ᠩᠰᠢᠭᠤᠷ ᠳᠦᠭᠦᠷᠢᠭ ᠲᠤ ᠬᠦᠷᠴᠤ᠂ ᠬᠤᠶᠠᠷ ᠬᠤᠭᠤᠴᠠᠭ᠎ᠠ ᠬᠤᠪᠢᠶᠠᠨ ᠪᠦᠳᠦᠭᠡᠨ ᠪᠠᠶᠢᠭᠤᠯᠵᠦ᠂ ᠪᠦᠬᠦᠨ ᠢᠶᠠᠷ ᠢᠶᠠᠨ  ᠠᠰᠢᠭᠯᠠᠯᠳᠠ ᠳᠤ ᠤᠷᠤᠭᠰᠠᠨ  ᠤ ᠳᠠᠷᠠᠭ᠎ᠠ᠂ ᠡᠳᠦᠷ ᠪᠦᠷᠢ 1500 ᠲᠤᠨ ᠰᠢᠩᠭᠡᠨ ᠳᠦᠯᠦᠪᠳᠤ ᠰᠦ ᠦᠢᠯᠡᠳᠪᠦᠷᠢᠯᠡᠵᠤ᠂ ᠵᠢᠯ ᠤᠨ ᠦᠢᠯᠡᠳᠬᠦᠨ  ᠤ ᠥᠷᠳᠡᠭ ᠨᠢ 15  ᠳ᠋ᠦᠩᠰᠢᠭᠤᠷ ᠳᠦᠭᠦᠷᠢᠭ᠂ ᠵᠢᠯ ᠤᠨ ᠭᠠᠢᠯᠢ ᠶᠢᠨ ᠤᠷᠤᠯᠭ᠎ᠠ ᠨᠢ 2000 ᠳᠦᠮᠡᠨ ᠳᠦᠭᠦᠷᠢᠭ ᠲᠤ ᠬᠦᠷᠴᠦ᠂ ᠪᠠᠰᠠ 500 ᠭᠠᠷᠤᠢ ᠠᠵᠢᠯ ᠤᠨ  ᠪᠠᠶᠢᠷᠢ ᠬᠠᠩᠭᠠᠬᠤ ᠪᠤᠯᠤᠨ᠎ᠠ᠃    2022 ᠤᠨ ᠳᠤ ᠬᠢᠩᠭᠠᠨ ᠠᠶᠢᠮᠠᠭ  ᠳᠤᠮᠳᠠ ᠪᠠᠭ᠎ᠠ ᠴᠠᠭᠠᠨ ᠢᠳᠡᠭᠡᠨ  ᠤ ᠠᠵᠤ ᠠᠬᠤᠢᠯᠠᠯ  ᠢ ᠳᠠᠮᠵᠢᠬᠦ ᠨᠠᠢᠮᠠᠨ ᠵᠤᠷᠪᠤᠰ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ  ᠨᠡᠶᠢᠳᠡᠯᠡᠨ ᠬᠡᠷᠡᠭᠵᠢᠬᠦᠯᠵᠤ᠂ ᠰᠠᠭᠠᠯᠢ ᠶᠢᠨ ᠦᠨᠢᠶ᠎ᠠ ᠲᠠᠵᠢᠬᠡᠬᠦ 5 ᠬᠡᠪᠴᠢᠶᠡᠵᠢᠭᠰᠡᠨ ᠮᠠᠯᠵᠢᠯ ᠤᠨ ᠳᠠᠯᠠᠪᠠᠢ ᠶᠢ ᠰᠢᠨ᠎ᠡ ᠪᠠᠷ ᠪᠠᠷᠢᠯᠭ᠎ᠠ ᠡᠬᠢᠯᠡᠬᠦᠯᠦᠨ ᠪᠦᠳᠦᠬᠡᠨ ᠪᠠᠢᠭᠤᠯᠵᠤ᠂ ᠰᠠᠭᠠᠯᠢ ᠶᠢᠨ ᠮᠠᠯ ᠳᠡᠵᠢᠭᠡᠨ ᠦᠷᠡᠵᠢᠬᠦᠯᠬᠦ 57 ᠳᠤᠮᠳᠠ ᠪᠠᠭ᠎ᠠ ᠲᠠᠵᠢᠬᠡᠪᠤᠷᠢ ᠶᠢᠨ ᠳᠠᠯᠠᠪᠠᠢ ᠶᠢ ᠳᠡᠰ ᠳᠡᠪᠰᠢᠬᠦᠯᠦᠨ ᠦᠭᠡᠷᠡᠴᠢᠯᠡᠨ ᠪᠠᠢᠭᠤᠯᠵᠤ᠂ ᠪᠦᠬᠦ ᠠᠶᠢᠮᠠᠭ  ᠤᠨ ᠰᠠᠭᠠᠯᠢ ᠶᠢᠨ ᠦᠨᠢᠶ᠎ᠡ 20.07 ᠳᠦᠮᠡ ᠳᠤ ᠬᠦᠷᠴᠦ᠂ ᠤᠷᠵᠢᠨᠤᠨ  ᠤ ᠬᠢ ᠠᠴᠠ 103.83% ᠪᠠᠷ ᠨᠡᠮᠡᠭᠳᠡᠨ᠂ ᠦᠨᠢᠶᠡᠨ ᠰᠦ ᠶᠢᠨ ᠭᠠᠷᠤᠯᠳᠠ ᠨᠢ 60.67 ᠳᠦᠮᠡᠨ ᠳᠤᠨ ᠳᠤ ᠬᠦᠷᠴᠦ᠂ ᠤᠷᠵᠢᠨᠤᠨ  ᠤ ᠬᠢ ᠠᠴᠠ 130.69% ᠪᠠᠷ ᠨᠡᠮᠡᠭᠳᠡᠭᠰᠡᠨ ᠪᠠᠶᠢᠨ᠎ᠠ᠃    ᠲᠠᠪᠤᠨ ᠬᠤᠰᠢᠭᠤ ᠮᠠᠯ ᠦᠨᠢᠷ ᠦᠰᠴᠦ᠂ ᠲᠠᠩᠰᠤᠭ ᠠᠮᠢᠳᠤᠷᠠᠯ ᠤᠨ ᠳᠠᠭᠤᠤ ᠬᠠᠩᠭᠢᠨᠠᠨ᠎ᠠ᠃ 2023  ᠤᠨ ᠳᠤ ᠬᠢᠩᠭᠠᠨ ᠠᠶᠢᠮᠠᠭ  ᠮᠢᠬᠠᠨ  ᠤ ᠦᠭᠡᠷ᠂ ᠰᠠᠭᠠᠯᠢ ᠶᠢᠨ ᠦᠨᠢᠶ᠎ᠡ᠂ ᠮᠢᠬᠠᠨ  ᠤ ᠬᠤᠨᠢ ᠵᠡᠷᠭᠡ ᠭᠤᠤᠯᠯᠠᠬᠤ ᠠᠵᠤ ᠦᠢᠯᠡᠰ ᠤᠨ ᠳᠤᠭᠤᠷᠢᠨ ᠳᠤ ᠨᠢᠳᠤᠯᠵᠤ ᠪᠤᠯᠪᠠᠰᠤᠷᠠᠭᠤᠯᠬᠤ ᠭᠤᠭᠴᠤᠭ᠎ᠠ ᠶᠢ ᠳᠠᠰᠤᠷᠠᠯᠳᠠ ᠦᠭᠡᠢ ᠨᠦᠬᠦᠪᠦᠷᠢᠯᠡᠨ ᠴᠢᠩᠭᠠᠳᠬᠠᠵᠤ᠂ ︽ᠠᠵᠤ ᠦᠢᠯᠡᠰ ᠤᠨ ᠬᠡᠯᠬᠢᠶ᠎ᠡ ᠶᠢᠨ ᠭᠤᠤᠯ ᠠᠵᠤ  ᠠᠬᠤᠶᠢᠯᠠᠯ︾  ᠢ ᠤᠷᠤᠭᠤᠯᠤᠨ ᠪᠤᠶᠢᠵᠢᠭᠤᠯᠵᠦ᠂ ᠬᠦᠢᠳᠡᠨ ᠢᠶᠠᠷ ᠬᠠᠳᠠᠭᠠᠯᠠᠵᠤ ᠬᠦᠷᠭᠡᠬᠦ ᠭᠦᠢᠯᠭᠡᠭᠡ ᠶᠢᠨ ᠰᠢᠰᠲ᠋ᠧᠮ  ᠢ  ᠪᠠᠶᠢᠭᠤᠯᠤᠨ᠂ ᠲᠠᠭᠠᠭᠤᠯᠤᠭᠴᠢ ᠠᠵᠤ ᠠᠬᠤᠢᠯᠠᠯ ᠬᠢᠬᠡᠳ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ ᠴᠤᠭᠴᠠ᠂ ᠲᠠᠷᠢᠵᠤ ᠳᠡᠵᠢᠬᠡᠬᠦ ᠡᠷᠦᠭᠡ ᠯᠦᠭᠡ ᠶᠢᠨ ᠡᠷᠡᠬᠦᠯ ᠲᠤᠭᠳᠠᠭᠤᠨ ᠠᠰᠢᠭ ᠲᠤᠰᠠ ᠶᠢᠨ ᠬᠤᠯᠪᠤᠭᠠᠨ  ᠤ ᠳᠤᠭᠳᠠᠴᠠ ᠶᠢ ᠪᠠᠢᠭᠤᠯᠬᠤ ᠶᠢ ᠠᠬᠢᠭᠤᠯᠵᠤ᠂ ᠲᠦᠷᠦᠯ ᠳᠡᠮᠳᠡᠭᠳᠤ ᠵᠠᠬ᠎ᠠ ᠳᠡᠯᠭᠡᠭᠦᠷ ᠯᠦᠭᠡ ᠡᠷᠡᠬᠦᠯ ᠳᠤᠭᠳᠠᠭᠤᠨ ᠬᠠᠩᠭᠠᠯᠭ᠎ᠠ ᠬᠡᠷᠡᠭᠴᠡᠭᠡᠨ  ᠤ ᠬᠠᠷᠢᠴᠠᠭ᠎ᠠ ᠶᠢ ᠪᠠᠢᠭᠤᠯᠵᠤ᠂ ᠨᠢᠭᠡ ᠳᠠᠯ᠎ᠠ ᠪᠠᠷ ᠦᠢᠯᠡᠳᠪᠦᠷᠢᠯᠡᠯ ᠤᠨ ᠰᠠᠭᠤᠷᠢᠨ  ᠢ ᠳᠠᠭᠠᠭᠤᠯᠬᠤ᠂ ᠨᠦᠬᠦᠬᠡ ᠳᠠᠯ᠎ᠠ ᠪᠠᠷ ᠲᠦᠷᠦᠯ ᠳᠡᠮᠳᠡᠭᠳᠤ ᠵᠠᠬ᠎ᠠ ᠳᠡᠯᠭᠡᠭᠦᠷ ᠤᠨ ᠪᠦᠬᠦ ᠠᠵᠤ ᠦᠢᠯᠡᠰ ᠤᠨ ᠭᠡᠯᠬᠢᠶ᠎ᠡ ᠶᠢ ᠳᠠᠭᠠᠭᠤᠯᠬᠤ ᠶᠢ ᠪᠦᠷᠢᠯᠳᠦᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ  ᠢ ᠳᠠᠰᠤᠷᠠᠯᠳᠠ ᠦᠭᠡᠢ ᠬᠦᠭᠵᠢᠭᠡᠬᠦ ᠪᠤᠯᠤᠨ᠎ᠠ᠃  
 
ᠢᠷᠡᠯᠲᠡ᠄ ᠲᠤᠮᠳᠠᠳᠤ ᠤᠯᠤᠰ  ᠤᠨ ᠮᠤᠩᠭᠤᠯ ᠬᠡᠯᠡᠨ ᠤ᠊ ᠰᠤᠨᠢᠠ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号