ᠬᠢᠩᠭᠠᠨ ᠠᠶᠢᠮᠠᠭ 43 ᠠᠵᠤ ᠠᠬᠤᠶᠢᠯᠠᠯ ᠳᠤ 488 ᠳ᠋ᠦᠩᠰᠢᠭᠤᠷ ᠲᠥᠭᠦᠷᠢᠭ ᠤᠨ ᠪᠡᠯᠡ ᠲᠣᠬᠢᠷᠠᠭᠤᠯᠭ᠎ᠠ ᠵᠣᠯᠭᠠᠭᠤᠯᠪᠠ
ᠨᠡᠶᠢᠲᠡᠯᠡᠭᠰᠡᠨ ᠴᠠᠭ᠄
2023/4/23
    ᠣᠶᠢᠷ᠎ᠠ ᠳᠤ᠂ ᠬᠢᠩᠭᠠᠨ ᠠᠶᠢᠮᠠᠭ ᠪᠣᠯᠣᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ︽ᠲᠠᠪᠤᠨ ᠶᠡᠭᠡ ᠡᠭᠦᠷᠭᠡ︾ ᠪᠠᠷ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠵᠠᠰᠠᠭ ᠵᠠᠬᠢᠷᠭ᠎ᠠ᠂ ᠮᠥᠩᠭᠦᠨ ᠭᠦᠢᠯᠭᠡᠭᠡ ᠪᠠ ᠠᠵᠤ ᠠᠬᠤᠶᠢᠯᠠᠯ ᠢ ᠵᠣᠯᠭᠠᠭᠤᠯᠬᠤ ᠬᠤᠷᠠᠯ ᠵᠢᠴᠢ ᠲᠥᠪᠯᠡᠷᠡᠭᠦᠯᠦᠨ ᠭᠡᠷ᠎ᠡ ᠲᠣᠭᠲᠠᠬᠤ ᠠᠵᠢᠯᠯᠠᠭ᠎ᠠ ᠳᠡᠭᠡᠷ᠎ᠡ᠂ ᠨᠡᠶᠢᠲᠡ 488 ᠳ᠋ᠦᠩᠰᠢᠭᠤᠷ ᠲᠥᠭᠦᠷᠢᠭ ᠤᠨ ᠪᠡᠯᠡ ᠲᠣᠬᠢᠷᠠᠭᠤᠯᠭ᠎ᠠ ᠶᠢᠨ ᠭᠡᠷ᠎ᠡ ᠲᠣᠭᠲᠠᠵᠤ᠂ ᠲᠠᠷᠢᠶᠠᠯᠠᠩ ᠮᠠᠯ ᠠᠵᠤ ᠠᠬᠤᠢ᠂ ᠰᠣᠶᠣᠯ ᠵᠢᠭᠤᠯᠴᠢᠯᠠᠯ᠂ ᠡᠨᠧᠷᠭᠢ ᠶᠢᠨ ᠡᠬᠢ ᠰᠤᠷᠪᠤᠯᠵᠢ ᠵᠡᠷᠭᠡ ᠨᠠᠢᠮᠠᠨ ᠠᠵᠢᠯ ᠲᠥᠷᠥᠯ ᠤᠨ 43 ᠠᠵᠤ ᠠᠬᠤᠶᠢᠯᠠᠯ ᠳᠤ ᠠᠰᠢᠭ ᠬᠦᠷᠲᠡᠭᠡᠪᠡ᠃     ᠵᠥᠪᠯᠡᠯᠴᠡᠭᠡᠷ ᠤᠨ ᠠᠭᠤᠯᠭ᠎ᠠ ᠶᠣᠰᠣᠭᠠᠷ᠂ ᠬᠤᠶᠢᠰᠢᠳᠠ ᠶᠢᠨ 3 ᠠᠴᠠ 5 ᠵᠢᠯ ᠳᠤ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠬᠢᠩᠭᠠᠨ ᠠᠶᠢᠮᠠᠭ ᠲᠤ ᠮᠢᠩᠭᠠᠨ ᠳ᠋ᠦᠩᠰᠢᠭᠤᠷ ᠲᠥᠭᠦᠷᠢᠭ ᠤᠨ ᠢᠲᠡᠭᠡᠮᠵᠢ ᠣᠯᠭᠤᠨ᠎ᠠ᠃ ᠬᠠᠮᠢᠶ᠎ᠠ ᠪᠦᠬᠦᠢ ᠬᠦᠷᠢᠶᠡᠨ ᠤ ᠭᠤᠣᠯᠳᠠᠯᠭ᠎ᠠ ᠲᠠᠢ ᠢᠨᠵᠧᠨᠧᠷᠢᠩ᠂ ᠴᠢᠬᠤᠯᠠ ᠶᠡᠭᠡ ᠲᠥᠷᠥᠯ ᠵᠦᠢᠯ ᠤᠨ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠡᠷᠴᠢᠮ ᠢ ᠴᠢᠩᠭᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠣᠭᠤᠳᠤᠯᠭ᠎ᠠ ᠳᠣᠣᠷ᠎ᠠ᠂ ᠬᠢᠩᠭᠠᠨ ᠠᠶᠢᠮᠠᠭ ᠠᠴᠠ 2022 ᠣᠨ ᠤ 11 ᠳ᠋ᠦ᠋ᠭᠡᠷ ᠰᠠᠷ᠎ᠠ ᠳᠤ ︽ᠬᠢᠩᠭᠠᠨ ᠠᠶᠢᠮᠠᠭ ᠤᠨ ᠮᠥᠩᠭᠦᠨ ᠭᠦᠢᠯᠭᠡᠭᠡᠨ ᠢᠶᠠᠷ ︿ᠲᠠᠪᠤᠨ ᠶᠡᠭᠡ ᠡᠭᠦᠷᠭᠡ﹀ ᠶᠢᠨ ᠨᠠᠶᠢᠳᠠᠪᠤᠷᠢᠵᠢᠭᠤᠯᠤᠯᠲᠠ ᠶᠢ ᠳᠡᠮᠵᠢᠬᠦ ᠲᠥᠰᠥᠯ︾ ᠢ ᠨᠡᠶᠢᠲᠡᠯᠡᠵᠦ᠂ 2025 ᠣᠨ ᠬᠦᠷᠲᠡᠯ᠎ᠡ᠂ ᠪᠥᠬᠦ ᠠᠶᠢᠮᠠᠭ ᠤᠨ ᠪᠠᠩᠬᠢ ᠶᠢᠨ ᠦᠢᠯᠡᠰ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠰᠠᠨᠠᠮᠵᠢ ᠶᠢᠨ ᠴᠢᠨᠠᠷᠲᠠᠢ ᠢᠲᠡᠭᠡᠮᠵᠢ ᠣᠯᠭᠤᠬᠤ ᠪᠠ ᠪᠡᠯᠡ ᠣᠷᠣᠭᠤᠯᠤᠯᠲᠠ ᠶᠢᠨ ᠶᠡᠷᠦᠩᠬᠡᠢ ᠲᠤᠭ᠎ᠠ ᠶᠢ 600 ᠳ᠋ᠦᠩᠰᠢᠭᠤᠷ ᠲᠥᠭᠦᠷᠢᠭ ᠠᠴᠠ ᠳᠡᠭᠡᠭᠰᠢ ᠬᠦᠷᠭᠡᠬᠦ ᠪᠠᠷ ᠳᠤᠷᠠᠳᠤᠨ ᠭᠠᠷᠭᠠᠪᠠ᠃ ᠲᠣᠰ ᠤᠳᠠᠭ᠎ᠠ ᠶᠢᠨ ᠵᠣᠯᠭᠠᠭᠤᠯᠬᠤ ᠬᠤᠷᠠᠯ ᠨᠢ ︽ᠲᠠᠪᠤᠨ ᠶᠡᠭᠡ ᠡᠭᠦᠷᠭᠡ︾ ᠶᠢ ᠬᠡᠷᠡᠭᠵᠢᠭᠦᠯᠦᠨ ᠦᠷ᠎ᠡ ᠪᠦᠲᠦᠮᠵᠢ ᠣᠯᠬᠤ ᠶᠢ ᠠᠬᠢᠭᠤᠯᠵᠦ᠂ ᠬᠢᠩᠭᠠᠨ ᠠᠶᠢᠮᠠᠭ ᠤᠨ ᠠᠵᠤ ᠠᠬᠤᠶᠢᠯᠠᠯ ᠤᠨ ᠬᠥᠭᠵᠢᠯᠲᠡ ᠶᠢᠨ ᠵᠡᠷᠭᠡ ᠲᠠᠰ ᠳᠡᠪᠰᠢᠭᠦᠯᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠢᠯᠡᠷᠬᠡᠶᠢᠯᠡᠬᠦ ᠳᠤ ᠪᠠᠨ᠂ ᠬᠢᠩᠭᠠᠨ ᠠᠶᠢᠮᠠᠭ ᠤᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ ᠳᠡᠮᠵᠢᠨ᠎ᠡ᠃ ᠬᠢᠩᠭᠠᠨ ᠠᠶᠢᠮᠠᠭ ᠤᠨ ᠬᠢᠨ ᠲᠣᠰ ᠤᠳᠠᠭᠠᠨ ᠤ ᠵᠣᠯᠭᠠᠭᠤᠯᠵᠦ ᠭᠡᠷ᠎ᠡ ᠲᠣᠭᠲᠠᠬᠤ ᠠᠵᠢᠯᠯᠠᠭ᠎ᠠ ᠪᠠᠷ ᠰᠢᠨ᠎ᠡ ᠭᠠᠷᠤᠭ᠎ᠠ ᠪᠣᠯᠭᠠᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭ᠎ᠠ᠂ ᠮᠥᠩᠭᠦᠨ ᠭᠦᠢᠯᠭᠡᠭᠡ ᠪᠠ ᠠᠵᠤ ᠠᠬᠤᠶᠢᠯᠠᠯ ᠢ ᠵᠣᠯᠭᠠᠭᠤᠯᠤᠭᠰᠠᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠵᠤ᠂ ᠬᠢᠩᠭᠠᠨ ᠠᠶᠢᠮᠠᠭ ᠤᠨ ᠮᠥᠩᠭᠦᠨ ᠭᠦᠢᠯᠭᠡᠭᠡᠨ ᠤ ︽ᠰᠢᠨ᠎ᠡ ᠥᠯᠢᠭᠡᠷ ᠳᠠᠭᠤᠷᠢᠶᠠᠯ︾ ᠢ ᠪᠣᠶ ᠪᠣᠯᠭᠠᠵᠤ᠂ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠᠲᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠬᠠᠪᠰᠤᠷᠤᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃      
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号