ᠬᠢᠩᠭᠠᠨ ᠠᠶᠢᠮᠠᠭ ᠤᠨ 2023 ᠣᠨ ᠤ ︽ᠬᠤᠶᠠᠷ ᠶᠡᠭᠡ ᠶᠠᠪᠤᠳᠠᠯ︾ ︽ᠭᠤᠷᠪᠠᠨ ᠨᠠᠷᠢᠨ ᠲᠠᠩᠰᠠ︾ ᠶᠢ ᠨᠠᠶᠢᠳᠠᠪᠤᠷᠢᠵᠢᠭᠤᠯᠬᠤ ᠨᠢᠭᠡᠳᠦᠭᠡᠷ ᠤᠯᠠᠷᠢᠯ ᠤᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/27
     4 ᠰᠠᠷ᠎ᠠ ᠶᠢᠨ 23 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ 2023 ᠣᠨ ᠤ ᠪᠥᠬᠦ ᠠᠶᠢᠮᠠᠭ ᠤᠨ ︽ᠬᠤᠶᠠᠷ ᠶᠡᠭᠡ ᠶᠠᠪᠤᠳᠠᠯ︾ ︽ᠭᠤᠷᠪᠠᠨ ᠨᠠᠷᠢᠨ ᠲᠠᠩᠰᠠ︾ ᠶᠢ ᠨᠠᠶᠢᠳᠠᠪᠤᠷᠢᠵᠢᠭᠤᠯᠬᠤ ᠨᠢᠭᠡᠳᠦᠭᠡᠷ ᠤᠯᠠᠷᠢᠯ ᠤᠨ ᠲᠤᠰᠢᠶᠠᠯ ᠤᠨ ᠮᠡᠳᠡᠭᠦᠯᠦᠯᠲᠡ ᠶᠢᠨ ᠦᠨᠡᠯᠡᠯᠲᠡ ᠶᠢᠨ ᠬᠤᠷᠠᠯ ᠢ ᠬᠤᠷᠠᠯᠳᠤᠭᠤᠯᠵᠤ᠂ ᠪᠥᠬᠦ ᠠᠶᠢᠮᠠᠭ ᠤᠨ 2022 ᠣᠨ ᠤ ᠳᠥᠷᠪᠡᠳᠦᠭᠡᠷ ᠤᠯᠠᠷᠢᠯ ᠤᠨ ︽ᠭᠤᠷᠪᠠᠨ ᠨᠠᠷᠢᠨ ᠲᠠᠩᠰᠠ︾ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠭᠰᠡᠨ ᠦᠷ᠎ᠡ ᠳ᠋ᠦᠩ ᠵᠢᠴᠢ 2023 ᠣᠨ ᠤ ︽ᠬᠤᠶᠠᠷ ᠶᠡᠭᠡ ᠶᠠᠪᠤᠳᠠᠯ︾ ︽ᠭᠤᠷᠪᠠᠨ ᠨᠠᠷᠢᠨ ᠲᠠᠩᠰᠠ︾ ᠶᠢ ᠨᠠᠶᠢᠳᠠᠪᠤᠷᠢᠵᠢᠭᠤᠯᠤᠭᠰᠠᠨ ᠨᠢᠭᠡᠳᠦᠭᠡᠷ ᠤᠯᠠᠷᠢᠯ ᠤᠨ ᠭᠤᠤᠯᠳᠠᠯᠭ᠎ᠠ ᠲᠠᠢ ᠡᠭᠦᠷᠭᠡ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠡᠯ᠎ᠡ ᠬᠤᠰᠢᠭᠤ ᠰᠢᠶᠠᠨ ᠬᠤᠲᠠ᠂ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠠᠶᠢᠮᠠᠭ ᠤᠨ ᠠᠲᠠᠷ ᠬᠠᠭᠠᠯᠪᠤᠷᠢᠯᠠᠯᠲᠠ ᠶᠢᠨ  ᠦᠢᠯᠡᠰ ᠤᠨ ᠬᠥᠭᠵᠢᠯᠲᠡ ᠶᠢᠨ ᠲᠥᠪ ᠪᠠ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠴᠤ᠂ ᠬᠤᠷᠠᠯ ᠳᠤ ᠣᠷᠣᠯᠴᠠᠭᠰᠠᠳ ᠲᠤᠬᠠᠶ ᠶᠢᠨ ᠲᠠᠯᠠᠪᠤᠷ ᠲᠤ ᠦᠨᠡᠯᠡᠯᠲᠡ ᠬᠢᠵᠦ ᠬᠤᠪᠢ ᠥᠭᠭᠦᠨ᠎ᠡ᠃    ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠲᠤᠰᠬᠠᠢ ᠲᠤᠰᠢᠶᠠᠯᠲᠠᠨ  ᠪᠦᠷᠢᠨᠳᠡᠯᠭᠡᠷ᠂ ᠰᠦᠨ ᠶᠧ ᠬᠤᠷᠠᠯ ᠳᠤ ᠰᠤᠯᠠ ᠣᠷᠣᠯᠴᠠᠪᠠ᠃ ᠠᠶᠢᠮᠠᠭ ᠤᠨ ᠤᠳᠤᠷᠢᠳᠤᠯᠭ᠎ᠠ ᠯᠢᠦ  ᠱᠦ ᠴᠧᠩ᠂ ᠯᠢ ᠬᠤᠩ ᠼᠠᠢ ᠨᠠᠷ ᠬᠤᠷᠠᠯ ᠳᠤ ᠣᠷᠣᠯᠴᠠᠪᠠ᠃    ᠬᠤᠷᠠᠯ ᠠᠴᠠ᠂ ᠵᠢᠯ ᠤᠨ ᠡᠬᠢᠨ ᠠᠴᠠ ᠨᠠᠰᠢ᠂ ᠪᠦᠬᠦ ᠠᠶᠢᠮᠠᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ  ‍ᠤᠨ‌ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠪᠠᠷ ᠭᠤᠣᠯᠳᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠰᠠᠨ ᠰᠠᠭᠤᠷᠢᠨ ᠳᠡᠭᠡᠷ᠎ᠡ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠵᠤ᠂ ᠲᠣᠭᠲᠠᠭᠤᠨ ᠤ ᠳᠤᠮᠳᠠ ᠰᠢᠯᠢᠳᠡᠭ ᠢᠶᠠᠷ ᠲᠠᠪᠰᠢᠵᠤ᠂ ︽ᠲᠣᠭᠲᠠᠭᠤᠨ ᠡᠬᠢᠯᠡᠯᠳᠡ ᠲᠠᠢ ᠪᠣᠯᠬᠤ︾ ᠵᠢᠱᠢᠭᠰᠡᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠬᠥᠭᠵᠢᠯᠲᠡ ᠶᠢ ᠠᠳᠬᠤᠬᠤ᠂ ᠲᠥᠷᠥᠯ ᠵᠦᠢᠯ ᠢ ᠠᠳᠬᠤᠬᠤ᠂ ᠪᠡᠯᠡ ᠣᠷᠣᠭᠤᠯᠤᠯᠲᠠ ᠶᠢ ᠠᠳᠬᠤᠬᠤ ᠵᠠᠩᠭᠢᠯᠠᠭ᠎ᠠ ᠶᠢᠨ ᠴᠠᠭ ᠦᠶ᠎ᠡ ᠪᠣᠯᠵᠤ ᠪᠠᠶᠢᠨ᠎ᠠ᠂ ᠪᠦᠬᠦ ᠠᠶᠢᠮᠠᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠵᠢᠯ ᠤᠨ ᠡᠬᠢᠨ ᠳᠤ ᠲᠣᠭᠲᠠᠭᠰᠠᠨ ᠠᠵᠢᠯ ᠤᠨ ᠰᠡᠳᠬᠢᠴᠡ ᠲᠠᠢ ᠨᠢᠭᠲᠠ ᠤᠶᠠᠯᠳᠤᠭᠤᠯᠤᠨ᠂ ᠶᠡᠬᠡᠪᠡᠷ ᠠᠵᠢᠯᠯᠠᠵᠤ ᠲᠦᠷᠭᠡᠨ ᠤᠷᠤᠭᠰᠢᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ︽ᠬᠤᠶᠠᠷ ᠶᠡᠭᠡ ᠶᠠᠪᠤᠳᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ᠲᠠᠷᠢᠶᠠᠯᠠᠬᠤ ᠴᠠᠭ ᠢ ᠰᠠᠭᠠᠲᠠᠭᠠᠬᠤ ᠦᠭᠡᠢ ᠪᠠᠷ ᠬᠠᠪᠤᠷ ᠤᠨ ᠤᠯᠠᠷᠢᠯ ᠤᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠢ ᠰᠠᠶᠢᠲᠤᠷ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠬᠦᠴᠦᠯᠡᠨ ᠰᠠᠶᠢᠲᠤᠷ ᠠᠳᠬᠤᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠵᠤ᠂ ᠪᠠᠶᠢᠳᠠᠯ ᠢ ᠠᠰᠢᠭᠯᠠᠨ ᠵᠤᠭᠠᠴᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠪᠠ᠃    
 
ᠢᠷᠡᠯᠲᠡ᠄ ᠬᠢᠩᠭᠠᠨ  ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号