ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠢᠳᠡ ᠬᠥᠭ ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2023/4/3
   
   ᠬᠢᠩᠭᠠᠨ ᠠᠶᠢᠮᠠᠭ ᠤᠨ 2023 ᠣᠨ ᠤ ᠬᠠᠪᠤᠷ ᠤᠨ ᠡᠬᠢ ᠪᠠᠷ ᠠᠵᠢᠯ ᠢᠶᠠᠨ ᠡᠬᠢᠯᠡᠭᠦᠯᠦᠨ᠎ᠡ — ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠲᠤᠬᠠᠶ ᠶᠢᠨ ᠲᠠᠯᠠᠪᠤᠷ ᠤᠨ ᠬᠤᠷᠠᠯ ᠬᠤᠷᠠᠯᠳᠤᠬᠤ ᠶᠢ ᠳᠠᠭᠠᠯᠳᠤᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠢᠵᠢᠭᠢᠨᠡᠭᠰᠡᠨ ᠮᠠᠰᠢᠨ ᠤ ᠲᠠᠭᠤᠨ ᠤ ᠳᠤᠮᠳᠠ ᠠᠩᠬᠠᠨ ᠤ ᠰᠢᠷᠣᠶ ᠪᠠᠨ ᠬᠤᠰᠤᠵᠤ᠂ 2023 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠴᠤᠭᠯᠠᠷᠠᠯ ᠤᠨ ᠪᠦᠷᠢᠶ᠎ᠡ ᠶᠢ ᠬᠠᠩᠭᠢᠨᠠᠭᠤᠯᠪᠠ᠃    ᠣᠶᠢᠯᠠᠭᠠᠭᠰᠠᠨ ᠢᠶᠠᠷ᠂ 2022 ᠣᠨ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ 21.5 ᠲᠦᠮᠡᠨ ᠮᠥ ᠳᠤ ᠬᠦᠷᠴᠦ᠂ ᠭᠤᠤᠯ ᠴᠣᠭᠴᠠᠲᠤ ᠪᠠᠷᠢᠯᠭ᠎ᠠ ᠶᠢ ᠨᠢᠭᠡᠨᠲᠡ ᠪᠦᠬᠦᠨ ᠢ ᠳᠠᠭᠤᠰᠬᠠᠵᠤ᠂ ᠨᠢᠭᠡᠨᠲᠡ 2.18 ᠳ᠋ᠦᠩᠰᠢᠭᠤᠷ ᠲᠥᠭᠦᠷᠢᠭ ᠤᠨ ᠢᠨᠵᠧᠨᠧᠷᠢᠩ ᠤᠨ ᠪᠠᠯᠠ ᠮᠥᠩᠭᠦ ᠶᠢ ᠰᠢᠯᠵᠢᠭᠦᠯᠦᠨ ᠥᠭᠪᠡ︔ 2023 ᠣᠨ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ 24 ᠲᠦᠮᠡᠨ ᠮᠥ ᠳᠤ ᠬᠦᠷᠴᠦ᠂ ᠣᠳᠣᠬᠠᠨ ᠳᠤ ᠨᠢᠭᠡᠨᠲᠡ ᠲᠥᠷᠥᠯ  ᠵᠦᠢᠯ ᠤᠨ ᠭᠠᠵᠠᠷ ᠰᠣᠩᠭᠤᠬᠤ ᠪᠠ ᠬᠠᠶᠢᠨ ᠰᠢᠨᠵᠢᠯᠡᠵᠦ ᠵᠢᠷᠤᠵᠤ ᠲᠥᠯᠥᠪᠯᠡᠬᠦ ᠶᠢ ᠪᠡᠶᠡᠯᠡᠭᠦᠯᠵᠦ᠂ ᠤᠰᠤᠨ ᠤ ᠡᠬᠢ ᠪᠠᠶᠠᠯᠢᠭ ᠢ ᠨᠤᠲᠠᠯᠠᠬᠤ ᠠᠵᠢᠯ ᠢ ᠥᠷᠨᠢᠭᠦᠯᠵᠦ ᠪᠣᠶ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号