ᠣᠶᠢᠷ᠎ᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠬᠥᠬᠡᠬᠤᠲᠠ ᠳᠤ ᠤᠯᠤᠰ ᠤᠨ ᠭᠤᠤᠯᠳᠠᠯᠭ᠎ᠠ ᠲᠠᠢ | ᠰᠤᠳᠤᠯᠤᠨ ᠨᠡᠭᠡᠭᠡᠬᠦ ᠲᠥᠯᠥᠪᠯᠡᠭᠡ ᠶᠢᠨ ︽ᠬᠥᠳᠡᠭᠡ ᠲᠣᠰᠬᠤᠨ ᠤ ᠠᠵᠤ ᠦᠢᠯᠡᠰ ᠤᠨ ᠨᠡᠶᠢᠲᠡᠴᠢ ᠴᠢᠨᠠᠷᠲᠠᠶ | ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠲᠥᠪᠯᠡᠷᠡᠭᠦᠯᠦᠨ ᠬᠡᠷᠡᠭᠯᠡᠬᠦ︾ ᠭᠤᠤᠯᠳᠠᠯᠭ᠎ᠠ ᠲᠠᠢ ᠲᠤᠰᠬᠠᠶ | ᠵᠦᠢᠯ ᠤᠨ ︽ᠥᠪᠥᠷ ᠮᠣᠩᠭᠤᠯ ᠤᠨ ᠨᠡᠶᠢᠲᠡᠯᠢᠭ ᠲᠠᠷᠢᠶᠠᠯᠠᠩ ᠮᠠᠯ ᠠᠵᠤ ᠠᠬᠤᠶ ᠰᠣᠯᠪᠢᠴᠠᠭᠰᠠᠨ ᠣᠷᠣᠨ ᠤ | ᠳᠠᠪᠠᠭᠤᠯᠢᠭ ᠤᠨᠴᠠᠯᠢᠭᠳᠤ ᠠᠵᠤ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠢ ᠲᠥᠪᠯᠡᠷᠡᠭᠦᠯᠦᠨ ᠬᠥᠭᠵᠢᠭᠦᠯᠬᠦ ᠪᠠ | ᠵᠢᠱᠢᠶ᠎ᠡ ᠦᠵᠡᠭᠦᠯᠬᠦ︾ ᠲᠥᠷᠥᠯ ᠵᠦᠢᠯ ᠤᠨ ᠡᠬᠢᠯᠡᠯᠲᠡ ᠶᠢᠨ ᠬᠤᠷᠠᠯ ᠬᠢᠪᠠ᠃ | ᠬᠤᠷᠠᠯ ᠳᠡᠭᠡᠷ᠎ᠡ᠂ ᠬᠢᠩᠭᠠᠨ ᠠᠶᠢᠮᠠᠭ ᠤᠨ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠢᠨᠠᠷ | ᠰᠠᠶᠢᠲᠠᠶ ᠠᠯᠠᠰᠢᠨ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠪᠠ ᠥᠨᠳᠥᠷ ᠦᠷ᠎ᠡ ᠠᠰᠢᠭᠲᠤ | ᠲᠡᠵᠢᠭᠡᠨ ᠦᠷᠡᠵᠢᠭᠦᠯᠬᠦ ᠮᠡᠷᠭᠡᠵᠢᠯ ᠢ ᠬᠤᠷᠠᠮᠳᠤᠭᠤᠯᠬᠤ ᠪᠠ ᠵᠢᠱᠢᠶ᠎ᠡ ᠦᠵᠡᠭᠦᠯᠬᠦ︾ ︽ᠵᠠᠯᠠᠶᠢᠳ ᠬᠤᠰᠢᠭᠤᠨ ᠤ | ᠳᠠᠪᠠᠭᠤᠯᠢᠭ ᠠᠵᠤ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠵᠢᠱᠢᠶ᠎ᠡ ᠦᠵᠡᠭᠦᠯᠬᠦ︾ ︽ | ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠠᠪᠠᠭᠤᠯᠢᠭ ᠤᠨᠴᠠᠯᠢᠭᠳᠤ ᠠᠵᠤ ᠦᠢᠯᠡᠰ ᠤᠨ | ᠵᠠᠩᠭᠢᠯᠠᠭ᠎ᠠ ᠶᠢᠨ ᠮᠡᠷᠭᠡᠵᠢᠯ ᠢ ᠬᠤᠷᠠᠮᠳᠤᠭᠤᠯᠬᠤ ᠪᠠ ᠵᠢᠱᠢᠶ᠎ᠡ ᠦᠵᠡᠭᠦᠯᠬᠦ︾ 3 ᠲᠥᠷᠥᠯ ᠵᠦᠢᠯ ᠳᠤ ᠲᠥᠷᠥᠯ | ᠵᠦᠢᠯ ᠲᠣᠭᠲᠠᠭᠠᠨ ᠳᠡᠮᠵᠢᠯᠭᠡ ᠦᠵᠡᠭᠦᠯᠵᠦ᠂ 1800 ᠲᠦᠮᠡᠨ ᠲᠥᠭᠦᠷᠢᠭ ᠤᠨ ᠳᠡᠮᠵᠢᠯᠭᠡ ᠶᠢᠨ ᠪᠠᠯᠠ ᠮᠥᠩᠭᠦ | ᠣᠯᠭᠤᠵᠠᠶ᠃ | ᠣᠶᠢᠯᠠᠭᠠᠭᠰᠠᠨ ᠢᠶᠠᠷ᠂ ᠡᠨᠡ ᠪᠦᠯᠦᠭ ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ | ᠲᠥᠷᠥᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ | ᠲᠠᠨᠢᠯᠴᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠠᠴᠠ ᠲᠥᠷᠥᠯ ᠵᠦᠢᠯ ᠲᠣᠭᠲᠠᠭᠠᠨ | ᠬᠡᠷᠡᠭᠵᠢᠭᠦᠯᠦᠭᠰᠡᠨ ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠷᠥᠯ ᠵᠦᠢᠯ ᠪᠣᠯᠤᠨ᠎ᠠ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠨᠡᠶᠢᠲᠡ 10 ᠶᠢ ᠬᠡᠷᠡᠭᠵᠢᠭᠦᠯᠦᠭᠰᠡᠨ ᠪᠠᠶᠢᠨ᠎ᠠ᠃ |