ᠰᠦᠬᠡ ᠳᠤᠭᠤᠶᠢᠯᠠᠩ ᠳᠠᠭᠠᠭᠤᠯᠤᠨ ᠱᠠᠩᠬᠠᠢ ᠬᠤᠳᠠ ᠳᠤ ᠬᠦᠷᠴᠦ  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠵᠡᠢ
ᠨᠡᠶᠢᠲᠡᠯᠡᠭᠰᠡᠨ ᠴᠠᠭ᠄
2023/5/12
    5 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠬᠢᠩᠭᠠᠨ ᠠᠶᠢᠮᠠᠭ ᠤᠨ ᠨᠠᠮ ᠤᠨ  ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ  ᠰᠦᠬᠡ ᠳᠤᠭᠤᠶᠢᠯᠠᠩ ᠳᠠᠭᠠᠭᠤᠯᠤᠨ ᠱᠠᠩᠬᠠᠢ ᠬᠤᠳᠠ ᠳᠤ ᠬᠦᠷᠴᠦ᠂ ᠤᠷᠢᠳ ᠬᠤᠵᠢᠳ ᠢ ᠬᠠᠢ ᠶᠢᠨ ᠵᠢᠶᠠ ᠯᠢ ᠪᠦᠯᠦᠭᠯᠡᠯ᠂ ᠱᠠᠩᠬᠠᠢ ᠬᠤᠳᠠ ᠶᠢᠨ ᠬᠤᠪᠸᠢ ᠶᠢᠨ ᠬᠤᠳᠠᠯᠳᠤᠭᠠᠴᠢᠳ ᠤᠨ ᠡᠪᠯᠡᠯ ᠪᠣᠯᠤᠨ ᠱᠠᠩᠬᠠᠢ ᠬᠤᠳᠠ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠢ ᠰᠤᠷᠪᠤᠯᠵᠢᠯᠠᠨ ᠵᠣᠯᠭᠠᠭᠤᠯᠵᠤ᠂ ᠠᠵᠤ ᠦᠢᠯᠡᠰ ᠤᠨ ᠲᠦᠷᠦᠯ ᠵᠦᠢᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠤᠯᠪᠣᠭ᠎ᠠ ᠠᠪᠬᠤ ᠲᠣᠭᠲᠠᠴᠠ ᠶᠢ ᠪᠠᠶᠢᠭᠤᠯᠬᠤ᠂  ᠬᠤᠳᠠᠯᠳᠤᠭᠠᠴᠢᠨ ᠤᠷᠢᠬᠤ ᠠᠷᠭ᠎ᠠ ᠵᠠᠮ ᠢ ᠥᠷᠭᠡᠳᠬᠡᠬᠦ ᠵᠡᠷᠭᠡ ᠲᠠᠯ᠎ᠠ ᠪᠠᠷ ᠶᠠᠷᠢᠯᠴᠠᠨ ᠰᠣᠯᠢᠯᠴᠠᠵᠤ᠂ ᠡᠯ᠎ᠡ ᠲᠠᠯ᠎ᠠ ᠶᠢᠨ ᠬᠢᠨ ᠲᠠᠢ ᠥᠷᠭᠡᠨ ᠳᠡᠯᠭᠡᠷ ᠬᠠᠮᠲᠤ ᠶᠢᠨ ᠲᠠᠨᠢᠯᠲᠠ ᠲᠠᠢ ᠪᠣᠯᠵᠠᠢ᠃    ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠱᠦ ᠴᠧᠩ᠂ ᠬᠤᠯᠪᠣᠭᠳᠠᠯ ᠪᠥᠬᠦᠶ ᠬᠤᠰᠢᠭᠤ ᠰᠢᠶᠠᠨ ᠬᠤᠲᠠ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠵᠤ ᠵᠣᠯᠭᠠᠭᠤᠯᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠬᠢᠩᠭᠠᠨ  ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号