ᠳ᠋ᠦ᠋ ᠭᠠᠩ᠄ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠳᠤ ︽ᠲᠤᠰᠤ︾ ᠨᠡᠮᠡᠨ᠎ᠡ
ᠨᠡᠶᠢᠲᠡᠯᠡᠭᠰᠡᠨ ᠴᠠᠭ᠄
2023/5/17
       ᠤᠳᠤᠬᠠᠨ ᠳᠤ ᠶᠠᠭ ᠰᠠᠶ᠋ᠢᠬᠠᠨ ᠬᠠᠪᠤᠷ ᠤᠨ ᠲᠠᠷᠢᠶᠠᠯᠠᠭ᠎ᠠ ᠶᠢᠨ ᠠᠵᠢᠯ ᠪᠦᠬᠦ ᠲᠠᠯ᠎ᠠ ᠪᠠᠷ ᠡᠬᠢᠯᠡᠵᠦ᠂ ᠪᠦᠬᠦ ᠠᠶᠢᠮᠠᠭ ᠤᠨ ᠡᠯ᠎ᠡ ᠭᠠᠵᠠᠷ ᠤᠨ ᠲᠠᠷᠢᠶᠠᠨ ᠭᠠᠵᠠᠷ ᠪᠤᠯᠭᠠᠨ ᠳᠤ ᠲᠠᠷᠢᠶᠠᠴᠢᠳ ᠤᠨ ᠶᠠᠭᠠᠷᠠᠯᠲᠠᠢ ᠪᠠᠶᠢᠳᠠᠯ ᠬᠠᠷᠠᠭᠳᠠᠨ᠎ᠠ᠃ ᠪᠦᠬᠦ ᠤᠯᠠᠨ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠵᠠᠯᠠᠶᠢᠳ ᠬᠤᠰᠢᠭᠤᠨ ᠤ ᠦ᠋ ᠳ᠋ᠣᠣ ᠾᠧ ᠽᠢ ᠲᠠᠷᠢᠶᠠᠯᠠᠩ ᠮᠠᠯ ᠠᠵᠦ ᠠᠬᠤᠢ ᠶᠢᠨ ᠲᠤᠰᠬᠠᠢ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠳ᠋ᠦ᠋ ᠭᠠᠩ ᠴᠣ᠋  ᠲᠠᠷᠢᠶᠠᠴᠢᠳ ᠲᠤ ᠮᠡᠷᠭᠡᠵᠢᠯ ᠤᠨ ᠵᠢᠯᠤᠭᠤᠳᠤᠯᠭ᠎ᠠ ᠬᠢᠭᠡᠳ ᠶᠠᠪ ᠶᠠᠭᠠᠷᠠᠤ᠃        ᠪᠦᠬᠦ  ᠤᠯᠤᠰ ᠤᠨ ᠬᠤᠶᠠᠷ ᠬᠤᠷᠠᠯ ᠳᠠᠭᠤᠰᠤᠭᠰᠠᠨ ᠤ ᠳᠠᠷᠠᠭ᠎ᠠ᠂ ᠳ᠋ᠦ᠋ ᠭᠠᠩ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠬᠠᠮᠤᠭ ᠠᠴᠠ ᠢᠯᠡᠭᠦᠦ ᠠᠩᠬᠠᠷᠴᠤ᠂ ᠲᠤᠰᠬᠠᠢ ᠬᠤᠷᠰᠢᠶ᠎ᠠ ᠳᠠᠭᠠᠨ ᠪᠤᠴᠠᠭᠰᠠᠨ ᠲᠠᠷᠤᠢ ᠳᠤᠨᠢ ᠭᠠᠷ ᠳᠠᠬᠢ ᠠᠵᠢᠯ ᠢᠶᠠᠨ ᠬᠤᠷᠳᠤᠯᠠᠨ ᠬᠢᠵᠦ᠂ ᠲᠠᠷᠢᠶᠠᠴᠢᠨ ᠡᠷᠦᠬᠡ ᠪᠠᠷ ᠭᠦᠨᠵᠡᠭᠡᠶᠢᠷᠡᠨ ᠪᠦᠬᠦ ᠤᠯᠠᠨ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠲᠠᠶᠢᠯᠪᠤᠷᠢᠯᠠᠵᠦ ᠦᠭᠴᠡᠢ᠃︽ᠶᠡᠷᠦᠩᠬᠡᠢ ᠱᠦᠵᠢ ᠰᠢ ᠶᠢᠨ ᠫᠢᠩ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠢᠶᠠᠩᠰᠤ ᠶᠢᠨ ᠲᠢᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠳᠠᠭᠠᠨ᠂ ᠬᠦᠳᠡᠭᠡ ᠠᠵᠦ ᠠᠬᠤᠢ ᠶᠢᠨ ᠬᠦᠴᠦᠷᠬᠡᠭ ᠤᠯᠤᠰ ᠤᠨ ᠦᠨᠳᠦᠰᠦ ᠰᠠᠭᠤᠷᠢ᠂ ᠬᠦᠳᠡᠭᠡ ᠠᠵᠦ ᠠᠬᠤᠢ ᠶᠢᠨ ᠤᠳᠤᠬᠢᠴᠢᠯᠠᠯᠳᠠ ᠶᠢ ᠠᠬᠢᠭᠤᠯᠬᠤ ᠪᠤᠯ ᠴᠢᠨᠠᠷ ᠰᠠᠶᠢᠲᠠᠢ ᠬᠦᠭᠵᠢᠯᠳᠡ ᠶᠢ ᠪᠠᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠤᠯᠤᠨ᠎ᠠ ᠭᠡᠵᠦ ᠴᠢᠬᠤᠯᠠᠴᠢᠯᠠᠪᠠ᠃ ᠡᠨᠡ ᠨᠢ ᠮᠠᠨ  ᠤ ᠲᠠᠷᠢᠶᠠᠯᠠᠩ ᠤᠨ ᠬᠦᠭᠵᠢᠯᠳᠡ ᠳᠤ ᠲᠤᠶᠢᠯ ᠤᠨ ᠶᠡᠭᠡ ᠵᠤᠷᠢᠭᠵᠢᠭᠤᠯᠤᠯ ᠪᠤᠯᠤᠭᠰᠠᠨ ᠪᠠᠶᠢᠨ᠎ᠠ᠃  ︾ ᠭᠡᠵᠦ ᠳ᠋ᠦ᠋ ᠭᠠᠩ ᠪᠦᠬᠦ ᠤᠯᠤᠰ ᠤᠨ ᠬᠤᠶᠠᠷ ᠬᠤᠷᠠᠯ ᠳᠤ ᠤᠷᠤᠯᠴᠠᠭᠰᠠᠨ ᠤᠯᠤᠯᠳᠠ ᠲᠦᠷᠦᠭᠳᠡᠯ ᠢᠶᠠᠨ ᠶᠠᠷᠢᠵᠦ᠂ ᠤᠯᠠᠨ ᠤ ᠠᠩᠬᠠᠷᠴᠤ ᠪᠠᠶᠢᠭ᠎ᠠ ᠠᠮᠤ ᠪᠤᠳᠠᠭᠠᠨ ᠤ ᠠᠮᠤᠷ ᠲᠦᠪᠰᠢᠨ᠂ ᠲᠠᠷᠢᠶᠠᠴᠢᠳ ᠲᠤ ᠠᠰᠢᠭ ᠬᠦᠷᠳᠡᠭᠡᠬᠦ ᠲᠦᠷᠦ ᠶᠢᠨ ᠪᠤᠳᠤᠯᠭ᠎ᠠ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠵᠡᠷᠭᠡ ᠠᠭᠤᠯᠭ᠎ᠠ ᠶᠢᠨ ᠲᠤᠭᠤᠷᠢᠨ ᠳᠤ ᠭᠦᠨᠵᠡᠭᠡᠢ ᠨᠠᠷᠢᠨ ᠨᠢᠭᠳᠠ ᠤᠬᠠᠭᠤᠯᠤᠨ ᠲᠠᠶᠢᠯᠪᠤᠷᠢᠯᠠᠬᠤ ᠶᠢᠨ ᠬᠠᠮᠳᠤ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠬᠡᠷᠬᠢᠨ ᠰᠠᠶᠢᠳᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠲᠠᠷᠢᠶᠠᠴᠢᠳ ᠤᠨ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠬᠡᠷᠬᠢᠨ ᠰᠠᠶᠢᠳᠤᠷ ᠬᠢᠬᠦ ᠲᠤᠬᠠᠢ ᠦᠪᠡᠷ ᠤᠨ ᠪᠤᠳᠤᠯ ᠢᠶᠠᠨ ᠶᠠᠷᠢᠪᠠ᠃  ︽ᠳᠤᠩ ᠭᠠᠩ ᠤᠨ ᠶᠠᠷᠢᠬᠤ ᠶᠢ ᠰᠤᠨᠤᠰᠤᠭᠠᠳ ᠪᠢᠳᠡ ᠰᠢᠨᠵᠢᠯᠡᠬᠦ ᠤᠬᠠᠭᠠᠨᠴᠢ ᠪᠠᠷ ᠲᠠᠷᠢᠶᠠᠯᠠᠬᠤ ᠲᠤᠬᠠᠢ ᠰᠢᠨ᠎ᠡ ᠲᠠᠨᠢᠯᠳᠡ ᠲᠠᠢ ᠪᠤᠯᠪᠠ᠂ ᠡᠨᠡ ᠬᠡᠳᠦᠨ ᠡᠳᠦᠷ ᠶᠠᠭ ᠰᠠᠶ᠋ᠢᠬᠠᠨ ᠬᠠᠪᠤᠷ ᠤᠨ ᠲᠠᠷᠢᠶᠠᠯᠠᠩ ᠪᠠᠨ ᠡᠬᠢᠯᠡᠭᠦᠯᠵᠦ ᠪᠠᠶᠢᠨ᠎ᠠ᠂ ᠰᠢᠨ᠎ᠡ ᠰᠤᠷᠤᠭᠰᠠᠨ ᠤᠨᠤᠯ ᠤᠨ ᠮᠡᠳᠡᠯᠭᠡ ᠪᠠᠷ ᠢᠶᠠᠨ ᠲᠠᠷᠢᠶᠠᠯᠠᠪᠠᠯ ᠯᠠᠪ ᠡᠯᠳᠡᠪ ᠬᠤᠷᠢᠶᠠᠯᠳᠠ ᠤᠯᠤᠨ᠎ᠠ︾ ᠭᠡᠵᠦ ᠲᠠᠷᠢᠶᠠᠴᠢᠨ ᠸᠠᠨ ᠯᠢ ᠶᠦᠩ ᠬᠡᠯᠡᠵᠡᠢ᠃ᠡᠨᠡ ᠵᠢᠯ ᠵᠠᠯᠠᠶᠢᠳ ᠬᠤᠰᠢᠭᠤᠨ ᠤ ᠦ᠋ ᠳ᠋ᠣᠣ ᠾᠧ ᠽᠢ ᠲᠠᠷᠢᠶᠠᠯᠠᠩ ᠮᠠᠯ ᠠᠵᠦ ᠠᠬᠤᠢ ᠶᠢᠨ ᠲᠤᠰᠬᠠᠢ ᠬᠤᠷᠰᠢᠶ᠎ᠠ ᠶᠢᠨ ᠬᠢᠨ4000 ᠮᠤ᠋ ᠰᠢᠷ᠎ᠠ ᠪᠤᠷᠴᠠᠭ4000 ᠮᠤ᠋ ᠡᠷᠳᠡᠨᠢ ᠰᠢᠰᠢ4000 ᠮᠤ᠋ ᠬᠠᠭᠤᠷᠠᠢ ᠳᠤᠭᠲᠤᠷᠤᠭ᠎ᠠ ᠂2000 ᠮᠤ᠋ ᠪᠤᠰᠤᠳ ᠲᠠᠷᠢᠮᠠᠯ ᠤᠨ ᠵᠦᠢᠯ ᠢ ᠲᠠᠷᠢᠬᠤ ᠪᠠᠷ ᠨᠢᠭᠡᠨᠳᠡ ᠠᠵᠢᠯ ᠢᠶᠠᠨ ᠡᠬᠢᠯᠡᠭᠦᠯᠪᠡ᠃  ︽ᠮᠠᠨ ᠤ ᠲᠤᠰᠬᠠᠢ ᠬᠤᠷᠰᠢᠶ᠎ᠠ ᠤᠰᠤ ᠪᠤᠷᠳᠤᠭᠤᠷ ᠢ ᠨᠢᠭᠡ ᠴᠤᠭᠴᠠᠵᠢᠭᠤᠯᠬᠤ᠂ ᠬᠦᠢᠬᠡᠨ ᠪᠤᠯᠠᠵᠦ ᠲᠤᠰᠤᠯᠭᠠᠨ ᠤᠰᠤᠯᠠᠬᠤ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶ᠎ᠠ ᠲᠠᠷᠢᠬᠤ ᠠᠷᠭ᠎ᠠ ᠬᠡᠯᠪᠡᠷᠢ ᠶᠢ ᠬᠡᠷᠡᠭᠵᠢᠭᠦᠯᠦᠨ᠂ ᠰᠢᠷ᠎ᠠ ᠪᠤᠷᠴᠠᠭ᠂ ᠡᠷᠳᠡᠨᠢ ᠰᠢᠰᠢ ᠵᠡᠷᠭᠡ ᠲᠠᠷᠢᠮᠠᠯ ᠤᠨ ᠲᠠᠷᠢᠶᠠᠯᠠᠬᠤ ᠲᠦᠪᠰᠢᠨ ᠢ ᠳᠠᠭᠡᠭᠰᠢᠯᠡᠭᠦᠯᠵᠦ᠂ ᠲᠠᠷᠢᠶᠠᠴᠢᠳ ᠤᠨ ᠭᠠᠵᠠᠷ ᠰᠢᠷᠤᠢ ᠶᠢᠨ ᠡᠵᠡᠩᠨᠡᠯᠳᠡ ᠶᠢᠨ ᠡᠷᠬᠡ ᠶᠢ ᠰᠢᠯᠵᠢᠭᠦᠯᠬᠦ᠂ ᠰᠢᠨᠵᠢᠯᠡᠬᠦ ᠤᠬᠠᠭᠠᠨᠴᠢ ᠪᠠᠷ ᠲᠠᠷᠢᠬᠤ᠂ ᠨᠡᠷᠡᠳᠦ ᠲᠡᠮᠳᠡᠭ ᠢ ᠡᠭᠦᠳᠬᠦ ᠵᠡᠷᠭᠡ ᠲᠠᠯ᠎ᠠ ᠪᠠᠷ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠰᠢᠨ᠎ᠡ ᠶᠢ ᠡᠭᠦᠳᠬᠦ ᠰᠡᠳᠭᠢᠴᠡ ᠪᠠᠷ ᠠᠵᠢᠯᠯᠠᠵᠦ ᠪᠤᠢ᠃ ᠡᠭᠦᠨ ᠤ  ᠬᠠᠮᠳᠤ ᠪᠢ ᠪᠤᠳᠠᠳᠠᠤ ᠠᠵᠢᠯᠯᠠᠭ᠎ᠠ ᠪᠠᠷ ᠢᠶᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠲᠠᠷᠢᠶᠠᠴᠢᠳ ᠤᠨ ᠤᠷᠤᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠳᠠ ᠦᠭᠡᠢ ᠦᠷᠭᠡᠳᠭᠡᠵᠦ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ︾ ᠭᠡᠵᠦ ᠳ᠋ᠦ᠋ ᠭᠠᠩ ᠢᠳᠡᠭᠡᠯ ᠲᠡᠭᠦᠯᠳᠡᠷ ᠬᠡᠯᠡᠪᠡ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号