| ︽ᠠᠮᠠᠷᠠᠯᠳᠠ ᠲᠠᠯᠪᠢᠯ᠎ᠠ᠂ ᠤᠯᠠᠨ ᠢᠶᠠᠷ ᠢᠶᠠᠨ ᠭᠡᠷ ᠲᠡᠭᠡᠨ ᠭᠠᠷ ᠤᠲᠠᠰᠤ ᠨᠠᠭᠠᠳᠬᠤ ᠪᠠᠷ ᠢᠶᠠᠨ ᠶᠠᠩᠭᠠᠷ | ᠪᠥᠵᠢᠭᠯᠡᠶ᠎ᠡ︕︾ ᠭᠡᠵᠦ ᠤᠯᠠᠭᠠᠨᠬᠤᠳᠠ ᠶᠢᠨ ᠲᠡᠮᠦᠷ ᠵᠠᠮ ᠤᠨ ᠪᠠᠷᠠᠭᠤᠨᠳᠡᠬᠢ ᠵᠡᠭᠡᠯᠢ ᠶᠢᠨ ᠵᠶᠢ ᠴᠢᠩ ᠨᠡᠶᠢᠭᠡᠮ | ᠲᠤᠭᠤᠷᠢᠭ ᠤᠨ ︽ᠭᠤᠳᠤᠮᠵᠢ ᠶᠢᠨ ᠲᠠᠷᠤᠭ᠎ᠠ︾ ᠢᠤᠢ ᠶᠢᠨ ᠬᠥᠷᠰᠢ ᠵᠡᠷᠭᠡᠯᠡᠳᠡᠭᠡ ᠪᠠᠨ ᠵᠤᠬᠢᠶᠠᠨ ᠪᠠᠶᠢᠭᠤᠯᠵᠦ | ᠶᠠᠩᠭᠠᠷ ᠪᠥᠵᠢᠭᠯᠡᠬᠦ ᠪᠠᠷ ᠪᠡᠯᠡᠳᠭᠡᠨ᠎ᠠ᠃ ᠪᠠᠶᠠᠷ ᠪᠠᠶᠠᠰᠬᠤᠯᠠᠩᠲᠤ ᠠᠶᠢᠵᠠᠮ ᠴᠣᠬᠢᠯᠭ᠎ᠠ᠂ ᠪᠣᠯᠪᠠᠰᠤᠷᠠᠩᠭᠤᠶ | ᠪᠥᠵᠢᠭ ᠤᠨ ᠠᠯᠬᠤᠭ᠎ᠠ ᠁ ᠨᠠᠷᠢᠨ ᠭᠤᠳᠤᠮᠵᠢ ᠳᠤ ᠪᠠᠶᠠᠷ ᠪᠠᠶᠠᠰᠬᠤᠯᠠᠩ ᠢ ᠠᠪᠴᠢᠷᠠᠨ᠎ᠠ᠃ ︽ᠪᠢᠳᠡᠡ | ᠬᠠᠯᠠᠭᠤᠨ ᠰᠡᠳᠭᠢᠯ ᠲᠠᠢ ᠪᠥᠭᠡᠳ ᠤᠴᠢᠷ ᠶᠠᠪᠤᠳᠠᠯ ᠪᠦᠲᠦᠭᠡᠵᠦ ᠴᠢᠳᠠᠳᠠᠭ ︿ᠭᠤᠳᠤᠮᠵᠢ ᠶᠢᠨ ᠳᠠᠷᠤᠭ᠎ᠠ﹀ ᠲᠠᠢ | ᠪᠣᠯᠬᠤᠷ ᠮᠠᠨ ᠤ ᠬᠥᠷᠰᠢ ᠵᠡᠷᠭᠡᠯᠡᠳᠡᠭᠡ ᠶᠢᠨ ᠬᠤᠭᠤᠷᠣᠨᠳᠣ ᠪᠠᠨ ᠤᠯᠠᠮ ᠡᠪ ᠨᠠᠶᠢᠷᠠᠳᠠᠢ ᠪᠤᠯᠵᠠᠢ︾ ᠭᠡᠵᠦ ᠰᠠᠭᠤᠭᠠᠯᠢ | ᠠᠷᠠᠳ ᠳ᠋ᠦ᠋ ᠶᠠᠨ ᠭᠦᠸᠧ ᠬᠡᠯᠡᠨ᠎ᠠ᠃ | ᠵᠢᠶ ᠴᠢᠩ ᠨᠡᠶᠢᠭᠡᠮ ᠲᠣᠭᠤᠷᠢᠭ ᠲᠤ ᠭᠡᠷ ᠪᠠᠶᠢᠰᠢᠩ ᠤᠯᠠᠨ᠂ ᠰᠠᠭᠤᠭᠠᠯᠢ ᠠᠷᠠᠳ ᠤᠨ ᠤᠯᠠᠩᠬᠢ ᠨᠢ ᠨᠠᠰᠦ | ᠠᠬᠢᠬᠰᠠᠨ ᠪᠦᠭᠡᠳ ᠬᠠᠮᠤᠭ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠵᠤ ᠪᠠᠶᠢᠭ᠎ᠠ ᠪᠤᠶᠤ ᠭᠡᠷ | ᠲᠦᠷᠢᠶᠡᠰᠦᠯᠡᠵᠦ ᠪᠠᠶᠢᠭ᠎ᠠ ᠡᠷᠦᠭᠡ ᠪᠤᠯᠤᠨ᠎ᠠ᠃ ︽ᠭᠤᠳᠤᠮᠵᠢ ᠶᠢᠨ ᠳᠠᠷᠤᠭ᠎ᠠ︾ ᠨᠢ ᠵᠠᠰᠠᠭ ᠤᠨ ᠣᠷᠳᠣᠨ ᠤ ᠠᠯᠪᠠᠨ | ᠵᠠᠷ ᠮᠡᠳᠡᠭᠳᠡᠯ᠂ ᠠᠵᠢᠯ ᠣᠯᠭᠤᠯᠲᠠ ᠶᠢᠨ ᠮᠡᠳᠡᠭᠡ ᠵᠠᠩᠭᠢ ᠵᠡᠷᠭᠡ ᠶᠢ ᠰᠠᠭᠤᠭᠠᠯᠢ ᠠᠷᠠᠳ ᠲᠤ ᠬᠦᠷᠭᠡᠬᠦ ᠶᠢᠨ ᠬᠠᠮᠲᠤ | ᠰᠠᠭᠤᠭᠠᠯᠢ ᠠᠷᠠᠳ ᠤᠨ ᠬᠡᠷᠡᠭᠴᠡᠭᠡ᠂ ᠬᠦᠴᠢᠷᠳᠡᠯ ᠵᠢᠴᠢ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠶ ᠳᠤᠨᠢ | ᠨᠡᠶᠢᠭᠡᠮ ᠲᠣᠭᠤᠷᠢᠭ ᠲᠤ ᠮᠡᠳᠡᠭᠦᠯᠬᠦ ᠵᠡᠷᠭᠡ ᠠᠵᠢᠯ ᠢ ᠬᠠᠷᠢᠭᠤᠴᠠᠵᠦ ᠪᠠᠶᠢᠬᠤ ᠪᠤᠯᠬᠤᠷ ᠮᠠᠰᠢ ᠶᠠᠭᠠᠷᠠᠯᠳᠠᠢ᠃ | ︽ᠮᠠᠨ ᠤ ᠨᠡᠶᠢᠭᠡᠮ ᠲᠤᠭᠤᠷᠢᠭ ᠲᠤ ᠠᠷᠪᠠᠭᠠᠳ ᠢᠯᠡᠬᠦᠦ ᠵᠢᠯ ᠰᠠᠭᠤᠵᠤ᠂ ᠬᠥᠷᠰᠢ ᠵᠡᠷᠭᠡᠯᠡᠳᠡᠭᠡ ᠲᠠᠢ ᠪᠠᠨ | ᠮᠠᠰᠢ ᠰᠠᠶᠢᠬᠠᠨ ᠶᠠᠪᠤᠯᠴᠠᠳᠠᠭ᠂ ᠡᠩ ᠤᠨ ᠦᠶ᠎ᠡ ᠳᠤ ᠬᠡᠨ ᠤ ᠭᠡᠷ ᠲᠤ ᠶᠡᠭᠡ ᠪᠠᠭ᠎ᠠ ᠤᠴᠢᠷ ᠶᠠᠪᠤᠳᠠᠯ ᠲᠣᠬᠢᠶᠠᠯᠳᠤᠪᠠᠯ | ᠲᠡᠷᠡ ᠬᠡᠵᠢᠶᠡᠳᠡ ᠬᠠᠯᠠᠭᠤᠨ ᠢᠶᠠᠷ ᠬᠠᠪᠰᠤᠷᠳᠠᠭ ᠶᠤᠮ︾ ᠭᠡᠵᠦ ᠵᠢᠢ ᠴᠢᠩ ᠨᠡᠶᠢᠭᠡᠮ ᠲᠣᠭᠤᠷᠢᠭ ᠤᠨ ᠨᠠᠮ ᠤᠨ | ᠡᠭᠦᠷ ᠤᠨ ᠱᠦᠵᠢ ᠸᠠᠩ ᠰᠢᠤᠸᠠᠢ ᠷᠦᠩ ᠬᠡᠯᠡᠨ᠎ᠠ᠃ | 2019 ᠣᠨ ᠳᠤ᠂ ᠢᠦᠢ ᠶᠢᠨ 200 ᠡᠷᠦᠬᠡ ᠶᠢ ᠬᠠᠮᠢᠶᠠᠷᠬᠤ ᠪᠠ ᠦᠢᠯᠡᠴᠢᠯᠡᠬᠦ ᠠᠵᠢᠯ ᠢ ᠬᠠᠷᠢᠭᠤᠴᠠᠪᠠ᠃ | ︽ᠮᠠᠨ ᠤ ᠨᠠᠶᠢᠭᠡᠮ ᠲᠤᠭᠤᠷᠢᠭ ᠤᠨ ᠰᠠᠭᠤᠭᠠᠯᠢ ᠠᠷᠠᠳ ᠲᠠᠷᠠᠬᠠᠶ ᠪᠤᠲᠠᠷᠬᠠᠶ ᠰᠠᠭᠤᠵᠦ᠂ ᠣᠯᠠᠩᠬᠢ ᠨᠢ ᠭᠠᠭᠴᠠᠭᠠᠷ | ᠠᠮᠢᠳᠤᠷᠠᠵᠤ ᠪᠠᠶᠢᠭ᠎ᠠ ᠨᠠᠰᠤᠲᠠᠨ ᠶᠤᠮ᠂ ᠪᠢ ᠤᠴᠢᠷ ᠦᠭᠡᠢ ᠪᠤᠯ ᠭᠤᠳᠤᠮᠵᠢ ᠪᠠᠷ ᠲᠤᠭᠤᠷᠢᠨ᠂ ᠲᠡᠳᠡᠨ ᠤ | ᠪᠠᠶᠢᠳᠡᠯ ᠢ ᠤᠶᠢᠯᠠᠭᠠᠳᠠᠭ︾ ᠭᠡᠵᠦ ᠢᠤᠢ ᠶᠢᠨ ᠬᠡᠯᠡᠪᠡ᠃ | ᠡᠨᠡ ᠵᠢᠯ 70 ᠨᠠᠰᠤᠲᠠᠢ ᠳ᠋ᠠᠩ ᠶᠢᠨ ᠪᠦᠦ ᠶᠠᠪᠤᠵᠦ ᠰᠠᠭᠤᠬᠤ ᠳᠤ ᠲᠦᠬᠦᠮ ᠦᠭᠡᠢ᠂ ᠭᠠᠭᠴᠠᠭᠠᠷ ᠠᠮᠢᠳᠤᠷᠠᠵᠦ ᠪᠤᠢ᠃ | ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠢᠦᠢ ᠶᠢᠨ ᠡᠳᠦᠷ ᠪᠦᠷᠢ ᠲᠡᠭᠦᠨ ᠢ ᠭᠤᠷᠪᠠᠨ ᠬᠦᠷᠳᠦᠳᠦ | ᠲᠡᠷᠭᠡᠨ ᠳᠡᠭᠡᠨ ᠠᠴᠢᠵᠦ ᠪᠦᠭᠡᠮ ᠬᠦᠴᠢᠯ ᠤᠨ ᠪᠠᠶᠢᠴᠠᠭᠠᠯᠳᠠ ᠬᠢᠯᠬᠡᠵᠦ ᠪᠠᠶᠢᠭᠰᠠᠨ︔ ᠡᠪᠦᠯ ᠬᠦᠲᠡᠨ ᠪᠣᠯᠬᠤᠷ | ᠢᠦᠶ ᠶᠢᠨ ᠰᠢᠶᠠ ᠡᠮᠡᠭᠡ ᠶᠢᠨ ᠴᠤᠩᠬᠤᠨ ᠳᠤ ᠲᠤᠯᠠᠭᠠᠨ ᠢ ᠬᠠᠳᠠᠭᠠᠯᠠᠬᠤ ᠰᠦᠯᠢᠶᠤᠤ ᠨᠠᠭᠠᠵᠦ ᠦᠭᠬᠦᠭᠰᠡᠨ︔ | ᠡᠮᠦᠨ᠎ᠡ ᠬᠤᠶᠠᠷ ᠡᠳᠦᠷ ᠪᠡᠶ᠎ᠡ ᠮᠠᠭᠤᠲᠠᠶ ᠳ᠋ᠦ᠋ ᠶᠠᠨ ᠭᠥᠸᠧ ᠳᠤ ᠲᠦᠯᠡᠭᠡ ᠠᠪᠠᠴᠢᠵᠦ ᠦᠭᠬᠦᠭᠰᠡᠨ ᠁ ᠵᠡᠷᠭᠡ | ᠬᠦᠷᠰᠢ ᠵᠡᠷᠭᠡᠯᠡᠳᠡᠭᠡ ᠪᠠᠨ ᠬᠠᠪᠰᠤᠷᠤᠭᠰᠠᠨ ᠵᠢᠱᠢᠶ᠎ᠡ ᠲᠤᠭᠠᠯᠠᠰᠢ ᠦᠭᠡᠢ ᠤᠯᠠᠨ ᠪᠠᠶᠢᠯ᠎ᠠ᠃ ︽ᠪᠠᠭ᠎ᠠ ᠰᠠᠭ᠎ᠠ ᠬᠦᠴᠦ | ᠭᠠᠷᠭᠠᠬᠤ ᠪᠤᠯ ᠦᠨᠡᠨᠳᠡᠭᠡᠨ ᠠᠮᠠᠷᠬᠠᠨ᠂ ᠬᠥᠷᠰᠢ ᠵᠡᠷᠭᠡᠯᠡᠳᠡᠭᠡ ᠪᠠᠨ ᠬᠠᠪᠰᠤᠷᠬᠤ ᠨᠢ ᠨᠠᠳᠠ ᠳᠤ ᠠᠪᠴᠦ ᠬᠡᠯᠡᠪᠡᠯ | ᠡᠩ ᠤᠨ ᠶᠠᠪᠤᠳᠠᠯ ᠪᠤᠯᠤᠨ᠎ᠠ︾ ᠭᠡᠵᠦ ᠢᠤᠢ ᠶᠢᠨ ᠬᠡᠯᠡᠨ᠎ᠠ᠃ | ᠵᠠᠷᠢᠮ ᠬᠦᠮᠦᠨ ︽ᠭᠤᠳᠤᠮᠵᠢ ᠶᠢᠨ ᠲᠠᠷᠤᠭ᠎ᠠ︾ ᠶᠢᠨ ᠠᠵᠢᠯ ᠪᠤᠯ ᠠᠯᠪᠠᠨ ᠵᠢᠷᠤᠮ ᠤᠨ ᠠᠵᠢᠯ᠂ ᠤᠷᠤᠯᠭ᠎ᠠ ᠠᠨᠠᠢ᠂ | ᠰᠤᠯᠨ ᠴᠠᠭ ᠲᠠᠢ ᠬᠦᠮᠦᠨ ᠰᠠᠶ᠋ᠶ ᠬᠢᠳᠡᠭ ᠭᠡᠵᠦ ᠪᠤᠳᠤᠬᠤ ᠮᠠᠭᠠᠳ᠃ ᠭᠡᠳᠡᠯ᠎ᠠ ᠢᠤᠢ ᠶᠢᠨ ᠰᠤᠷᠭᠠᠭᠤᠯᠢ ᠳᠤ | ᠰᠠᠭᠤᠵᠦ ᠪᠠᠶᠢᠭ᠎ᠠ ᠬᠤᠶᠠᠷ ᠢᠬᠢᠷ᠎ᠡ ᠬᠡᠤᠭᠡᠨ ᠲᠠᠢ᠂ ᠡᠭᠡᠨᠡᠷ ᠨᠢ ᠤᠳᠠᠭᠠᠨ ᠵᠢᠯ ᠢᠶᠠᠷ ᠬᠡᠪᠳᠡᠵᠦ᠂ ᠭᠡᠷ ᠤᠨ | ᠶᠠᠪᠤᠳᠠᠯ ᠨᠢ ᠦᠰᠦᠨ ᠠᠴᠠ ᠤᠯᠠᠨ᠃ ᠭᠡᠪᠡᠴᠦ ᠡᠶᠢᠮᠦᠷᠬᠦᠦ ᠠᠮᠢᠳᠤᠷᠠᠯ ᠤᠨ ᠬᠦᠨᠳᠦ ᠲᠠᠷᠤᠭᠠᠰᠦ ᠲᠠᠭᠦᠨ ᠳᠤ | ᠲᠠᠷᠤᠭᠠᠰᠦ ᠪᠠᠷ ᠦᠵᠡᠭᠳᠡᠭᠰᠡᠨ ᠦᠭᠡᠢ ᠬᠠᠷᠢᠨ ᠡᠬᠡᠨᠡᠷ ᠢᠶᠠᠨ ᠰᠠᠶᠢᠳᠤᠷ ᠬᠠᠷᠠᠭᠠᠯᠵᠠᠭᠰᠠᠨ ᠢᠶᠠᠷ ᠪᠠᠷᠠᠬᠤ ᠦᠭᠡᠢ ᠪᠠᠰᠠ | ᠬᠥᠷᠰᠢ ᠵᠡᠷᠭᠡᠯᠡᠳᠡᠭᠡ ᠪᠠᠨ ᠬᠠᠯᠠᠭᠤᠨ ᠰᠡᠳᠬᠢᠯ ᠢᠶᠠᠷ ᠬᠠᠯᠠᠮᠵᠢᠯᠠᠳᠠᠭ᠃ | ︽ᠮᠢᠨᠦ ᠤᠳᠤᠬᠢ ᠠᠮᠢᠳᠤᠷᠠᠯ ᠵᠠᠰᠠᠭ ᠤᠨ ᠣᠷᠳᠣᠨ᠂ ᠨᠡᠶᠢᠭᠡᠮ ᠲᠣᠭᠤᠷᠢᠭ ᠪᠣᠯᠤᠨ ᠨᠡᠶᠢᠭᠡᠮ ᠳᠡᠭᠡᠷᠡᠬᠢ ᠰᠠᠶᠢᠨ | ᠰᠡᠳᠭᠢᠯ ᠲᠠᠢ ᠬᠥᠮᠦᠰ ᠤᠨ ᠬᠠᠪᠰᠤᠷᠤᠯᠭ᠎ᠠ ᠠᠴᠠ ᠰᠠᠯᠵᠤ ᠴᠢᠳᠠᠬᠤ ᠦᠭᠡᠶ᠂ ᠡᠶᠢᠮᠦ ᠠᠴᠠ ᠪᠢ ᠪᠠᠰᠠ ᠨᠡᠶᠢᠭᠡᠮ | ᠨᠡᠶᠢᠳᠡ ᠳᠤ ᠥᠴᠦᠬᠡᠨ ᠲᠡᠳᠦᠶ ᠬᠦᠴᠦ ᠪᠠᠨ ᠡᠷᠬᠦᠶ᠎ᠡ ᠭᠡᠵᠦ ᠪᠣᠳᠣᠵᠤ ᠪᠠᠶᠢᠨ᠎ᠠ︾ ᠭᠡᠵᠦ ᠢᠤᠢ ᠶᠢᠨ ᠦᠨᠡᠨᠴᠢ ᠪᠠᠷ | ᠭᠡᠯᠡᠵᠤ ᠪᠠᠶᠢᠯ᠎ᠠ᠃ | ︵ᠭᠤᠤᠯᠴᠢ ᠬᠠᠨ ᠢᠤᠢ ᠭᠧ︶ | | |