ᠶᠠᠩ ᠵᠢᠢ ᠫᠧᠩ ᠨᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠪᠡ
ᠨᠡᠶᠢᠲᠡᠯᠡᠭᠰᠡᠨ ᠴᠠᠭ᠄
2023/5/29
    5 ᠰᠠᠷ᠎ᠠ ᠶᠢᠨ 25 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠢ ᠫᠧᠩ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠪᠠᠶᠢᠴᠠᠭᠠᠨ ᠰᠤᠳᠤᠯᠵᠦ᠂ ᠬᠤᠲᠠ ᠶᠢᠨ ᠤᠳᠤᠷᠢᠳᠤᠯᠭ᠎ᠠ ᠮᠠ ᠱᠦ ᠭᠠᠩ᠂ ᠯᠢᠦ ᠶᠢᠨ ᠪᠥᠸᠧ ᠬᠠᠮᠲᠤ ᠪᠠᠶᠢᠴᠠᠭᠠᠨ ᠰᠤᠳᠤᠯᠪᠡ᠃     ᠶᠠᠩ ᠵᠢᠢ ᠫᠧᠩ ᠨᠠᠷ ᠬᠤᠳᠠ ᠶᠢᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠪᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ᠂ ᠢᠨᠵᠧᠨᠧᠷᠢᠩ ᠤᠨ ᠲᠦᠷᠦᠯ ᠵᠦᠢᠯ ᠢ ᠬᠢᠨᠠᠨ ᠵᠥᠪᠰᠢᠶᠡᠷᠡᠬᠦ ᠵᠡᠷᠭᠡ ᠵᠦᠢᠯᠡᠰ ᠢ ᠭᠦᠢᠴᠡᠳᠬᠡᠭᠰᠡᠨ ᠪᠠᠶᠢᠳᠠᠯ ᠵᠢᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠶᠠᠪᠤᠴᠠ᠂ ᠠᠵᠢᠯᠲᠠᠨ ᠤ ᠲᠣᠬᠢᠷᠠᠭᠤᠯᠤᠯᠲᠠ ᠪᠣᠯᠣᠨ ᠣᠷᠣᠰᠢᠵᠤ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃     ᠶᠠᠩ ᠵᠢᠢ ᠫᠧᠩ ᠠᠴᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠴᠣᠩᠬᠤᠪᠴᠢ︾ ᠪᠣᠯ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠠᠵᠤ ᠠᠬᠤᠶᠢᠯᠠᠯ ᠣᠯᠠᠨ ᠲᠦᠮᠡᠨ ᠳᠤ ᠦᠢᠯᠡᠴᠢᠯᠡᠬᠦ ᠨᠢᠭᠡᠳᠦᠭᠡᠷ ᠹᠷᠣᠨᠲ ᠪᠣᠯᠣᠨ᠎ᠠ᠂ ᠮᠥᠨ ᠴᠦ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢ ᠰᠢᠯᠢᠳᠡᠭᠵᠢᠭᠦᠯᠬᠦ ᠵᠠᠩᠭᠢᠯᠠᠭ᠎ᠠ ᠶᠢᠨ ᠴᠡᠭ ᠮᠥᠨ᠂ ᠠᠵᠢᠯ ᠣᠯᠠᠨ ᠶᠠᠩᠵᠤ ᠶᠢᠨ ᠪᠦᠭᠡᠳ ᠡᠭᠦᠷᠭᠡ ᠬᠦᠨᠳᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠤᠳᠤᠷᠢᠳᠬᠤ ᠪᠠᠭ ᠪᠣᠯᠣᠨ ᠪᠦᠬᠦ ᠠᠵᠢᠯᠲᠠᠳ ᠣᠶᠤᠨ ᠰᠠᠨᠠᠭᠠᠨ ᠤ ᠳᠦᠷᠰᠦ ᠪᠠᠶᠢᠳᠠᠯ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠤᠣᠯ ᠤᠳᠤᠷᠢᠳᠤᠯᠭ᠎ᠠ ᠨᠢ ᠤᠳᠤᠷᠢᠳᠬᠤ ᠪᠠᠭ ᠢᠶᠠᠨ ᠰᠠᠶᠢᠲᠤᠷ ᠠᠳᠬᠤᠵᠤ᠂ ᠡᠩᠨᠡᠭᠡ ᠪᠠᠨ ᠰᠠᠶᠢᠲᠤᠷ ᠳᠠᠭᠠᠭᠤᠯᠵᠤ᠂ ᠪᠠᠭ ᠤᠨ ᠪᠦᠷᠢᠯᠳᠦᠭᠦᠨ ᠨᠢ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ ᠬᠠᠮᠲᠤ ᠠᠵᠢᠯᠯᠠᠭᠰᠠᠳ ᠲᠠᠢ ᠪᠠᠨ ᠪᠦᠯᠬᠦᠮᠳᠡᠵᠦ᠂ ᠥᠷᠭᠡᠨ ᠤᠯᠠᠨ ᠺᠠᠳ᠋ᠷ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠠᠵᠢᠯ ᠤᠨ ᠳᠤᠮᠳᠠᠬᠢ ᠬᠠᠰᠢᠷ ᠮᠡᠷᠭᠡᠵᠢᠯᠲᠡᠨ ᠪᠣᠯᠬᠤ ᠪᠠᠷ ᠴᠢᠷᠮᠠᠶᠢᠵᠤ᠂ ᠠᠵᠢᠯ ᠦᠢᠯᠡᠰ ᠢᠶᠠᠨ ᠳᠡᠭᠡᠳᠦᠯᠡᠬᠦ᠂ ᠰᠢᠷᠭᠠᠭᠤ ᠴᠢᠷᠮᠠᠶᠢᠬᠤ᠂ ᠰᠢᠨ᠎ᠡ ᠶᠢ ᠡᠭᠦᠳᠬᠦ᠂ ᠪᠦᠯᠬᠦᠮᠳᠡᠬᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠦᠬᠦ ᠬᠦᠴᠦᠨ ᠢᠶᠠᠷ ᠪᠠᠶᠢᠭᠤᠯᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠰᠠᠭᠤᠷᠢ ᠶᠢ ᠦᠷᠭᠦᠯᠵᠢᠯᠡᠨ ᠪᠠᠲᠤᠳᠬᠠᠵᠤ᠂ ᠬᠢᠨᠠᠨ ᠵᠥᠪᠰᠢᠶᠡᠷᠡᠬᠦ ᠵᠦᠢᠯᠡᠰ ᠪᠠ ᠭᠦᠢᠴᠡᠳᠬᠡᠬᠦ ᠶᠠᠪᠤᠴᠠ ᠶᠢ ᠤᠯᠠᠮ ᠨᠢᠭᠡ ᠠᠯᠬᠤᠮ ᠡᠮᠬᠢᠯᠡᠨ ᠳᠢᠭᠯᠡᠵᠦ᠂ ᠣᠯᠠᠨ ᠲᠦᠮᠡᠨ ᠳᠤ ᠦᠢᠯᠡᠴᠢᠯᠡᠬᠦ᠂ ᠵᠥᠭᠡᠯᠡᠨ ᠬᠠᠲᠠᠭᠤ ᠲᠣᠨᠤᠭ ᠢ ᠲᠣᠬᠢᠷᠠᠭᠤᠯᠬᠤ ᠵᠡᠷᠭᠡ ᠡᠯ᠎ᠡ ᠭᠤᠭᠴᠤᠭ᠎ᠠ ᠳᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠂ ᠨᠠᠩ ᠣᠯᠠᠨ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ᠂ ᠲᠣᠯᠢᠯᠠᠵᠤ ᠪᠣᠯᠬᠤ ᠨᠡᠶᠢᠲᠡᠯᠢᠭ ᠲᠤᠷᠰᠢᠯᠭ᠎ᠠ ᠶᠢ ᠪᠣᠶ ᠪᠣᠯᠭᠠᠵᠤ᠂ ᠦᠨᠡᠨ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠡᠴᠦᠰ ᠤᠨ ᠨᠢᠭᠡ ᠮᠧᠲᠷ︾ ᠢ ᠪᠥᠬᠦ ᠬᠦᠴᠦᠨ ᠢᠶᠠᠷ ᠨᠡᠪᠲᠡᠷᠡᠭᠦᠯᠬᠦ ᠬᠡᠷᠡᠭᠲᠡᠢ᠃ ᠨᠡᠪᠲᠡᠷᠡᠯᠴᠡᠬᠦ ᠤᠬᠠᠮᠰᠠᠷ ᠢᠶᠠᠨ ᠳᠡᠭᠡᠭᠰᠢᠯᠡᠭᠦᠯᠵᠦ᠂ ᠠᠵᠢᠯ ᠤᠨ ᠠᠷᠭ᠎ᠠ ᠪᠠᠨ ᠰᠠᠶᠢᠵᠢᠷᠠᠭᠤᠯᠵᠤ᠂ ᠳᠡᠭᠡᠳᠦ ᠳᠣᠣᠷᠠᠳᠤ ᠱᠠᠲᠤ ᠲᠠᠢ ᠪᠠᠨ ᠨᠡᠪᠲᠡᠷᠡᠯᠴᠡᠬᠦ᠂ ᠡᠯ᠎ᠡ ᠲᠠᠯ᠎ᠠ ᠶᠢᠨ ᠬᠢᠨ ᠲᠠᠢ ᠬᠠᠷᠢᠯᠴᠠᠬᠤ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠲᠦᠷᠭᠡᠳᠬᠡᠨ ᠠᠬᠢᠭᠤᠯᠵᠤ᠂ ᠲᠠᠰ ᠳᠠᠷᠠᠭᠠᠯᠠᠯ ᠢ ᠴᠢᠩᠭ᠎ᠠ ᠵᠢᠷᠤᠮᠵᠢᠭᠤᠯᠤᠨ᠂ ᠠᠵᠢᠯᠲᠠᠨ ᠤ ᠬᠦᠴᠦᠨ ᠢ ᠭᠦᠢᠴᠡᠳ ᠲᠣᠬᠢᠷᠠᠭᠤᠯᠤᠨ ᠴᠢᠩᠭ᠎ᠠ ᠲᠣᠬᠢᠷᠠᠭᠤᠯᠵᠤ᠂ ᠠᠵᠢᠯ ᠢᠶᠠᠨ ᠥᠨᠳᠥᠷ ᠦᠷ᠎ᠡ ᠪᠦᠲᠦᠮᠵᠢ ᠲᠠᠢ ᠶᠠᠪᠤᠭᠳᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号