ᠶᠠᠩ ᠵᠢᠢ ᠫᠧᠩ ᠰᠣᠶᠣᠯ ᠤᠨ ᠡᠭᠦᠳᠦᠯᠲᠡ ᠶᠢᠨ ᠠᠵᠤ ᠠᠬᠤᠶᠢᠯᠠᠯ ᠤᠨ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠲᠤᠰᠬᠠᠢ ᠪᠠᠶᠢᠴᠠᠭᠠᠯᠲᠠ ᠬᠢᠵᠡᠢ
ᠨᠡᠶᠢᠲᠡᠯᠡᠭᠰᠡᠨ ᠴᠠᠭ᠄
2023/5/29
    5 ᠰᠠᠷ᠎ᠠ ᠶᠢᠨ 22 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠢ ᠫᠧᠩ ᠰᠣᠶᠣᠯ ᠤᠨ ᠡᠭᠦᠳᠦᠯᠲᠡ ᠶᠢᠨ ᠠᠵᠤ ᠠᠬᠤᠶᠢᠯᠠᠯ᠂ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠳᠤ ᠲᠤᠰᠬᠠᠢ ᠪᠠᠶᠢᠴᠠᠭᠠᠯᠲᠠ ᠬᠢᠵᠦ᠂ ᠬᠤᠲᠠ ᠶᠢᠨ ᠤᠳᠤᠷᠢᠳᠤᠯᠭ᠎ᠠ ᠯᠢᠦ ᠶᠢᠨ ᠪᠥᠸᠧ᠂ ᠸᠠᠩ ᠮᠢᠩ ᠶᠠᠩ ᠵᠢᠴᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ ᠬᠠᠮᠲᠤ ᠪᠠᠷ ᠪᠠᠶᠢᠴᠠᠭᠠᠨ ᠰᠤᠳᠤᠯᠪᠡ᠃     ᠶᠠᠩ ᠵᠢᠢ ᠫᠧᠩ ᠨᠠᠷ ᠤᠷᠢᠳ ᠬᠤᠵᠢᠳ ᠦ᠋ ᠢ ᠵᠡᠭᠡᠯᠢ ᠶᠢᠨ ᠢ ᠬᠤᠸᠠᠨ ᠼᠦᠢ ᠨᠡᠶᠢᠭᠡᠮ ᠲᠣᠭᠤᠷᠢᠭ ᠤᠨ ᠪᠣᠳᠠᠰ ᠤᠨ ᠪᠤᠰᠤ ᠰᠣᠶᠣᠯ ᠤᠨ ᠥᠪ ᠢ ᠳᠡᠯᠭᠡᠨ ᠦᠵᠡᠭᠦᠯᠵᠦ ᠪᠡᠶᠡᠴᠢᠯᠡᠨ ᠣᠶᠢᠯᠠᠭᠠᠬᠤ ᠲᠥᠪ᠂ ᠬᠢᠩᠭᠠᠨ ᠵᠡᠭᠡᠯᠢ ᠶᠢᠨ ᠱᠦᠨ ᠳ᠋ᠡ ᠨᠡᠶᠢᠭᠡᠮ ᠲᠣᠭᠤᠷᠢᠭ ᠤᠨ ᠦᠢᠯᠡᠰ ᠪᠣᠰᠬᠠᠵᠤ ᠠᠵᠢᠯ ᠣᠯᠭᠤᠬᠤ ᠬᠥᠮᠦᠵᠢᠭᠦᠯᠬᠦ ᠰᠠᠭᠤᠷᠢᠨ᠂ ᠠᠳᠢᠶ᠎ᠠ ᠵᠤᠭᠠᠴᠠᠯ ᠤᠨ ᠪᠡᠯᠡᠭ ᠰᠡᠯᠲᠡ ᠶᠢᠨ ᠬᠢᠵᠠᠭᠠᠷᠲᠤ ᠺᠣᠮᠫᠠᠨᠢ ᠶᠢᠨ ᠮᠧᠩ ᠰᠢᠨ ᠠᠨ ᠰᠣᠶᠣᠯ ᠤᠨ ᠡᠭᠦᠳᠦᠯᠲᠡ ᠶᠢᠨ ᠳᠡᠯᠭᠡᠭᠦᠷ ᠢᠶᠠᠷ ᠬᠦᠷᠴᠦ᠂ ᠰᠣᠶᠣᠯ ᠤᠨ ᠡᠭᠦᠳᠦᠯᠲᠡ ᠶᠢᠨ ᠠᠵᠤ ᠠᠬᠤᠶᠢᠯᠠᠯ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠡᠵᠡᠩᠨᠡᠵᠦ ᠪᠣᠷᠣᠯᠠᠭᠤᠯᠬᠤ ᠵᠢᠴᠢ ᠬᠥᠭᠵᠢᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠨᠠᠷᠢᠨ ᠣᠶᠢᠯᠠᠭᠠᠬᠤ ᠶᠢᠨ ᠬᠠᠮᠲᠤ ᠬᠤᠳᠠ ᠶᠢᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠪᠠᠶᠢᠭᠤᠯᠭ᠎ᠠ ᠶᠢᠨ ᠺᠠᠳ᠋ᠷᠴᠤᠳ ᠲᠠᠢ ᠶᠠᠷᠢᠯᠴᠠᠬᠤ ᠬᠤᠷᠠᠯ ᠥᠷᠨᠢᠭᠦᠯᠪᠡ᠃    ᠶᠠᠷᠢᠯᠴᠠᠬᠤ ᠬᠤᠷᠠᠯ ᠳᠡᠭᠡᠷ᠎ᠡ᠂ ᠶᠠᠩ ᠵᠢᠢ ᠫᠧᠩ ᠠᠴᠠ᠂ ᠵᠠᠰᠠᠭ ᠤᠨ ᠣᠷᠳᠣᠨ ᠢᠶᠠᠷ ᠭᠤᠣᠯᠯᠠᠭᠤᠯᠤᠨ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠵᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠶᠢ ᠪᠠᠷᠢᠮᠲᠠᠯᠠᠵᠤ᠂ ᠰᠣᠶᠣᠯ ᠵᠤᠭᠠᠴᠠᠯ ᠤᠨ ᠠᠵᠤ ᠦᠢᠯᠡᠰ ᠤᠨ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠤᠭᠠᠴᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠵᠤᠭᠠᠴᠠᠯ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠰᠣᠶᠣᠯ ᠵᠤᠭᠠᠴᠠᠯ ᠤᠨ ᠰᠢᠯᠢᠳᠡᠭ ᠪᠦᠲᠦᠭᠡᠭᠳᠡᠬᠦᠨ ᠤ ᠬᠠᠩᠭᠠᠯᠭ᠎ᠠ ᠶᠢ ᠴᠢᠩᠭᠠᠳᠬᠠᠵᠤ᠂ ᠰᠣᠶᠣᠯ ᠵᠤᠭᠠᠴᠠᠯ ᠤᠨ ᠦᠢᠯᠡᠰ ᠤᠨ ᠡᠭᠦᠳᠦᠯᠲᠡ ᠶᠢᠨ ᠪᠦᠯᠬᠦᠮ ᠢ ᠠᠭᠤᠳᠠᠯᠤᠨ ᠬᠥᠮᠥᠵᠢᠭᠦᠯᠵᠦ᠂ ᠤᠷᠠᠨ ᠪᠢᠴᠢᠯᠭᠡᠲᠡᠨ ᠤ ᠨᠡᠶᠢᠭᠡᠮᠯᠢᠭ᠂ ᠭᠡᠷᠡᠯ ᠵᠢᠷᠤᠭᠴᠢᠳ ᠤᠨ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠣᠯᠣᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠦᠴᠦᠨ ᠢ ᠨᠡᠶᠢᠳᠬᠡᠵᠦ ᠤᠯᠠᠭᠠᠨᠬᠤᠲᠠ ᠶᠢᠨ ᠰᠣᠶᠣᠯ ᠵᠤᠭᠠᠴᠠᠯ ᠤᠨ ᠦᠢᠯᠡᠰ ᠤᠨ ᠥᠷᠨᠢᠩᠭᠦᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠰᠣᠶᠣᠯ ᠵᠤᠭᠠᠴᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠰᠣᠶᠣᠯ ᠤᠨ ᠪᠠᠶᠢᠭᠤᠯᠤᠯᠲᠠ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠰᠣᠶᠣᠯ ᠵᠤᠭᠠᠴᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠤᠯᠠᠭᠠᠨᠬᠤᠲᠠ ᠶᠢᠨ ᠰᠣᠶᠣᠯ ᠵᠤᠭᠠᠴᠠᠯ ᠤᠨ ᠨᠠᠷᠠᠲᠤ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠬᠠᠮᠢᠶᠠᠷᠤᠯᠲᠠ ᠶᠢ ᠴᠢᠬᠤᠯᠠᠴᠢᠯᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠰᠣᠶᠣᠯ ᠵᠤᠭᠠᠴᠠᠯ ᠤᠨ ᠤᠬᠠᠭᠤᠯᠤᠨ ᠳᠡᠯᠭᠡᠷᠡᠭᠦᠯᠬᠦ ᠠᠵᠢᠯ ᠢ ᠰᠠᠶᠢᠲᠤᠷ ᠠᠳᠬᠤᠵᠤ᠂ ᠤᠬᠠᠭᠤᠯᠬᠤ ᠬᠡᠯᠲᠡᠰ᠂ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠠᠮ ᠵᠠᠭᠤᠴᠢᠯᠠᠭᠤᠷ ᠤᠨ ᠲᠥᠪ ᠵᠡᠷᠭᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠳ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠵᠤ᠂ ᠴᠢᠳᠠᠯ ᠤᠨ ᠬᠢᠷᠢ ᠪᠠᠷ ᠢᠶᠠᠨ ᠠᠵᠢᠯᠯᠠᠵᠤ᠂ ᠤᠯᠠᠭᠠᠨᠬᠤᠲᠠ ᠶᠢᠨ ᠵᠤᠭᠠᠴᠠᠯ ᠤᠨ ᠪᠦᠲᠦᠭᠡᠭᠳᠡᠬᠦᠨ ᠤ ᠭᠤᠣᠯᠯᠠᠭᠴᠢ ᠥᠷᠢᠰᠦᠯᠳᠦᠬᠦ ᠬᠦᠴᠦᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠵᠤᠭᠠᠴᠠᠯ ᠤᠨ ᠵᠠᠬ᠎ᠠ ᠳᠡᠯᠭᠡᠭᠦᠷ ᠢ ᠬᠥᠭᠵᠢᠭᠡᠵᠦ᠂ ᠠᠷᠠᠳ ᠤᠯᠠᠨ ᠤ ᠣᠷᠤᠯᠭ᠎ᠠ ᠶᠢ ᠨᠡᠮᠡᠭᠳᠡᠬᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号