ᠤᠯᠠᠭᠠᠨᠬᠤᠳᠠ ᠶᠢᠨ ︽ᠰᠢᠶᠤᠤ ᠵᠢᠩ ᠲᠦᠯᠤᠪᠯᠡᠭᠡ︾ ᠶᠢᠨ ᠳᠠᠷᠢᠶᠠᠯᠠᠩ ᠤᠨ ᠪᠦᠳᠦᠭᠡᠭᠳᠡᠭᠦᠨ ᠲᠤᠮᠤ ᠬᠡᠯᠪᠡᠷᠢ ᠶᠢᠨ ᠴᠢᠯᠦᠬᠡᠳᠤ ᠲᠡᠯᠭᠡᠬᠦᠷ ᠢᠶᠠᠷ ᠪᠤᠷᠤᠭᠤᠯᠤᠭᠳᠠᠯ᠎ᠠ
ᠨᠡᠶᠢᠲᠡᠯᠡᠭᠰᠡᠨ ᠴᠠᠭ᠄
2023/5/29
   ᠤᠶᠢᠷ᠎ᠠ ᠶᠢᠨ ᠡᠳᠤᠷ᠂ ᠤᠯᠠᠭᠠᠨᠬᠤᠳᠠ ᠶᠢᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠠᠴᠠ ᠠᠵᠤ ᠦᠢᠯᠡᠳᠪᠤᠷᠢ ᠰᠤᠷᠠᠭ ᠵᠠᠩᠬᠢ ᠶᠢᠨ ᠲᠤᠪᠴᠢᠶ᠎ᠠ ᠲᠠᠢ ᠬᠠᠮᠳᠤᠷᠠᠨ ᠤᠯᠠᠭᠠᠨᠬᠤᠳᠠ ᠶᠢᠨ ᠲᠤᠮᠤ ᠬᠡᠯᠪᠡᠷᠢ ᠶᠢᠨ ᠴᠢᠯᠦᠬᠡᠳᠤ ᠲᠡᠯᠭᠡᠬᠦᠷ ᠲᠠᠢ ᠬᠠᠷᠢᠴᠠᠵᠤ᠂ ︽ᠰᠢᠶᠤᠤ ᠵᠢᠩ ᠲᠦᠯᠤᠪᠯᠡᠭᠡ︾ ᠶᠢᠨ ᠳᠠᠷᠢᠶᠠᠯᠠᠩ ᠤᠨ ᠪᠦᠳᠦᠭᠡᠭᠳᠡᠭᠦᠨ ᠢ ᠸᠠᠨ ᠳ᠋ᠠ᠂ ᠧᠦ ᠶᠠ ᠵᠡᠷᠭᠡ ᠲᠤᠮᠤ ᠬᠡᠯᠪᠡᠷᠢ ᠶᠢᠨ ᠴᠢᠯᠦᠬᠡᠳᠤ ᠲᠡᠯᠭᠡᠬᠦᠷ ᠢᠶᠠᠷ ᠪᠤᠷᠤᠯᠠᠭᠤᠯᠵᠤ᠂ ᠳᠠᠷᠢᠶᠠᠯᠠᠩ ᠤᠨ ᠪᠦᠳᠦᠭᠡᠭᠳᠡᠭᠦᠨ ᠢ ᠪᠤᠷᠤᠯᠠᠭᠤᠯᠬᠤ ᠵᠠᠮ ᠢ ᠦᠷᠭᠡᠳᠭᠡᠨ᠂ ᠤᠯᠠᠭᠠᠨᠬᠤᠳᠠ ᠤᠷᠤᠨ ᠤ ᠳᠠᠷᠢᠶᠠᠯᠠᠩ ᠤᠨ ᠪᠦᠳᠦᠭᠡᠭᠳᠡᠭᠦᠨ ᠤ ᠵᠠᠬ᠎ᠠ ᠳᠡᠯᠭᠡᠭᠦᠷ ᠲᠠᠬᠢ ᠨᠡᠷ᠎ᠡ ᠠᠯᠳᠠᠷᠰᠢᠯ ᠢ ᠲᠡᠭᠡᠭᠰᠢᠯᠡᠬᠦᠯᠵᠠᠢ᠃    ᠤᠯᠠᠭᠠᠨᠬᠤᠳᠠ ᠶᠢᠨ ᠧᠦ ᠶᠠ ᠬᠤᠳᠠᠯᠳᠤᠭᠠᠨ ᠤ ᠲᠦᠪ ᠤᠨ ᠴᠢᠯᠦᠬᠡᠳᠤ ᠲᠡᠯᠭᠡᠬᠦᠷ ᠲᠤ᠂ ︽ᠢᠯᠠᠯᠳᠠ ᠲᠤᠳᠤᠷᠭ᠎ᠠ︾ ︽ᠨᠦᠩ ᠶᠤᠸᠠᠨ ᠳ᠋ᠤᠤ ᠲᠤᠳᠤᠷᠭ᠎ᠠ︾ ︽ᠲᠢᠶᠠᠨ ᠵᠢᠶᠤᠤ ᠹᠦ᠋︾ ᠵᠡᠷᠭᠡ ᠳᠦᠷᠦᠯ ᠳᠡᠮᠳᠡᠭᠳᠤ ᠳᠤᠳᠤᠷᠭ᠎ᠠ ᠶᠢ ᠤᠯᠠᠭᠠᠨᠬᠤᠳᠠ ᠶᠢᠨ ︽ᠰᠢᠶᠤᠤ ᠵᠢᠩ ᠲᠦᠯᠤᠪᠯᠡᠭᠡ︾ ᠶᠢᠨ ᠳᠠᠷᠢᠶᠠᠯᠠᠩ ᠤᠨ ᠪᠦᠳᠦᠭᠡᠭᠳᠡᠭᠦᠨ ᠤ ᠲᠤᠰᠬᠠᠢ ᠪᠠᠷᠠᠭᠠᠨ ᠤ ᠲᠡᠯᠪᠢᠭᠤᠷ ᠲᠤ ᠦᠷᠥᠵᠤ᠂ ᠬᠤᠳᠠ ᠶᠢᠨ ᠠᠷᠠᠳ ᠤᠨ ᠠᠩᠬᠠᠷᠤᠯ ᠢ ᠲᠠᠳᠠᠨ᠎ᠠ᠃    ︽ᠡᠯ᠎ᠠ ᠴᠢᠯᠤᠭᠡᠳᠤ ᠲᠡᠯᠭᠡᠬᠦᠷ ᠲᠤ ᠮᠠᠨ ᠤ ᠪᠦᠳᠤᠭᠡᠭᠳᠡᠬᠦᠨ ᠢᠶᠠᠨ ᠤᠷᠤᠭᠤᠯᠤᠭᠰᠠᠨ ᠨᠢ ᠪᠤᠷᠤᠯᠠᠭᠤᠯᠬᠤ ᠪᠠ ᠨᠡᠷᠡᠳᠤ ᠳᠡᠮᠳᠡᠭ ᠢᠶᠠᠨ ᠲᠡᠯᠭᠡᠷᠡᠬᠦᠯᠬᠦ ᠳᠤ ᠤᠯᠠᠨ ᠠᠰᠢᠭ ᠲᠠᠢ᠃ ᠬᠤᠵᠢᠮ ᠪᠢᠳᠠ ᠲᠤᠳᠤᠷᠭ᠎ᠠ ᠶᠢᠨ ᠶᠠᠰᠤ ᠴᠢᠨᠠᠷ ᠢᠶᠠᠨ ᠲᠡᠭᠡᠭᠰᠢᠯᠡᠬᠦᠯᠵᠤ᠂ ᠦᠷᠭᠡᠨ ᠤᠯᠠᠨ ᠬᠡᠷᠡᠭᠯᠡᠭᠴᠢᠳ ᠲᠤ ᠰᠢᠯᠢᠳᠡᠭ ᠴᠢᠨᠠᠷ ᠤᠨ ᠲᠤᠳᠤᠷᠭ᠎ᠠ ᠬᠠᠩᠭᠠᠨ᠎ᠠ︾ ᠭᠡᠵᠤ ᠤᠯᠠᠭᠠᠨᠬᠤᠳᠠ ᠶᠢᠨ ︽ᠰᠢᠶᠤᠤ ᠵᠢᠩ ᠮᠠᠶ᠋ᠢᠭ︾ ᠤᠨ ᠬᠦᠳᠡᠭᠡ ᠲᠤᠰᠬᠤᠨ ᠤ ᠠᠵᠤ ᠦᠢᠯᠡᠰ ᠤᠨ ᠬᠦᠭᠵᠢᠯᠳᠠ ᠶᠢᠨ ᠲᠠᠭᠠᠭᠤᠯᠤᠭᠴᠢ ᠶᠠᠩ ᠮᠢᠩ ᠡᠣ ᠶᠠᠷᠢᠨ᠎ᠠ᠃ᠬᠢᠩᠭᠠᠨ ᠠᠶᠢᠮᠠᠭ ᠤᠨ ᠸᠠᠨ ᠳ᠋ᠠ ᠲᠠᠯᠠᠪᠠᠢ ᠳᠤ ᠤᠯᠠᠭᠠᠨᠬᠤᠳᠠ ᠶᠢᠨ ︽ᠰᠢᠶᠤᠤ ᠵᠢᠩ ᠲᠦᠯᠤᠪᠯᠡᠭᠡ︾ ᠶᠢᠨ ᠲᠤᠭᠤᠰ ᠤᠨ ᠦᠳᠤ ᠶᠢᠨ ᠭᠠᠷ ᠤᠷᠠᠯᠠᠯ ᠤᠨ ᠲᠡᠯᠭᠡᠨ ᠪᠤᠷᠤᠯᠠᠭᠤᠯᠬᠤ ᠭᠠᠵᠠᠷ ᠲᠤ ᠲᠤᠭᠤᠰ ᠤᠨ ᠦᠳᠤ ᠶᠢᠨ ᠭᠠᠷ ᠤᠷᠠᠯᠠᠯ ᠤᠨ ᠪᠦᠳᠤᠭᠡᠭᠳᠡᠬᠦᠨ ᠨᠢ ᠬᠤᠳᠠ ᠶᠢᠨ ᠠᠷᠠᠳ ᠤᠨ ᠬᠦᠷᠢᠶᠡᠯᠡᠯ ᠢ ᠤᠯᠤᠨ᠎ᠠ᠃ ᠤᠶᠢᠯᠠᠭᠠᠭᠰᠠᠨ ᠢᠶᠠᠷ᠂ ᠳᠤᠰ ᠳᠡᠯᠭᠡᠨ ᠪᠤᠷᠤᠯᠠᠭᠤᠯᠬᠤ ᠭᠠᠵᠠᠷ ᠢ ᠨᠡᠭᠡᠭᠡᠭᠰᠡᠨ ᠠᠴᠠ ᠳᠤᠭᠤᠰ ᠤᠨ ᠦᠳᠤ ᠶᠢᠨ ᠡᠯ᠎ᠡ ᠵᠦᠢᠯ ᠤᠨ ᠪᠦᠳᠦᠭᠡᠭᠳᠡᠭᠦᠨ ᠨᠢ ᠪᠤᠷᠤᠯᠠᠭᠤᠯᠭ᠎ᠠ ᠰᠠᠶᠢᠳᠠᠢ ᠪᠠᠶᠢᠵᠤ᠂ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠪᠤᠯᠪᠠ᠃    ︽ᠰᠢᠶᠤᠤ ᠵᠢᠩ ᠲᠦᠯᠤᠪᠯᠡᠭᠡ︾ ᠶᠢᠨ ᠳᠠᠷᠢᠶᠠᠯᠠᠩ ᠤᠨ ᠪᠦᠳᠦᠭᠡᠭᠳᠡᠭᠦᠨ ᠢ ᠲᠤᠮᠤ ᠬᠡᠯᠪᠡᠷᠢ ᠶᠢᠨ ᠴᠢᠯᠦᠬᠡᠳᠤ ᠲᠡᠯᠭᠡᠬᠦᠷ ᠢᠶᠠᠷ ᠪᠤᠷᠤᠯᠠᠭᠤᠯᠤᠭᠰᠠᠨ ᠨᠢ ᠪᠤᠷᠤᠯᠠᠭᠤᠯᠭ᠎ᠠ ᠶᠢᠨ ᠵᠠᠮ ᠢ ᠦᠷᠭᠡᠳᠭᠡᠨ᠂ ᠨᠡᠷᠡᠳᠤ ᠲᠡᠮᠳᠡᠭ ᠢᠶᠠᠨ ᠲᠡᠯᠭᠡᠷᠡᠬᠦᠯᠵᠤ᠂ ᠤᠷᠤᠨ ᠨᠤᠳᠤᠭ ᠤᠨ ᠴᠢᠳᠠᠪᠤᠷᠢᠳᠠᠨ ᠤ ᠰᠢᠨ᠎ᠠ ᠶᠢ ᠡᠬᠦᠳᠴᠤ ᠦᠢᠯᠡᠰ ᠪᠤᠰᠬᠠᠬᠤ ᠢᠳᠡᠪᠬᠢᠵᠢᠯ ᠢ ᠤᠷᠮᠠᠰᠢᠭᠤᠯᠤᠨ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠳᠤ ᠬᠦᠴᠤᠯᠡᠭᠰᠡᠨ ᠤ ᠬᠠᠮᠳᠤ ︽ᠰᠢᠶᠤᠤ ᠵᠢᠩ ᠲᠦᠯᠤᠪᠯᠡᠭᠡ︾ ᠶᠢᠨ ᠲᠠᠶᠢᠴᠢᠯᠠᠬᠤ ᠬᠦᠴᠤᠨ ᠪᠠ ᠨᠦᠯᠤᠭᠡᠯᠡᠬᠦ ᠬᠦᠴᠤᠨ ᠢ ᠲᠡᠭᠡᠭᠰᠢᠯᠡᠬᠦᠯᠵᠤ ᠴᠢᠳᠠᠵᠠᠢ᠃ ︵ᠴᠠᠶᠢᠯᠭᠠᠨ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号