ᠬᠢᠩᠭᠠᠨ ᠠᠶᠢᠮᠠᠭ ᠤᠨ ᠵᠠᠬᠢᠷᠭ᠎ᠠ ᠪᠣᠯᠤᠨ ᠪᠡᠭᠡᠵᠢᠩ ᠤᠨ ᠵᠦᠩ ᡁᠢ ᠬᠤᠪᠢ ᠪᠠᠷ ᠢᠶᠠᠨ ᠴᠤᠭᠯᠠᠭᠤᠯᠬᠤ ᠰᠠᠭᠤᠷᠢ ᠮᠥᠩᠭᠦᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/5/30
   5 ᠰᠠᠷ᠎ᠠ ᠶᠢᠨ 24 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠪᠣᠯᠤᠨ ᠪᠡᠭᠡᠵᠢᠩ ᠤᠨ ᠵᠥᠩ ᡁᠢ ᠬᠤᠪᠢ ᠪᠠᠷ ᠢᠶᠠᠨ ᠴᠤᠭᠯᠠᠭᠤᠯᠬᠤ ᠰᠠᠭᠤᠷᠢ ᠮᠥᠩᠭᠦᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠠᠷᠢᠯᠴᠠᠬᠤ ᠬᠤᠷᠠᠯ ᠬᠢᠵᠦ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ  ᠰᠦᠬᠡ ᠬᠤᠷᠠᠯ ᠡᠷᠭᠢᠯᠡᠪᠡ᠃    ᠰᠦᠬᠡ ᠪᠡᠭᠡᠵᠢᠩ ᠤᠨ ᠵᠦᠩ ᡁᠢ ᠶᠢᠨ ᠬᠤᠪᠢ ᠪᠠᠷ ᠢᠶᠠᠨ ᠴᠤᠭᠯᠠᠭᠤᠯᠬᠤ ᠰᠠᠭᠤᠷᠢ ᠮᠥᠩᠭᠦᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠤᠤ ᠼᠦᠩ ᠼᠦᠩ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠢᠩᠭᠠᠨ ᠠᠶᠢᠮᠠᠭ ᠤᠨ ᠬᠢᠨ ᠣᠲᠣ ᠦᠶ᠎ᠡ ᠶᠢᠨ ᠪᠣᠬᠢᠷᠲᠤᠯ ᠥᠬᠡᠶ ᠲᠠᠷᠢᠶᠠᠯᠠᠩ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ  ᠦᠢᠯᠡᠳᠪᠦᠷᠢ᠂ ᠠᠮᠢ ᠠᠬᠤᠶ ᠶᠢᠨ ᠰᠣᠶᠣᠯ ᠵᠢᠭᠤᠯᠴᠢᠯᠠᠯ ᠤᠨ  ᠦᠢᠯᠡᠰ᠂ ᠤᠨᠴᠠᠯᠢᠬᠳᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ  ᠭᠦᠢᠯᠭᠡᠭᠡᠨ ᠤ  ᠦᠢᠯᠡᠰ ᠵᠡᠷᠭᠡ ᠳᠥᠷᠪᠡᠨ ᠶᠡᠭᠡ ᠠᠵᠤ ᠦᠢᠯᠡᠰ ᠤᠨ ᠬᠡᠰᠡᠭ ᠢ ᠬᠦᠴᠦᠯᠡᠨ ᠴᠣᠭᠴᠠᠯᠠᠵᠤ᠂ ᠷᠠᠰᠢᠶᠠᠨ ᠬᠤᠲᠠ ᠶᠢᠨ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠪᠠ ᠤᠯᠤᠰ ᠤᠨ ᠲᠠᠰ ᠤᠨ ᠣᠲᠣ ᠦᠶ᠎ᠡ ᠶᠢᠨ ᠮᠠᠯ ᠠᠵᠤ ᠠᠬᠤᠶ ᠶᠢᠨ ᠲᠤᠷᠰᠢᠯᠲᠠ ᠶᠢᠨ ᠣᠷᠣᠨ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠵᠥᠩ ᡁᠢ ᠬᠤᠪᠢ ᠪᠠᠷ ᠢᠶᠠᠨ ᠴᠤᠭᠯᠠᠭᠤᠯᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠪᠠᠯᠠ ᠣᠷᠣᠭᠤᠯᠤᠯᠲᠠ ᠶᠢᠨ ᠬᠦᠷᠢᠶ᠎ᠡ ᠴᠠᠷᠠᠭ᠎ᠠ ᠨᠢ ᠬᠢᠩᠭᠠᠨ ᠠᠶᠢᠮᠠᠭ ᠤᠨ ᠳᠠᠪᠠᠭᠤᠯᠢᠭ ᠣᠨᠴᠠᠯᠢᠭ ᠵᠢᠴᠢ ᠬᠥᠭᠵᠢᠯᠲᠡ ᠶᠢᠨ ᠴᠢᠭᠯᠡᠯ ᠯᠦᠭᠡ ᠳᠡᠭᠡᠳᠦ ᠬᠡᠮᠵᠢᠶ᠎ᠡ ᠪᠠᠷ ᠲᠣᠬᠢᠷᠠᠯᠴᠠᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠣᠷᠣᠨ ᠵᠠᠶ ᠯᠤᠲᠤ ᠶᠡᠭᠡ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠤᠷᠳᠤ ᠬᠤᠭᠤᠴᠠᠭᠠᠨ ᠤ ᠲᠣᠭᠲᠠᠭᠤᠨ ᠤᠯᠤᠯᠴᠠᠭ᠎ᠠ ᠵᠣᠯᠭᠠᠯᠴᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠠᠮᠲᠤᠷᠠᠯᠴᠠᠭ᠎ᠠ ᠪᠠᠨ ᠨᠡᠩ ᠶᠡᠭᠡ  ᠬᠡᠪᠴᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠲᠡᠰᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠵᠤᠤ ᠼᠦᠩ ᠼᠦᠩ ᠪᠡᠭᠡᠵᠢᠩ ᠤᠨ ᠵᠦᠩ ᡁᠢ ᠶᠢᠨ ᠬᠤᠪᠢ ᠪᠠᠷ ᠢᠶᠠᠨ ᠴᠤᠭᠯᠠᠭᠤᠯᠤᠭᠰᠠᠨ ᠰᠠᠭᠤᠷᠢ ᠮᠥᠩᠭᠦ ᠶᠢᠨ ᠦᠨᠳᠦᠰᠦᠨ ᠪᠠᠶᠢᠳᠠᠯ ᠵᠢᠴᠢ ᠪᠡᠯᠡ ᠣᠷᠣᠭᠤᠯᠤᠯᠲᠠ ᠶᠢᠨ ᠴᠢᠭᠯᠡᠯ ᠢ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠬᠢᠩᠭᠠᠨ ᠠᠶᠢᠮᠠᠭ ᠤᠨ ᠠᠵᠤ  ᠦᠢᠯᠡᠰ ᠤᠨ ᠰᠠᠭᠤᠷᠢ ᠰᠠᠶᠢᠨ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠵᠤ᠂ ᠬᠢᠩᠭᠠᠨ ᠠᠶᠢᠮᠠᠭ ᠲᠤ ᠪᠠᠯᠠ ᠣᠷᠣᠭᠤᠯᠬᠤ ᠳᠤ ᠢᠲᠡᠭᠡᠯ ᠳᠦᠭᠦᠷᠡᠩ ᠪᠠᠶᠢᠨ᠎ᠠ᠂ ᠨᠡᠪᠲᠡᠷᠡᠯᠴᠡᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠩ ᠣᠯᠠᠨ ᠭᠦᠨ ᠲᠠᠰ ᠳᠠᠪᠬᠤᠷᠭ᠎ᠠ ᠶᠢᠨ ᠪᠣᠳᠠᠲᠤ ᠴᠢᠨᠠᠷ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠬᠦ ᠶᠢ ᠬᠦᠰᠡᠵᠦ ᠪᠠᠶᠢᠨ᠎ᠠ ᠭᠡᠵᠡᠶ᠃    ᠠᠶᠢᠮᠠᠭ ᠤᠨ ᠤᠳᠤᠷᠢᠳᠤᠯᠭ᠎ᠠ ᠴᠢᠦᠶ ᠵᠧᠨ ᠨᠢᠶᠠᠨ ᠬᠤᠷᠠᠯ ᠳᠤ ᠣᠷᠣᠯᠴᠠᠵᠠᠶ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号