ᠬᠢᠩᠭᠠᠨ ᠠᠶᠢᠮᠠᠭ ᠤᠨ ᠵᠠᠬᠢᠷᠭ᠎ᠠ ᠶᠢᠨ ︽2023 ᠣᠨ ᠤ ᠬᠢᠩᠭᠠᠨ ᠠᠶᠢᠮᠠᠭ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ  ︿ᠳᠥᠷᠪᠡᠨ ᠶᠡᠭᠡ ᠠᠵᠢᠯᠯᠠᠭ᠎ᠠ ﹀ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/5/30
            ᠬᠢᠩᠭᠠᠨ ᠵᠠᠬᠢᠷᠭ᠎ᠠ ᠲᠠᠷᠬᠠᠭᠠᠭᠰᠠᠨ 〔 2023 〕 34  ᠳ᠋ᠦ᠋ᠭᠡᠷ ᠲᠣᠭᠠᠲᠤᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄         ︽2023 ᠣᠨ ᠤ ᠬᠢᠩᠭᠠᠨ ᠠᠶᠢᠮᠠᠭ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ  ︿ᠳᠥᠷᠪᠡᠨ ᠶᠡᠭᠡ ᠠᠵᠢᠯᠯᠠᠭ᠎ᠠ  ﹀ ᠶᠢᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ  ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃                                                   2023 ᠣᠨ ᠤ 3 ᠰᠠᠷ᠎ᠠ ᠶᠢᠨ 27                                                     ︵ᠲᠣᠰ ᠮᠠᠲ᠋ᠧᠷᠢᠶᠠᠯ ᠢ ᠢᠯᠡ  ᠨᠡᠶᠢᠲᠡᠯᠡᠨ᠎ᠡ︶          2023 ᠣᠨ ᠳᠤ ᠬᠢᠩᠭᠠᠨ ᠠᠶᠢᠮᠠᠭ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ    ︽ᠲᠦᠷᠪᠡᠨ ᠶᠡᠭᠡ ᠠᠵᠢᠯᠯᠠᠭ᠎ᠠ︾ ᠶᠢ ᠬᠡᠷᠡᠭᠵᠢᠭᠦᠯᠬᠦ ᠲᠥᠰᠦᠯ    ᠠᠶᠢᠮᠠᠭ ᠤᠨ ᠨᠠᠮ ᠤᠨ ᠬᠤᠷᠢᠶᠠᠨ ᠤ ᠥᠷᠭᠡᠳᠬᠡᠭᠰᠡᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠠᠮ ᠨᠢᠭᠡ ᠠᠯᠬᠤᠮ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢ ᠲᠠᠰᠤᠷᠠᠯᠲᠠ ᠦᠭᠡᠶ ᠳᠡᠭᠡᠭᠰᠢᠯᠡᠭᠦᠯᠵᠦ᠂ ᠠᠶᠢᠮᠠᠭ ᠤᠨ ᠵᠠᠬᠢᠷᠭ᠎ᠠ ᠶᠢᠨ ᠰᠤᠳᠤᠯᠤᠯᠲᠠ ᠪᠠᠷ ᠳᠡᠮᠵᠢᠨ᠂ ᠪᠥᠬᠦ ᠠᠶᠢᠮᠠᠭ ᠲᠤ ᠠᠵᠢᠯ ᠤᠯᠬᠤ ᠬᠦᠰᠡᠯ ᠲᠠᠢ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠤᠨ ᠪᠥᠬᠦ ᠲᠠᠯ᠎ᠠ ᠪᠠᠷ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ᠂ ᠬᠤᠲᠠ ᠪᠠᠯᠭᠠᠰᠤᠨ ᠤ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠳᠤ  ᠭᠦᠢᠴᠡᠳ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ᠂ ᠬᠤᠲᠠ ᠪᠠᠯᠭᠠᠰᠤᠨ ᠤ ᠰᠤᠷᠤᠯᠴᠠᠬᠤ ᠬᠦᠰᠡᠯ ᠲᠠᠢ ᠰᠠᠭᠤᠭᠠᠯᠢ ᠠᠷᠠᠳ ᠲᠤ ᠰᠦᠢᠳᠭᠡᠯ ᠬᠤᠷᠢᠶᠠᠬᠤ ᠥᠬᠡᠶ ᠪᠠᠷ ᠪᠣᠯᠪᠠᠰᠤᠷᠠᠭᠤᠯᠤᠯ ᠬᠢᠵᠦ ᠤᠷ᠎ᠠ ᠴᠢᠳᠠᠪᠤᠷᠢ ᠪᠠᠨ ᠳᠡᠭᠡᠭᠰᠢᠯᠡᠭᠦᠯᠵᠦ ᠣᠷᠣᠯᠭ᠎ᠠ ᠪᠠᠨ ᠨᠡᠮᠡᠭᠳᠡᠭᠦᠯᠬᠦ᠂ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠭᠰᠠᠨ ᠬᠤᠲᠠ ᠪᠠᠯᠭᠠᠰᠤᠨ ᠤ ᠪᠣᠳᠠᠲᠠᠶ ᠬᠦᠴᠢᠷᠳᠡᠯ ᠲᠠᠢ ᠬᠠᠮᠲᠤᠯᠢᠭ ᠲᠤ ᠵᠠᠰᠠᠭ ᠤᠨ ᠣᠷᠳᠣᠨ ᠤ ᠦᠨᠳᠦᠰᠦᠨ  ᠵᠦᠢᠯ ᠢ ᠪᠠᠲᠤᠯᠠᠬᠤ ᠨᠥᠬᠦᠪᠥᠷᠢ ︵ᠪᠠᠲᠤᠯᠠᠭ᠎ᠠ︶ ᠶᠢᠨ ᠣᠷᠣᠯᠭ᠎ᠠ ᠪᠠᠨ ᠨᠡᠮᠡᠭᠳᠡᠭᠦᠯᠬᠦ ︽ᠳᠥᠷᠪᠡᠨ ᠶᠡᠭᠡ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠲᠣᠭᠲᠠᠪᠠ᠃ ᠡᠳᠦᠭᠡ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠠᠵᠢᠯ ᠤᠨ ᠲᠥᠰᠦᠯ ᠢ ᠲᠣᠭᠲᠠᠭᠠᠪᠠ᠃    ᠨᠢᠭᠡ᠂ ᠶᠡᠷᠦᠩᠬᠡᠶ ᠱᠠᠭᠠᠷᠳᠠᠯᠭ᠎ᠠ    ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ  ᠳᠤ ᠰᠢᠨᠵᠢᠯᠡᠨ ᠪᠠᠶᠢᠴᠠᠭᠠᠬᠤ ᠦᠶ᠎ᠡ  ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠤᠨᠤᠯᠵᠢᠬᠤᠨ  ᠢ ᠪᠠᠲᠤ ᠪᠠᠬᠢ ᠪᠤᠢ ᠪᠣᠯᠭᠠᠬᠤ ᠪᠠ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠭᠤᠣᠯᠳᠠᠯᠭ᠎ᠠ ᠪᠣᠯᠭᠠᠨ᠂ ᠠᠵᠢᠯ ᠣᠯᠭᠤᠵᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠨ ᠢᠶᠠᠷ ᠨᠡᠭᠡᠭᠡᠵᠦ᠂ ᠦᠨᠳᠦᠰᠦᠨ ᠵᠦᠢᠯ  ᠢ ᠪᠠᠲᠤᠯᠠᠬᠤ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠦᠨ᠂ ᠠᠵᠤ ᠠᠬᠤᠶ ᠶᠢᠨ ᠨᠡᠮᠡᠭᠳᠡᠯ ᠬᠢᠭᠡᠳ ᠠᠷᠠᠳ  ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢᠨ ᠬᠠᠷᠢᠯᠴᠠᠨ ᠠᠬᠢᠭᠤᠯᠵᠤ ᠬᠠᠷᠢᠯᠴᠠᠨ ᠲᠠᠪᠰᠢᠬᠤ ᠶᠢ ᠲᠥᠯᠬᠢᠨ ᠠᠬᠢᠭᠤᠯᠤᠨ᠎ᠠ᠃    ᠬᠤᠶᠠᠷ᠂ ᠭᠤᠣᠯ ᠬᠠᠷᠠᠯᠲᠠ    2023 ᠣᠨ ᠳᠤ᠂ ᠪᠦᠬᠦ ᠠᠶᠢᠮᠠᠭ ᠤᠨ ᠬᠤᠲᠠ ᠪᠠᠯᠭᠠᠰᠤᠨ ᠤ 7000 ᠬᠥᠮᠦᠨ ᠳᠤ ᠰᠢᠨ᠎ᠡ ᠪᠠᠷ ᠠᠵᠢᠯ ᠣᠯᠭᠤᠵᠤ᠂  ᠬᠤᠲᠠ ᠪᠠᠯᠭᠠᠰᠤᠨ ᠤ ᠠᠵᠢᠯ ᠠᠯᠳᠠᠭᠰᠠᠨ 3000 ᠬᠥᠮᠦᠨ ᠳᠤ ᠳᠠᠬᠢᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 3000 ᠬᠥᠮᠦᠨ ᠳᠤ ᠠᠵᠢᠯ ᠣᠯᠭᠤᠵᠤ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠤᠯᠬᠤ ᠶᠢ ᠪᠡᠶᠡᠯᠡᠭᠦᠯᠦᠭᠰᠡᠨ ᠪᠤᠶᠤ ᠠᠵᠢᠯ ᠤᠯᠬᠤ ᠴᠢᠭᠯᠡᠯ ᠢ ᠨᠠᠶᠢᠳᠠᠪᠤᠷᠢᠵᠢᠭᠤᠯᠤᠭᠰᠠᠨ 4500 ᠬᠥᠮᠦᠨ ᠳᠤ ᠬᠦᠷᠴᠦ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠤᠭᠰᠠᠨ ᠨᠤᠷᠮ᠎ᠠ 90% ᠠᠴᠠ ᠳᠡᠭᠡᠭᠰᠢ ᠳᠤ ᠬᠦᠷᠴᠦ᠂ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠤᠭᠰᠠᠨ ᠨᠤᠷᠮ᠎ᠠ 96% ᠠᠴᠠ ᠳᠡᠭᠡᠭᠰᠢ ᠳᠤ ᠬᠦᠷᠴᠦ᠂ ᠵᠠᠰᠠᠭ ᠤᠨ ᠣᠷᠳᠣᠨ ᠤ ᠨᠥᠬᠦᠪᠥᠷᠢ ᠶᠢᠨ ᠴᠢᠨᠠᠷᠲᠠᠶ ᠬᠤᠳᠠ ᠪᠠᠯᠭᠠᠰᠤᠨ ᠤ ᠠᠵᠢᠯ ᠤᠯᠬᠤ ᠤᠷ᠎ᠠ ᠴᠢᠳᠠᠪᠤᠷᠢ ᠶᠢᠨ ᠪᠣᠯᠪᠠᠰᠤᠷᠠᠯ 2800 ᠬᠥᠮᠦᠨ ᠳᠤ ᠬᠦᠷᠴᠦ᠂ ᠨᠢᠭᠡ ᠴᠦ ᠠᠵᠢᠯ ᠣᠯᠤᠭᠰᠠᠨ ᠦᠭᠡᠢ ᠭᠡᠷ ᠪᠦᠯᠢ ᠶᠢ ᠬᠥᠳᠡᠯᠦᠩᠭᠦᠶ ᠪᠠᠷ ᠴᠡᠪᠡᠷᠯᠡᠵᠦ᠂ ᠬᠤᠳᠠ ᠪᠠᠯᠭᠠᠰᠤᠨ ᠤ ᠬᠡᠷᠡᠭ ᠳᠡᠭᠡᠷ᠎ᠡ ᠪᠠᠨ ᠬᠦᠴᠢᠷᠳᠡᠯ ᠲᠠᠢ ᠬᠥᠮᠦᠰ ᠤᠨ ᠲᠦᠷ ᠴᠠᠭ ᠤᠨ ᠠᠪᠤᠷᠠᠨ ᠲᠤᠰᠠᠯᠠᠯᠲᠠ ᠶᠢ ᠬᠥᠳᠡᠯᠦᠩᠭᠦᠶ ᠪᠠᠷ ᠴᠡᠪᠡᠷᠯᠡᠪᠡ᠃    ᠭᠤᠷᠪᠠ᠂ ᠠᠵᠢᠯ ᠤᠨ ᠠᠷᠭ᠎ᠠ ᠬᠡᠮᠵᠢᠶ᠎ᠡ    ︵ᠨᠢᠭᠡ︶ ᠠᠵᠢᠯ ᠤᠯᠬᠤ ᠬᠦᠰᠡᠯ ᠲᠠᠢ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠲᠤ ᠪᠦᠬᠦ ᠲᠠᠯ᠎ᠠ ᠪᠠᠷ ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ    1. ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢᠨ ᠰᠢᠩᠭᠡᠭᠡᠨ ᠠᠪᠬᠤ  ᠦᠢᠯᠡᠳᠦᠯ ᠢ  ᠭᠦᠢᠴᠡᠳ ᠪᠠᠳᠠᠷᠠᠭᠤᠯᠤᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢᠨ ᠡᠯᠰᠡᠨ ᠬᠡᠷᠡᠭᠯᠡᠬᠦ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ 2023 ᠣᠨ ᠤ ᠪᠥᠬᠦ ᠠᠶᠢᠮᠠᠭ ᠤᠨ ᠠᠯᠪᠠᠲᠠᠨ ᠰᠢᠯᠭᠠᠵᠤ ᠡᠯᠰᠡᠨ ᠬᠡᠷᠡᠭᠯᠡᠬᠦ᠂ ᠲᠣᠰ ᠬᠤᠭᠤᠴᠠᠭᠠᠨ ᠤ ᠰᠢᠯᠢᠳᠡᠭ ᠶᠡᠭᠡ ᠰᠤᠷᠭᠠᠭᠤᠯᠢ ᠲᠡᠭᠦᠰᠦᠭᠰᠡᠳ ᠢ ᠰᠣᠩᠭᠤᠨ ᠰᠢᠯᠵᠢᠭᠦᠯᠬᠦ ᠠᠵᠢᠯ ᠢ ᠰᠠᠶᠢᠲᠤᠷ ᠬᠢᠨ᠎ᠠ᠃ ᠠᠮᠢᠳᠤᠯᠢᠭ ᠪᠥᠭᠡᠳ ᠣᠯᠠᠨ ᠶᠠᠩᠵᠤ ᠶᠢᠨ ᠬᠡᠯᠪᠡᠷᠢ ᠶᠢ ᠠᠪᠴᠤ᠂ 2023 ᠣᠨ ᠳᠤ ᠪᠥᠬᠦ ᠠᠶᠢᠮᠠᠭ ᠤᠨ ᠠᠵᠢᠯ  ᠦᠢᠯᠡᠰ ᠤᠨ ᠨᠢᠭᠡᠴᠢ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠢ ᠢᠯᠡ ᠪᠠᠷ ᠤᠷᠢᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ 3000 ᠠᠵᠢᠯ ᠦᠢᠯᠡᠰ ᠤᠨ ᠣᠷᠣᠨ ᠲᠤᠭ᠎ᠠ ᠶᠢ ᠬᠡᠷᠡᠭᠯᠡᠬᠦ ᠪᠠᠷ ᠲᠥᠯᠥᠪᠯᠡᠵᠦ᠂ ᠪᠥᠬᠦ ᠠᠶᠢᠮᠠᠭ ᠤᠨ ᠲᠥᠪᠯᠡᠷᠡᠭᠦᠯᠦᠨ ᠢᠯᠡ ᠪᠠᠷ ᠤᠷᠢᠨ ᠬᠡᠷᠡᠭᠯᠡᠬᠦ ᠶᠢ 2 ᠤᠳᠠᠭ᠎ᠠ ᠠᠴᠠ ᠳᠡᠭᠡᠭᠰᠢ ᠡᠷᠭᠢᠯᠡᠨ᠎ᠡ᠃ ᠦᠨᠳᠦᠰᠦᠨ ᠱᠠᠲᠤᠨ ᠤ ᠠᠵᠢᠯ ᠣᠯᠭᠤᠬᠤ ᠣᠷᠣᠨ ᠵᠠᠶ ᠶᠢ ᠢᠳᠡᠪᠬᠢᠲᠡᠶ ᠥᠷᠭᠡᠳᠬᠡᠵᠦ᠂ ᠦᠨᠳᠦᠰᠦᠨ ᠱᠠᠲᠤᠨ ᠤ ᠨᠠᠰᠤᠵᠢᠯ ᠤᠨ ᠦᠢᠯᠡᠴᠢᠯᠡᠭᠡ᠂ ᠨᠡᠶᠢᠭᠡᠮ ᠤᠨ ᠠᠵᠢᠯ᠂ ᠬᠠᠤᠯᠢ ᠴᠠᠭᠠᠵᠠ ᠶᠢᠨ ᠲᠤᠰᠠᠯᠠᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠵᠡᠷᠭᠡ ᠠᠵᠢᠯ ᠣᠯᠭᠤᠯᠲᠠ ᠶᠢᠨ ᠠᠵᠠ ᠲᠣᠬᠢᠶᠠᠯ ᠢ ᠭᠦᠨᠵᠡᠭᠡᠶ ᠠᠭᠤᠳᠠᠯᠵᠤ᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠪᠠᠷ ᠳᠡᠭᠡᠳᠦ ᠰᠤᠷᠭᠠᠭᠤᠯᠢ ᠲᠡᠭᠦᠰᠦᠭᠰᠡᠳ ᠢ 200 ᠡᠯᠰᠡᠵᠦ᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠪᠠᠷ ᠳᠡᠭᠡᠳᠦ ᠰᠤᠷᠭᠠᠭᠤᠯᠢ ᠲᠡᠭᠦᠰᠦᠭᠰᠡᠳ ᠢ 400 ᠡᠯᠰᠡᠵᠦ᠂ ᠳᠤᠮᠳᠠ ᠵᠢᠵᠢᠭ ᠠᠵᠤ ᠠᠬᠤᠶᠢᠯᠠᠯ ᠤᠨ ᠴᠢᠳᠠᠪᠤᠷᠢᠲᠠᠨ ᠢ ᠨᠥᠭᠡᠴᠡᠯᠡᠬᠦ ᠲᠥᠯᠥᠪᠯᠡᠭᠡ ᠪᠠᠷ ᠳᠡᠭᠡᠳᠦ ᠰᠤᠷᠭᠠᠭᠤᠯᠢ ᠲᠡᠭᠦᠰᠦᠭᠰᠡᠳ ᠢ 200 ᠡᠯᠰᠡᠵᠦ᠂ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠪᠠᠭᠰᠢ ᠶᠢᠨ ᠣᠨᠴᠠᠭᠠᠶ ᠠᠵᠢᠯ ᠤᠨ ᠪᠠᠶᠢᠷᠢ ᠳᠤ 150 ᠬᠥᠮᠦᠨ ᠡᠯᠰᠡᠵᠦ᠂ ᠳᠠᠳᠤᠯᠭ᠎ᠠ ᠶᠢᠨ ᠠᠵᠢᠯ ᠤᠨ ᠪᠠᠶᠢᠷᠢ ᠶᠢ 1000 ᠴᠤᠭᠯᠠᠭᠤᠯᠵᠤ᠂ ᠵᠠᠯᠠᠭᠤᠴᠤᠳ ᠤᠨ ᠳᠠᠳᠤᠯᠭ᠎ᠠ ᠶᠢᠨ 600 ᠬᠥᠮᠦᠨ ᠢ ᠪᠡᠶᠡᠯᠡᠭᠦᠯᠬᠦ ᠪᠠᠷ ᠲᠥᠯᠥᠪᠯᠡᠵᠦ ᠪᠣᠶ᠃ ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ᠂ 16 — 24 ᠨᠠᠰᠤᠨ ᠤ ᠠᠵᠢᠯ ᠠᠯᠳᠠᠭᠰᠠᠨ ᠵᠠᠯᠠᠭᠤᠴᠤᠳ ᠢ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯᠯᠠᠭ᠎ᠠ ᠳᠤ ᠣᠷᠣᠯᠴᠠᠭᠤᠯᠤᠭᠰᠠᠨ ᠳᠠᠳᠤᠯᠭ᠎ᠠ ᠶᠢᠨ  ᠨᠢᠭᠡᠴᠢ ᠳᠤ᠂ ᠨᠥᠬᠦᠴᠡᠯ ᠳᠤ ᠨᠡᠶᠢᠴᠡᠪᠡᠯ ᠨᠢᠭᠡᠳᠦᠭᠡᠷ ᠲᠥᠷᠥᠯ ᠤᠨ ᠭᠠᠵᠠᠷ ᠣᠷᠣᠨ ᠤ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠢᠨ 50% ᠶᠢᠨ ᠠᠵᠢᠯ ᠣᠯᠭᠤᠯᠲᠠ ᠶᠢᠨ ᠳᠠᠳᠤᠯᠭ᠎ᠠ ᠶᠢᠨ ᠨᠥᠬᠦᠪᠥᠷᠢ ᠣᠯᠭᠤᠵᠤ ᠂ ᠳᠠᠳᠤᠯᠭ᠎ᠠ ᠶᠢᠨ ᠬᠤᠭᠤᠴᠠᠭ᠎ᠠ ᠨᠢ ᠳᠦᠭᠦᠷᠦᠭᠡᠳ ᠦᠯᠡᠳᠡᠭᠡᠨ ᠬᠡᠷᠡᠭᠯᠡᠬᠦ ᠨᠣᠷᠮ᠎ᠠ ᠨᠢ 50% ᠠᠴᠠ ᠳᠡᠭᠡᠭᠰᠢ ᠳᠤ ᠬᠦᠷᠦᠭᠰᠡᠨ  ᠨᠢᠭᠡᠴᠢ ᠳᠤ ᠳᠠᠳᠤᠯᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠶᠢ ᠨᠢᠭᠡᠳᠦᠭᠡᠷ ᠲᠥᠷᠥᠯ ᠤᠨ ᠭᠠᠵᠠᠷ ᠣᠷᠣᠨ ᠤ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠶᠢᠨ 60% ᠪᠠᠷ ᠳᠣᠭᠢᠷᠠᠭᠤᠯᠤᠨ᠎ᠠ᠃ ᠤᠶᠤᠲᠠᠳ  ᠤᠨ ᠴᠡᠷᠢᠭ ᠡᠯᠰᠡᠬᠦ ᠠᠵᠢᠯ ᠢ ᠢᠳᠡᠪᠬᠢᠲᠡᠶ ᠪᠠᠷ ᠬᠠᠮᠵᠢᠯᠴᠠᠨ ᠰᠠᠶᠢᠲᠤᠷ ᠬᠢᠵᠦ᠂ ᠤᠶᠤᠲᠠᠳ ᠪᠣᠯᠤᠨ ᠶᠡᠭᠡ ᠰᠤᠷᠭᠠᠭᠤᠯᠢ ᠲᠡᠭᠦᠰᠦᠭᠰᠡᠳ ᠡᠯᠰᠡᠬᠦ ᠠᠵᠢᠯ  ᠢ ᠴᠢᠩᠭᠠᠳᠬᠠᠨ᠂ ᠴᠡᠷᠢᠭ ᠠᠩᠬᠢ ᠶᠢᠨ ᠪᠥᠳᠥᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ  ᠳᠤ ᠵᠣᠬᠢᠴᠠᠭᠤᠯᠤᠨ᠂ ᠮᠡᠷᠭᠡᠵᠢᠯ  ᠤᠨ ᠠᠵᠢᠯᠴᠢᠨ  ᠤ ᠳᠡᠭᠡᠳᠦ ᠰᠤᠷᠭᠠᠭᠤᠯᠢ ᠠᠴᠠ ᠲᠡᠭᠦᠰᠦᠭᠰᠡᠳ  ᠤᠨ ᠨᠡᠷ᠎ᠡ ᠮᠡᠳᠡᠭᠦᠯᠵᠦ ᠡᠯᠰᠡᠭᠳᠡᠬᠦ ᠶᠢ ᠵᠣᠷᠢᠭᠵᠢᠭᠤᠯᠵᠤ᠂ ᠮᠡᠷᠭᠡᠵᠢᠯ  ᠤᠨ ᠠᠵᠢᠯᠴᠢᠨ  ᠤ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠡᠯᠰᠡᠬᠦ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠣᠷᠣᠨ ᠲᠤᠭ᠎ᠠ ᠶᠢᠨ ᠠᠯᠪᠠᠨ ᠬᠡᠷ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶      2. ᠴᠢᠨᠠᠷ ᠰᠠᠶᠢᠲᠠᠶ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠠᠬᠢᠭᠤᠯᠵᠤ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ᠂ ᠠᠵᠢᠯ ᠣᠯᠭᠤᠯᠲᠠ ᠶᠢᠨ ᠠᠵᠢᠯᠲᠠᠨ ᠡᠯᠰᠡᠬᠦ  ᠦᠢᠯᠡᠴᠢᠯᠡᠭᠡ  ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠦᠨᠡᠨ ᠨᠡᠷ᠎ᠡ ᠶᠢᠨ ᠲᠦᠷᠢᠮ ᠤᠨ ︽131︾ ᠠᠵᠢᠯ ᠣᠯᠭᠤᠯᠲᠠ ᠶᠢᠨ ᠦᠢᠯᠡᠴᠢᠯᠡᠭᠡ ᠶᠢ ᠪᠣᠳᠠᠲᠠᠶᠢᠵᠢᠭᠤᠯᠵᠤ᠂ ︽ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠳᠠᠭᠠᠭᠤᠯᠬᠤ︾ ︽ᠬᠤᠭᠤᠰᠣᠨ ᠠᠵᠢᠯ ᠤᠨ ᠪᠠᠶᠢᠷᠢ ᠶᠢ ᠬᠦᠷᠭᠡᠬᠦ︾ ︽ ᠸᠢᠳᠢᠤ᠋ ᠪᠠᠷ ᠨᠢᠭᠤᠷᠲᠠᠨ ᠰᠢᠯᠭᠠᠬᠤ︾ ᠵᠡᠷᠭᠡ ᠪᠦᠲᠦᠮᠵᠢᠲᠡᠶ ᠵᠠᠭᠪᠤᠷ ᠢ ᠳᠡᠯᠭᠡᠷᠡᠭᠦᠯᠦᠨ ᠬᠡᠷᠡᠭᠯᠡᠵᠦ᠂ ᠲᠡᠭᠦᠰᠬᠦ ᠰᠣᠷᠣᠭᠴᠢ ᠪᠠ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠳᠥᠭᠦᠮ ᠳᠥᠲᠡ᠂ ᠨᠠᠷᠢᠯᠢᠭ ᠣᠨᠣᠴᠠᠲᠠᠶ ᠪᠠᠷ ᠵᠣᠯᠭᠠᠭᠤᠯᠬᠤ ᠶᠢ ᠠᠬᠢᠭᠤᠯᠤᠨ᠎ᠠ᠃ ᠠᠳᠠᠯ  ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠢᠩᠭᠠᠨ ᠠᠶᠢᠮᠠᠭ ᠤᠨ ᠤᠶᠤᠲᠠᠳ ᠤᠨ ᠰᠢᠨ᠎ᠡ ᠶᠢ ᠡᠭᠦᠳᠦᠨ ᠠᠳᠠᠯ  ᠦᠢᠯᠡᠰ ᠴᠣᠭᠴᠠᠯᠠᠬᠤ ᠤᠷᠤᠯᠳᠤᠭᠠᠨ ᠢ ᠡᠷᠭᠢᠯᠡᠨ᠂ ᠤᠶᠤᠲᠠᠳ ᠲᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ᠂ ᠵᠥᠪᠯᠡᠯᠭᠡ ᠥᠭᠴᠦ ᠬᠠᠪᠰᠤᠷᠤᠨ ᠵᠢᠯᠣᠭᠤᠳᠬᠤ᠂ ᠦᠷ᠎ᠡ ᠪᠦᠲᠦᠭᠡᠯ ᠢ ᠬᠤᠪᠢᠷᠠᠭᠤᠯᠬᠤ᠂ ᠮᠥᠷᠳᠡᠨ ᠲᠡᠳᠬᠦᠬᠦ ᠵᠡᠷᠭᠡ ︽ᠨᠢᠭᠡ ᠥᠷᠲᠡᠭᠡᠨ ᠤ ᠮᠠᠶ᠋ᠢᠭ︾ ᠤᠨ  ᠦᠢᠯᠡᠴᠢᠯᠡᠭᠡ ᠬᠠᠩᠭᠠᠵᠤ᠂ ᠤᠶᠤᠲᠠᠳ ᠤᠨ ᠠᠳᠠᠯ  ᠦᠢᠯᠡᠰ ᠴᠣᠭᠴᠠᠯᠠᠬᠤ ᠪᠣᠳᠠᠲᠠᠶ ᠪᠣᠯᠪᠠᠰᠤᠷᠠᠭᠤᠯᠤᠯ ᠢ 400 ᠬᠥᠮᠦᠨ ᠳᠤ ᠪᠡᠶᠡᠯᠡᠭᠦᠯᠦᠨ᠎ᠡ︔ ᠨᠥᠬᠦᠴᠡᠯ ᠳᠤ ᠨᠡᠶᠢᠴᠡᠬᠦ ᠳᠡᠭᠡᠳᠦ ᠰᠤᠷᠭᠠᠭᠤᠯᠢ ᠲᠡᠭᠦᠰᠦᠭᠰᠡᠳ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠪᠠᠭᠲᠠᠨ᠎ᠠ︶ ᠶᠢᠨ ᠲᠡᠭᠦᠰᠦᠭᠰᠡᠳ ᠲᠤ 1500 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠠᠵᠢᠯ ᠡᠷᠢᠵᠦ ᠠᠳᠠᠯ  ᠦᠢᠯᠡᠰ ᠴᠣᠭᠴᠠᠯᠠᠬᠤ ᠨᠥᠬᠦᠪᠥᠷᠢ ᠣᠯᠭᠤᠨ᠎ᠠ︔ ᠨᠥᠬᠦᠴᠡᠯ ᠳᠤ ᠨᠡᠶᠢᠴᠡᠬᠦ ᠳᠡᠭᠡᠳᠦ ᠰᠤᠷᠭᠠᠭᠤᠯᠢ ᠲᠡᠭᠦᠰᠦᠭᠰᠡᠳ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠤᠨ ᠬᠤᠪᠢ ᠬᠥᠮᠦᠨ ᠤ ᠠᠳᠠᠯ  ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠪᠠ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠠᠴᠠ ᠬᠡᠲᠦᠷᠡᠬᠦ ᠥᠬᠡᠶ ᠵᠢᠵᠢᠭ ᠪᠢᠴᠢᠯ ᠠᠵᠤ ᠠᠬᠤᠶᠢᠯᠠᠯ ᠤᠨ ᠠᠳᠠᠯ  ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢ ᠭᠤᠶᠤᠴᠢᠯᠠᠵᠤ ᠪᠣᠯᠤᠨ᠎ᠠ︔ ᠠᠩᠬ᠎ᠠ ᠤᠳᠠᠭ᠎ᠠ ᠠᠮᠵᠢᠯᠲᠠ ᠲᠠᠢ ᠪᠠᠷ ᠠᠳᠠᠯ  ᠦᠢᠯᠡᠰ ᠴᠣᠭᠴᠠᠯᠠᠭᠰᠠᠨ ᠰᠤᠷᠭᠠᠭᠤᠯᠢ ᠠᠴᠠ ᠪᠠᠨ ᠰᠠᠯᠤᠭᠠᠳ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ︵ᠰᠤᠷᠭᠠᠭᠤᠯᠢ ᠳᠤ ᠪᠠᠶᠢᠭ᠎ᠠ ᠰᠣᠷᠣᠭᠴᠢ ᠪᠠᠭᠲᠠᠨ᠎ᠠ︶᠂ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠪᠦᠷᠢᠳᠬᠡᠨ ᠳᠠᠩᠰᠠᠯᠠᠭᠤᠯᠤᠭᠠᠳ 1 ᠵᠢᠯ ᠠᠴᠠ ᠳᠡᠭᠡᠭᠰᠢ ᠪᠣᠯᠤᠭᠰᠠᠨ᠂ ᠪᠤᠰᠤᠳ ᠬᠥᠳᠡᠯᠮᠦᠷᠢᠴᠢᠳ ᠢ ᠳᠠᠶᠢᠴᠢᠯᠠᠨ ᠠᠵᠢᠯ ᠣᠯᠭᠤᠭᠰᠠᠨ ᠮᠥᠷᠲᠡᠭᠡᠨ ᠬᠡᠪ ᠤᠨ ᠪᠠᠶᠢᠳᠠᠯ ᠢᠶᠠᠷ ᠮᠡᠳᠡᠭᠦᠯᠵᠦ ᠭᠠᠶᠢᠯᠢ ᠲᠤᠰᠢᠶᠠᠭᠰᠠᠨ ᠪᠠᠶᠢᠪᠠᠯ᠂ ᠨᠥᠬᠦᠴᠡᠯ ᠳᠤ ᠨᠡᠶᠢᠴᠡᠭᠰᠡᠨ ᠪᠠᠶᠢᠪᠠᠯ 5000 ᠲᠥᠭᠦᠷᠢᠭ ᠠᠴᠠ ᠳᠣᠤᠷ᠎ᠠ ᠥᠬᠡᠶ ᠨᠢᠭᠡ ᠤᠳᠠᠭ᠎ᠠ ᠶᠢᠨ ᠴᠢᠨᠠᠷᠲᠠᠶ ᠠᠳᠠᠯ  ᠦᠢᠯᠡᠰ ᠴᠣᠭᠴᠠᠯᠠᠬᠤ ᠨᠥᠬᠦᠪᠥᠷᠢ ᠣᠯᠭᠤᠨ᠎ᠠ︔ ᠲᠡᠭᠦᠰᠦᠭᠡᠳ 5 ᠵᠢᠯ  ᠤᠨ ᠳᠣᠲᠣᠷ᠎ᠠ ᠳᠡᠭᠡᠳᠦ ᠰᠤᠷᠭᠠᠭᠤᠯᠢ ᠲᠡᠭᠦᠰᠦᠭᠰᠡᠳ ᠪᠣᠯᠤᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠡᠭᠦᠳᠦᠨ ᠡᠷᠬᠢᠯᠡᠭᠰᠡᠨ ᠨᠡᠪᠴᠢᠭᠦᠯᠬᠦ ᠠᠵᠤ ᠠᠬᠤᠶᠢᠯᠠᠯ ᠨᠢ ᠶᠡᠷᠦᠩᠬᠡᠶ ᠡᠷᠥᠭᠡ ᠶᠢᠨ ᠲᠤᠭ᠎ᠠ ᠶᠢᠨ 50% ᠵᠢᠴᠢ ᠲᠡᠭᠦᠨ ᠠᠴᠠ ᠳᠡᠭᠡᠭᠰᠢᠬᠢ ᠶᠢ ᠡᠵᠡᠯᠡᠬᠦ ᠠᠳᠠᠯ ᠦᠢᠯᠡᠰ ᠪᠤᠰᠬᠠᠬᠤ ᠬᠦᠷᠢᠶᠡᠯᠡᠩ ︵ᠬᠦᠮᠦᠵᠢᠭᠦᠯᠬᠦ ᠰᠠᠭᠤᠷᠢᠨ ᠭᠠᠵᠠᠷ︶ ᠨᠢ ᠤᠶᠤᠲᠠᠳ ᠤᠨ ᠠᠳᠠᠯ ᠦᠢᠯᠡᠰ ᠪᠤᠰᠬᠠᠬᠤ ᠬᠦᠷᠢᠶᠡᠯᠡᠩ ︵ ᠬᠦᠮᠦᠵᠢᠭᠦᠯᠬᠦ ᠰᠠᠭᠤᠷᠢᠨ ᠭᠠᠵᠠᠷ︶ ᠢ ᠬᠢᠨᠠᠨ ᠦᠨᠡᠯᠡᠵᠦ ᠪᠣᠯᠤᠨ᠎ᠠ᠃ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠠᠮᠳᠠᠭᠤᠯᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠦᠨᠳᠦᠰᠦᠨ ᠱᠠᠲᠤᠨ ᠤ ᠨᠡᠶᠢᠭᠡᠮ ᠤᠨ ᠬᠠᠮᠢᠶᠠᠷᠤᠯᠲᠠ ᠪᠠ ᠣᠯᠠᠨ ᠨᠡᠶᠢᠲᠡ ᠶᠢᠨ  ᠦᠢᠯᠡᠴᠢᠯᠡᠭᠡᠨ ᠤ ᠠᠵᠢᠯ ᠤᠨ ᠪᠠᠶᠢᠷᠢ ᠳᠤ ᠣᠴᠢᠵᠤ ᠠᠵᠢᠯ ᠣᠯᠤᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠲᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ ᠠᠶᠢᠮᠠᠭ ᠤᠨ ᠬᠤᠷᠢᠶ᠎ᠠ᠂ ᠠᠵᠢᠯᠴᠢᠨ ᠤ ᠡᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    3. ᠠᠵᠢᠯ ᠤᠯᠬᠤ ᠳᠤ ᠬᠦᠴᠢᠷᠲᠡᠶ ᠲᠡᠭᠦᠰᠬᠦ ᠰᠤᠷᠤᠭᠴᠢᠳ ᠢ ᠲᠦᠢᠯ ᠤᠨ ᠣᠨᠣᠪᠴᠢᠲᠠᠶ ᠪᠠᠷ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠭᠡᠷ ᠪᠦᠯᠢ᠂ ᠨᠢᠭᠡ ᠴᠦ ᠠᠵᠢᠯ ᠣᠯᠤᠭᠠᠳᠤᠶ ᠭᠡᠷ ᠪᠦᠯᠢ ᠵᠢᠴᠢ ᠵᠡᠮᠳᠡᠭ᠂ ᠨᠡᠯᠢᠶᠡᠳ ᠤᠷᠲᠤ ᠬᠤᠭᠤᠴᠠᠭ᠎ᠠ ᠪᠠᠷ ᠠᠵᠢᠯ ᠣᠯᠤᠭᠠᠳᠤᠶ ᠵᠡᠷᠭᠡ ᠣᠨᠴᠠ ᠬᠦᠴᠢᠷᠳᠡᠯ ᠲᠠᠢ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠲᠤ ᠬᠠᠪᠰᠤᠷᠤᠨ ᠲᠡᠳᠬᠦᠬᠦ ᠡᠬᠡ ᠲᠠᠩᠰᠠ ᠪᠠᠶᠢᠭᠤᠯᠵᠤ᠂ ︽ᠨᠢᠭᠡ ᠬᠥᠮᠦᠨ ᠳᠤ ᠨᠢᠭᠡ ᠪᠣᠳᠣᠯᠭ᠎ᠠ ᠬᠡᠷᠡᠭᠵᠢᠭᠦᠯᠬᠦ︾ ᠬᠠᠪᠰᠤᠷᠤᠨ ᠲᠡᠳᠬᠦᠬᠦ ᠲᠥᠯᠥᠪᠯᠡᠭᠡ ᠶᠢ ᠲᠣᠭᠲᠠᠭᠠᠨ ᠨᠠᠶᠢᠳᠠᠪᠤᠷᠢᠵᠢᠭᠤᠯᠵᠤ᠂ ᠲᠤᠰᠬᠠᠶᠢᠵᠢᠭᠰᠠᠨ ᠠᠵᠢᠯ ᠮᠡᠷᠭᠡᠵᠢᠯ ᠤᠨ ᠵᠢᠯᠣᠭᠤᠳᠣᠯᠭ᠎ᠠ ᠶᠢᠨ  ᠦᠢᠯᠡᠴᠢᠯᠡᠭᠡ ᠶᠢ ᠴᠠᠭ ᠲᠤᠬᠠᠶ ᠳᠤᠨᠢ ᠬᠠᠩᠭᠠᠵᠤ᠂ ᠠᠵᠢᠯ ᠤᠨ ᠪᠠᠶᠢᠷᠢ ᠶᠢ ᠤᠷᠢᠳᠠᠪᠠᠷ ᠪᠠᠲᠤᠯᠠᠨ ᠲᠠᠨᠢᠯᠴᠠᠭᠤᠯᠵᠤ᠂ ᠲᠥᠷᠥ ᠶᠢᠨ ᠪᠣᠳᠣᠯᠭ᠎ᠠ ᠶᠢ ᠤᠷᠢᠳᠠᠪᠠᠷ ᠨᠠᠶᠢᠳᠠᠪᠤᠷᠢᠵᠢᠭᠤᠯᠤᠨ᠂ ᠪᠣᠯᠪᠠᠰᠤᠷᠠᠭᠤᠯᠤᠯ ᠳᠤ ᠳᠠᠭᠠᠵᠤ ᠰᠤᠷᠬᠤ ᠶᠢ ᠤᠷᠢᠳᠠᠪᠠᠷ ᠵᠣᠬᠢᠶᠠᠨ ᠪᠠᠶᠢᠭᠤᠯᠵᠤ᠂ ᠠᠯᠢ ᠲᠦᠷᠭᠡᠨ ᠢᠶᠠᠷ ᠠᠵᠢᠯ ᠣᠯᠵᠤ ᠠᠳᠠᠯ  ᠦᠢᠯᠡᠰ ᠴᠣᠭᠴᠠᠯᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠲᠤ ᠠᠵᠢᠯ ᠤᠯᠬᠤ ᠳᠤ ᠦᠨᠡᠬᠡᠷ ᠬᠦᠴᠢᠷᠲᠡᠶ ᠪᠠᠶᠢᠪᠠᠯ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠬᠠᠩᠭᠠᠵᠤ ᠠᠵᠢᠯ ᠣᠯᠭᠤᠯᠲᠠ ᠶᠢ ᠲᠤᠰᠠᠯᠠᠨ᠎ᠠ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶   4. ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠡᠷᠬᠡ ᠠᠰᠢᠭ  ᠢ ᠦᠨᠡᠨᠬᠦ ᠬᠠᠮᠠᠭᠠᠯᠠᠨ᠎ᠠ᠃ ᠬᠥᠮᠦᠨ ᠬᠡᠷᠡᠭᠯᠡᠬᠦ  ᠨᠢᠭᠡᠴᠢ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠢᠨᠲ᠋ᠧᠷ ᠰᠦᠯᠵᠢᠶᠡᠨ ᠤ ᠠᠵᠢᠯᠲᠠᠨ ᠡᠯᠰᠡᠬᠦ ᠲᠠᠪᠴᠠᠩ ᠤᠨ ᠠᠵᠢᠯᠲᠠᠨ ᠡᠯᠰᠡᠬᠦ ᠦᠢᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠨᠢᠭᠤᠴᠠ ᠵᠠᠭᠤᠴᠢ︾᠂ ᠬᠤᠳᠠᠯ ᠬᠠᠭᠤᠷᠮᠠᠭ ᠢᠶᠠᠷ ᠠᠵᠢᠯᠲᠠᠨ ᠡᠯᠰᠡᠬᠦ᠂ ᠳᠤᠷ᠎ᠠ ᠪᠠᠷ ᠢᠶᠠᠨ ᠰᠦᠢᠳᠭᠡᠯ ᠬᠤᠷᠢᠶᠠᠬᠤ᠂ ᠠᠵᠢᠯ ᠣᠯᠭᠤᠯᠲᠠ ᠶᠢᠨ ᠭᠠᠳᠠᠭᠤᠷᠴᠢᠯᠠᠯ ᠵᠢᠴᠢ ᠠᠵᠢᠯ ᠡᠷᠢᠬᠦ᠂ ᠠᠵᠢᠯ ᠤᠯᠬᠤ᠂ ᠠᠳᠠᠯ  ᠦᠢᠯᠡᠰ ᠴᠣᠭᠴᠠᠯᠠᠬᠤ ᠪᠠᠷ ᠨᠡᠷ᠎ᠡ ᠪᠣᠯᠭᠠᠭᠰᠠᠨ ᠢᠲᠡᠭᠡᠮᠵᠢᠲᠦ ᠵᠢᠭᠡᠯᠡᠯᠭᠡ ᠶᠢᠨ ᠮᠡᠬᠡᠯᠡᠯ ᠪᠠ ᠳᠠᠮᠵᠢᠭᠤᠯᠤᠨ ᠪᠣᠷᠣᠯᠠᠭᠤᠯᠬᠤ᠂ ᠮᠡᠬᠡᠯᠡᠬᠦ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠭᠦᠨ᠎ᠡ᠃ ᠬᠥᠮᠦᠨ ᠬᠡᠷᠡᠭᠯᠡᠬᠦ  ᠨᠢᠭᠡᠴᠢ ᠶᠢᠨ ᠤᠷᠢᠨ ᠬᠡᠷᠡᠭᠯᠡᠬᠦ ᠬᠠᠷ᠎ᠠ ᠲᠠᠩᠰᠠ ᠶᠢᠨ ᠲᠦᠷᠢᠮ ᠢ ᠪᠠᠶᠢᠭᠤᠯᠵᠤ᠂ ᠠᠵᠢᠯ ᠣᠯᠭᠤᠯᠲᠠ ᠶᠢᠨ ᠭᠠᠳᠠᠭᠤᠷᠴᠢᠯᠠᠯ᠂ ᠮᠡᠬᠡᠯᠡᠯ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠮᠠᠭᠠᠳᠯᠠᠨ ᠲᠣᠭᠲᠠᠭᠠᠭᠰᠠᠨ ᠬᠥᠮᠦᠨ ᠬᠡᠷᠡᠭᠯᠡᠬᠦ  ᠨᠢᠭᠡᠴᠢ ᠶᠢ ᠬᠠᠷ᠎ᠠ ᠲᠠᠩᠰᠠ ᠳᠤ ᠣᠷᠣᠭᠤᠯᠤᠨ᠂ ᠲᠣᠭᠲᠠᠭᠰᠠᠨ ᠬᠤᠭᠤᠴᠠᠭ᠎ᠠ ᠲᠠᠢ ᠪᠠᠷ ᠲᠡᠭᠦᠰᠦᠭᠰᠡᠳ ᠲᠤ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠵᠦ᠂ ᠲᠡᠭᠦᠰᠦᠭᠰᠡᠳ ᠤᠨ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠬᠤᠶᠠᠷ︶ ᠬᠤᠲᠠ ᠪᠠᠯᠭᠠᠰᠤᠨ ᠤ ᠨᠢᠭᠡ ᠴᠦ ᠬᠥᠮᠦᠨ ᠠᠵᠢᠯ ᠣᠯᠤᠭᠰᠠᠨ ᠥᠬᠡᠶ ᠬᠡᠷ ᠪᠦᠯᠢ ᠳᠤ  ᠭᠦᠢᠴᠡᠳ ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ    5. ᠵᠠᠬ᠎ᠠ ᠳᠡᠯᠭᠡᠭᠦᠷ ᠤᠨ ᠠᠵᠢᠯ ᠣᠯᠭᠤᠯᠲᠠ ᠶᠢ ᠬᠦᠴᠦᠯᠡᠨ ᠠᠬᠢᠭᠤᠯᠤᠨ᠎ᠠ᠃ ᠵᠠᠬ᠎ᠠ ᠳᠡᠯᠭᠡᠭᠦᠷ ᠤᠨ ᠠᠵᠢᠯ ᠣᠯᠭᠤᠯᠲᠠ ᠶᠢ ᠬᠤᠲᠠ ᠪᠠᠯᠭᠠᠰᠤ ᠶᠢᠨ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢᠨ ᠪᠦᠷᠢᠯᠳᠦᠬᠦᠨ ᠤ ᠳᠠᠬᠢᠨ ᠠᠵᠢᠯ ᠣᠯᠭᠤᠯᠲᠠ ᠶᠢ ᠪᠡᠶᠡᠯᠡᠭᠦᠯᠬᠦ ᠬᠠᠮᠤᠭ ᠤᠨ ᠰᠢᠯᠢᠳᠡᠭ ᠠᠷᠭ᠎ᠠ ᠵᠠᠮ ᠪᠣᠯᠭᠠᠵᠤ᠂ ᠰᠦᠯᠵᠢᠶᠡᠨ ᠤ ᠭᠠᠳᠠᠨ᠎ᠠ ᠪᠠ ᠰᠦᠯᠵᠢᠶᠡᠨ ᠠᠴᠠ ᠭᠠᠳᠠᠭᠤᠷ ᠠᠵᠢᠯᠲᠠᠨ ᠡᠯᠰᠡᠬᠦ ᠪᠠᠶᠢᠩᠭᠤ ᠶᠢᠨ  ᠦᠢᠯᠡᠴᠢᠯᠡᠭᠡ ᠲᠠᠢ ᠤᠶᠠᠯᠳᠤᠭᠤᠯᠤᠨ᠂ ︽ᠳᠥᠷᠪᠡ ᠶᠢ ᠨᠢᠭᠡ ᠴᠤᠭᠴᠠᠵᠢᠭᠤᠯᠬᠤ︾ ᠠᠵᠢᠯ ᠣᠯᠭᠤᠯᠲᠠ ᠶᠢᠨ ᠦᠢᠯᠡᠴᠢᠯᠡᠭᠡᠨ ᠤ ᠡᠭᠦᠯᠡᠨ ᠲᠠᠪᠴᠠᠩ ᠳᠤ ᠲᠦᠰᠢᠭᠯᠡᠨ᠂ ᠠᠵᠢᠯ ᠤᠨ ᠪᠠᠶᠢᠷᠢ ᠶᠢ ᠨᠠᠷᠢᠯᠢᠭ ᠣᠨᠣᠴᠠᠲᠠᠶ ᠪᠠᠷ ᠳᠣᠭᠢᠷᠠᠭᠤᠯᠬᠤ ᠶᠢ ᠥᠷᠨᠢᠭᠦᠯᠵᠦ᠂ ︽ᠬᠡᠷ ᠲᠤᠨᠢ ᠬᠦᠷᠴᠦ ᠠᠵᠢᠯ ᠤᠨ ᠪᠠᠶᠢᠷᠢ ᠬᠦᠷᠭᠡᠬᠦ︾ ᠦᠢᠯᠡᠴᠢᠯᠡᠭᠡ ᠬᠠᠩᠭᠠᠨ᠎ᠠ᠃ ︽ᠬᠢᠩᠭᠠᠨ︾ ᠳᠤ ᠮᠢᠩᠭᠠᠨ ᠲᠠᠯᠠᠪᠤᠷ ᠠᠵᠢᠯᠲᠠᠨ ᠡᠯᠰᠡᠬᠦ ᠠᠵᠢᠯᠯᠠᠭ᠎ᠠ ᠶᠢ ᠬᠡᠷᠡᠭᠵᠢᠭᠦᠯᠵᠦ᠂ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢᠨ ᠪᠦᠷᠢᠯᠳᠦᠬᠦᠨ᠂ ᠵᠡᠮᠳᠡᠭᠴᠦᠳ᠂ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠣᠷᠳᠣ ᠬᠤᠭᠤᠴᠠᠭ᠎ᠠ ᠪᠠᠷ ᠠᠵᠢᠯ ᠠᠯᠳᠠᠭᠰᠠᠳ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠤᠯᠬᠤ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠪᠥᠬᠦ ᠵᠢᠯ ᠳᠤ ᠡᠯ᠎ᠡ ᠲᠥᠷᠥᠯ ᠤᠨ ᠠᠵᠢᠯᠲᠠᠨ ᠡᠯᠰᠡᠬᠦ ᠠᠵᠢᠯᠯᠠᠭ᠎ᠠ ᠶᠢ 1000 ᠤᠳᠠᠭ᠎ᠠ ᠠᠴᠠ ᠳᠡᠭᠡᠭᠰᠢ ᠵᠣᠬᠢᠶᠠᠨ ᠪᠠᠶᠢᠭᠤᠯᠪᠠ᠃ 2 ᠳ᠋ᠤᠭᠠᠷ ᠰᠠᠷ᠎ᠠ ᠳᠤ᠂ ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ᠂ ᠤᠯᠠᠷᠢᠯ ᠪᠦᠷᠢ ᠶᠢᠨ ᠲᠦᠷᠦᠭᠦᠦ ᠰᠠᠷ᠎ᠠ ᠳᠤ ︽ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠢᠯᠲᠠᠨ ᠡᠯᠰᠡᠬᠦ ᠭᠠᠷᠠᠭ ᠵᠡᠷᠭᠡ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠦᠴᠢᠷᠳᠡᠯᠲᠡᠢ ᠬᠥᠮᠦᠰ ᠢ ᠲᠥᠪᠯᠡᠷᠡᠭᠦᠯᠦᠨ ᠲᠡᠳᠬᠦᠵᠦ ᠠᠵᠢᠯ ᠣᠯᠭᠤᠨ᠎ᠠ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ ᠠᠶᠢᠮᠠᠭ ᠤᠨ ᠵᠥᠪᠯᠡᠯ᠂ ᠠᠵᠢᠯᠴᠢᠨ ᠤ ᠡᠪᠯᠡᠯ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    6. ᠠᠮᠢᠳᠤᠯᠢᠭ ᠢᠶᠠᠷ ᠠᠵᠢᠯ ᠣᠯᠭᠤᠬᠤ ᠶᠢ ᠳᠡᠮᠵᠢᠨ᠎ᠡ᠃ ︽ᠬᠢᠩᠭᠠᠨ ᠤ ᠡᠳᠦᠷ ᠤᠨ ᠬᠦᠴᠦᠨ ᠤ ᠵᠠᠬ᠎ᠠ ᠳᠡᠯᠭᠡᠭᠦᠷ︾ ᠤᠨ ᠶᠠᠰᠤ ᠴᠢᠨᠠᠷ ᠢ ᠳᠡᠭᠡᠭᠰᠢᠯᠡᠭᠦᠯᠵᠦ ᠬᠡᠪᠴᠢᠶ᠎ᠡ ᠶᠢ ᠥᠷᠭᠡᠳᠬᠡᠬᠦ ᠠᠵᠢᠯ ᠢ ᠭᠦᠨᠵᠡᠭᠡᠶ ᠠᠬᠢᠭᠤᠯᠵᠤ᠂ ᠵᠢᠯ ᠤᠨ ᠳᠣᠲᠣᠷ᠎ᠠ ᠬᠤᠰᠢᠭᠤ ᠰᠢᠶᠠᠨ ᠬᠤᠲᠠ ᠪᠣᠯᠭᠠᠨ ᠳᠤ ᠨᠠᠭᠠᠳᠤ ᠵᠠᠬ᠎ᠠ ᠳᠠᠭᠠᠨ ᠪᠣᠳᠠᠲᠠᠶ ᠶᠢ ᠡᠷᠬᠢᠮᠯᠡᠭᠰᠡᠨ ᠬᠡᠷᠡᠭᠴᠡᠭᠡ ᠲᠠᠢ ᠰᠦᠯᠵᠢᠶᠡᠨ ᠠᠴᠠ ᠭᠠᠳᠠᠭᠤᠷᠬᠢ ᠡᠳᠦᠷ ᠤᠨ ᠬᠦᠴᠦᠨ ᠤ ᠵᠠᠬ᠎ᠠ ᠳᠡᠯᠭᠡᠭᠦᠷ ᠢ 1 ᠰᠢᠨ᠎ᠡ ᠪᠠᠷ ᠪᠠᠶᠢᠭᠤᠯᠵᠤ᠂ ︽ᠬᠢᠩᠭᠠᠨ ᠤ ᠡᠳᠦᠷ ᠤᠨ ᠬᠦᠴᠦᠨ ᠤ ᠠᠵᠢᠯ︾ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠲᠠᠪᠴᠠᠩ ᠢᠶᠠᠷ ᠳᠠᠮᠵᠢᠭᠤᠯᠤᠨ ᠬᠤᠲᠠ ᠪᠠᠯᠭᠠᠰᠤᠨ ᠤ ᠨᠢᠭᠡ ᠴᠦ ᠬᠥᠮᠦᠨ ᠠᠵᠢᠯ ᠣᠯᠤᠭᠰᠠᠨ ᠦᠭᠡᠶ ᠭᠡᠷ ᠪᠦᠯᠢ ᠶᠢᠨ ᠪᠦᠷᠢᠯᠳᠦᠬᠦᠨ ᠳᠤ ᠡᠳᠦᠷ ᠤᠨ ᠬᠦᠴᠦᠨ ᠤ ᠠᠵᠢᠯ ᠤᠨ ᠮᠡᠳᠡᠭᠡ ᠵᠠᠩᠭᠢ ᠬᠠᠩᠭᠠᠵᠤ᠂ ᠲᠡᠳᠡᠨ ᠤ ᠠᠮᠢᠳᠤᠯᠢᠭ ᠢᠶᠠᠷ ᠠᠵᠢᠯ ᠤᠯᠬᠤ ᠶᠢ ᠵᠣᠷᠢᠭᠵᠢᠭᠤᠯᠵᠤ᠂ ᠠᠮᠢᠳᠤᠯᠢᠭ ᠢᠶᠠᠷ ᠠᠵᠢᠯ ᠣᠯᠤᠭᠰᠠᠨ ᠬᠤᠲᠠ ᠪᠠᠯᠭᠠᠰᠤᠨ ᠤ ᠨᠢᠭᠡ ᠴᠦ ᠠᠵᠢᠯ ᠣᠯᠤᠭᠰᠠᠨ ᠦᠭᠡᠶ ᠭᠡᠷ ᠪᠦᠯᠢ ᠶᠢᠨ ᠪᠦᠷᠢᠯᠳᠦᠬᠦᠨ ᠢ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠬᠢᠨᠠᠨ ᠰᠢᠯᠭᠠᠬᠤ ᠲᠠᠪᠴᠠᠩ ᠤᠨ ᠬᠡᠪᠴᠢᠶᠡᠨ ᠳᠤ ᠣᠷᠣᠭᠤᠯᠵᠤ᠂ ᠠᠵᠢᠯ ᠤᠯᠬᠤ ᠳᠤ ᠬᠦᠴᠢᠷᠲᠡᠶ ᠬᠥᠮᠦᠰ ᠤᠨ ᠨᠥᠬᠦᠴᠡᠯ ᠳᠤ ᠨᠡᠶᠢᠴᠡᠪᠡᠯ᠂ ᠲᠡᠭᠦᠨ ᠤ ᠲᠤᠰᠢᠶᠠᠭᠰᠠᠨ ᠨᠡᠶᠢᠭᠡᠮ ᠤᠨ ᠳᠠᠭᠠᠳᠬᠠᠯ ᠤᠨ ᠰᠦᠢᠳᠭᠡᠯ ᠳᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠵᠤ᠂ ᠨᠥᠬᠦᠪᠥᠷᠢ ᠥᠭᠬᠦ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠲᠡᠭᠦᠨ ᠤ ᠪᠣᠳᠠᠲᠠᠶ ᠲᠤᠰᠢᠶᠠᠭᠰᠠᠨ  ᠰᠦᠢᠳᠭᠡᠯ ᠤᠨ 2/3 ᠠᠴᠠ ᠬᠡᠲᠦᠷᠡᠭᠦᠯᠵᠦ ᠪᠣᠯᠬᠤ ᠥᠬᠡᠶ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠪᠠᠭᠤᠵᠤ ᠠᠮᠠᠷᠠᠬᠤ ᠨᠠᠰᠤ ᠬᠦᠷᠲᠡᠯ᠎ᠡ 5 ᠵᠢᠯ ᠬᠥᠷᠬᠦ ᠥᠬᠡᠶ ᠠᠵᠢᠯ ᠤᠯᠬᠤ ᠳᠤ ᠬᠦᠴᠢᠷᠲᠡᠶ ᠬᠥᠮᠦᠰ ᠢ ᠠᠵᠢᠯ ᠠᠴᠠ ᠪᠠᠨ ᠪᠠᠭᠤᠵᠤ ᠠᠮᠠᠷᠠᠬᠤ ᠪᠣᠯᠲᠠᠯ᠎ᠠ ᠤᠷᠲᠤᠳᠬᠠᠵᠤ ᠪᠣᠯᠬᠤ ᠶᠢ ᠭᠠᠷᠭᠠᠪᠠᠯ᠂ ᠪᠤᠰᠤᠳ ᠬᠥᠮᠦᠰ ᠢ ᠬᠠᠮᠤᠭ ᠤᠨ ᠣᠷᠳᠣ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠥᠬᠡᠶ᠃ ᠡᠷᠲᠡ ᠣᠷᠣᠶ ᠶᠢᠨ ᠬᠤᠲᠠ ᠶᠢᠨ ᠠᠵᠤ ᠠᠬᠤᠶ ᠶᠢᠨ ᠬᠥᠭᠵᠢᠯᠲᠡ ᠶᠢ ᠳᠡᠮᠵᠢᠵᠦ᠂ 2023 ᠣᠨ ᠳᠤ ᠪᠥᠬᠦ ᠠᠶᠢᠮᠠᠭ ᠲᠤ 5 ᠡᠷᠲᠡ ᠣᠷᠣᠶ ᠶᠢᠨ ᠵᠠᠬ᠎ᠠ ᠳᠡᠯᠭᠡᠭᠦᠷ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠣᠲᠣ ᠶᠢᠨ ᠪᠠᠶᠢᠭ᠎ᠠ ᠵᠠᠬ᠎ᠠ ᠳᠡᠯᠭᠡᠭᠦᠷ ᠤᠨ ᠬᠡᠪᠴᠢᠶ᠎ᠡ ᠶᠢ ᠥᠷᠭᠡᠳᠬᠡᠨ᠂ ᠴᠢᠳᠠᠮᠵᠢ ᠶᠢ ᠲᠡᠭᠦᠯᠳᠡᠷᠵᠢᠭᠦᠯᠵᠦ᠂ 200 ᠳᠡᠯᠭᠡᠭᠡ ᠮᠠᠶᠢᠮᠠᠶ ᠶᠢᠨ ᠣᠷᠣ ᠶᠢ ᠰᠢᠨ᠎ᠡ ᠪᠠᠷ ᠨᠡᠮᠡᠭᠳᠡᠭᠦᠯᠦᠨ᠂ ᠲᠣᠰ ᠵᠢᠯ ᠤᠨ ᠰᠢᠨ᠎ᠡ ᠪᠠᠷ ᠨᠡᠭᠡᠭᠡᠨ ᠬᠥᠭᠵᠢᠭᠦᠯᠬᠦ ᠡᠷᠲᠡ ᠶᠢᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ᠂ ᠠᠷᠠᠳ ᠲᠤ ᠠᠰᠢᠭᠲᠠᠶ ᠡᠳ᠋ ᠪᠣᠳᠠᠰ ᠢ ᠬᠤᠪᠢᠶᠠᠨ ᠡᠳ᠋ᠯᠡᠬᠦ ᠴᠤᠭᠯᠠᠭ᠎ᠠ ᠮᠠᠶᠢᠮᠠᠶ ᠪᠤᠶᠤ ᠬᠦᠷᠢ ᠬᠤᠷᠣᠬᠠᠶ ᠶᠢᠨ ᠵᠠᠬ᠎ᠠ ᠳᠡᠯᠭᠡᠭᠦᠷ ᠤᠨ ᠶᠡᠷᠦᠩᠬᠡᠶ ᠲᠤᠭ᠎ᠠ ᠬᠡᠮᠵᠢᠶ᠎ᠡ ᠨᠢ 3 ᠠᠴᠠ ᠳᠡᠭᠡᠭᠰᠢ ᠬᠤᠰᠢᠭᠤ ᠰᠢᠶᠠᠨ ᠬᠤᠲᠠ ᠶᠢᠨ ᠰᠢᠨ᠎ᠡ ᠪᠠᠷ ᠨᠡᠭᠡᠭᠡᠨ ᠬᠥᠭᠵᠢᠭᠦᠯᠦᠭᠰᠡᠨ ᠪᠥᠭᠡᠳ ᠪᠥᠲᠥᠭᠡᠨ ᠪᠠᠶᠢᠭᠤᠯᠬᠤ ᠪᠠᠷᠢᠮᠵᠢᠶ᠎ᠠ ᠳᠤ ᠬᠦᠷᠦᠭᠰᠡᠨ ᠵᠠᠬ᠎ᠠ ᠳᠡᠯᠭᠡᠭᠦᠷ ᠲᠤ᠂ ᠨᠥᠬᠦᠴᠡᠯ ᠳᠤ ᠨᠡᠶᠢᠴᠡᠭᠰᠡᠨ ᠪᠠᠶᠢᠪᠠᠯ᠂ ᠪᠥᠲᠥᠭᠡᠨ ᠪᠠᠶᠢᠭᠤᠯᠬᠤ ᠭᠤᠤᠯ ᠴᠣᠭᠴᠠ ᠳᠤ 5 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠣᠯᠭᠤᠨ᠎ᠠ᠃ ᠰᠣᠬᠤᠷ ᠬᠥᠮᠦᠨ  ᠤ ᠵᠠᠮ᠂ ᠭᠠᠯ ᠤᠨᠲᠠᠷᠠᠭᠠᠬᠤ ᠨᠡᠪᠳᠡᠷᠡᠯ ᠵᠠᠮ ᠢ ᠡᠵᠡᠯᠡᠬᠦ ᠥᠭᠡᠢ᠂ ᠶᠠᠪᠠᠭᠠᠨ ᠬᠥᠮᠦᠨ᠂ ᠲᠡᠷᠭᠡ ᠬᠥᠰᠬᠡ  ᠶᠢᠨ ᠬᠡᠪ  ᠤᠨ ᠶᠣᠰᠣᠭᠠᠷ ᠨᠡᠪᠲᠡᠷᠡᠬᠦ ᠢ ᠨᠥᠯᠥᠭᠡᠯᠡᠬᠦ ᠥᠭᠡᠢ᠂ ᠣᠷᠴᠢᠨ ᠲᠣᠭᠤᠷᠢᠨ  ᠤ ᠬᠠᠮᠠᠭᠠᠯᠠᠯᠲᠠ  ᠶᠢᠨ ᠲᠣᠭᠲᠠᠭᠠᠯ  ᠢ ᠵᠥᠷᠢᠴᠡᠬᠦ ᠥᠭᠡᠢ᠂ ᠪᠤᠰᠤᠳ  ᠤᠨ ᠬᠠᠤᠯᠢ ᠶᠣᠰᠣᠨ  ᠤ ᠠᠰᠢᠭ ᠲᠤᠰᠠ ᠢ ᠬᠤᠬᠢᠷᠠᠭᠤᠯᠬᠤ ᠥᠭᠡᠢ ᠪᠠᠶᠢᠬᠤ ᠤᠷᠢᠲᠠᠯ  ᠤᠨ ᠳᠣᠣᠷ᠎ᠠ᠂ ᠡᠯ᠎ᠡ ᠭᠠᠵᠠᠷ  ᠤᠳ ᠠᠭᠤᠳᠠᠮ ᠲᠠᠯᠠᠪᠠᠢ᠂ ᠶᠠᠪᠠᠭᠠᠨ ᠵᠡᠭᠡᠯᠢ ᠵᠢᠴᠢ ᠡᠷᠬᠢᠨ ᠲᠣᠭᠤᠷᠢᠨ᠂ ᠴᠡᠴᠡᠷᠯᠢᠭ  ᠤᠨ ᠡᠷᠬᠢᠨ ᠲᠣᠭᠤᠷᠢᠨ  ᠳᠤ ᠲᠥᠷ ᠴᠠᠭ ᠤᠨ ᠳᠡᠯᠭᠡᠭᠡ ᠳᠡᠯᠭᠡᠭᠦᠷ  ᠤᠨ ᠲᠣᠭᠤᠷᠢᠭ ᠨᠡᠭᠡᠭᠡᠬᠦ ᠢ ᠵᠣᠷᠢᠭᠵᠢᠭᠤᠯᠤᠨ᠎ᠠ᠃ ᠵᠢᠵᠢᠭ ᠳᠡᠯᠭᠡᠭᠦᠷ ᠵᠢᠵᠢᠭ ᠳᠡᠯᠭᠡᠭᠦᠷ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠡᠩᠰᠡᠯᠡᠨ ᠲᠡᠮᠳᠡᠭᠯᠡᠬᠦ ᠴᠤᠪᠤᠷᠠᠯ ᠢ ᠳᠥᠭᠦᠮᠴᠢᠯᠡᠵᠦ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠳᠡᠩᠰᠡᠯᠡᠨ ᠲᠡᠮᠳᠡᠭᠯᠡᠬᠦ ᠶᠢ ᠳᠡᠯᠭᠡᠷᠡᠭᠦᠯᠵᠦ᠂ ᠮᠠᠲ᠋ᠧᠷᠢᠶᠠᠯ ᠨᠢ ᠪᠦᠷᠢᠨ ᠭᠦᠶ᠋ᠴᠡᠳ ᠪᠥᠭᠡᠳ ᠬᠠᠤᠯᠢ ᠳᠤ ᠨᠡᠶᠢᠴᠡᠭᠰᠡᠨ ᠪᠠᠶᠢᠪᠠᠯ᠂ ᠲᠡᠷᠡ ᠳᠠᠷᠤᠶ ᠳᠤᠨᠢ  ᠭᠦᠢᠴᠡᠳᠭᠡᠵᠦ ᠳᠠᠭᠤᠰᠬᠠᠬᠤ ᠬᠡᠷᠡᠭᠲᠡᠶ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ      7.ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠶᠢ ᠵᠣᠷᠢᠭᠵᠢᠭᠤᠯᠤᠨ᠎ᠠ᠃ ︽ᠬᠢᠩᠭᠠᠨ ᠠᠳᠠᠯ ᠦᠢᠯᠡᠰ ᠴᠣᠭᠴᠠᠯᠠᠬᠤ ᠬᠦᠷᠢᠶᠡᠯᠡᠩ︾ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠡᠯ᠎ᠡ ᠲᠥᠷᠥᠯ ᠤᠨ ᠰᠤᠯᠠ ᠪᠠᠶᠢᠭ᠎ᠠ ᠭᠠᠵᠠᠷ ᠣᠷᠣᠨ ᠭᠡᠷ ᠪᠠᠶᠢᠰᠢᠩ᠂ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠠᠰᠢᠭᠯᠠᠬᠤ ᠪᠠ ᠪᠡᠯᠡ ᠮᠥᠩᠭᠦᠨ ᠤ ᠳᠡᠮᠵᠢᠯᠭᠡ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠳᠠᠯ ᠦᠢᠯᠡᠰ ᠴᠣᠭᠴᠠᠯᠠᠬᠤ ᠬᠦᠷᠢᠶᠡᠯᠡᠩ ᠲᠣᠭᠤᠷᠢᠭ᠂ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠰᠠᠭᠤᠷᠢᠨ ᠭᠠᠵᠠᠷ᠂ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠨᠡᠪᠴᠢᠭᠦᠯᠬᠦ ᠪᠠᠭᠠᠵᠢ ᠵᠡᠷᠭᠡ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠡᠷ ᠤᠨ ᠲᠦᠷᠢᠶᠡᠰᠦ ᠶᠢ ᠱᠠᠲᠤᠯᠵᠢᠨ ᠬᠡᠯᠪᠡᠷᠢ ᠪᠠᠷ ᠬᠠᠰᠤᠵᠤ ᠬᠡᠯᠲᠦᠷᠢᠭᠦᠯᠬᠦ᠂ ᠤᠰᠤ ᠴᠠᠬᠢᠯᠭᠠᠨ ᠤ ᠠᠳᠠᠯ ᠠᠬᠤᠶ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ᠂ ᠲᠣᠣᠷ ᠰᠦᠯᠵᠢᠶ᠎ᠡ ᠶᠢ ᠪᠦᠬᠦᠨ ᠢ ᠬᠠᠮᠤᠷᠬᠤ ᠵᠡᠷᠭᠡ ᠰᠠᠭᠤᠷᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠤ᠂ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠵᠡᠷᠭᠡ ᠨᠡᠶᠢᠲᠡ ᠴᠣᠭᠴᠠ ᠶᠢᠨ ᠠᠳᠠᠯ  ᠦᠢᠯᠡᠰ ᠴᠣᠭᠴᠠᠯᠠᠬᠤ ᠪᠣᠯᠪᠠᠰᠤᠷᠠᠭᠤᠯᠤᠯ᠂ ᠠᠳᠠᠯ  ᠦᠢᠯᠡᠰ ᠴᠣᠭᠴᠠᠯᠠᠬᠤ ᠶᠢᠨ ᠵᠢᠯᠣᠭᠤᠳᠣᠯᠭ᠎ᠠ᠂ ᠨᠡᠪᠴᠢᠭᠦᠯᠬᠦ  ᠦᠢᠯᠡᠴᠢᠯᠡᠭᠡᠨ ᠢ ᠴᠢᠩᠭᠠᠳᠬᠠᠵᠤ᠂ ᠠᠳᠠᠯ ᠦᠢᠯᠡᠰ ᠴᠣᠭᠴᠠᠯᠠᠬᠤ ᠶᠢᠨ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ᠂ ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ ᠨᠥᠬᠦᠪᠥᠷᠢ᠂ ᠠᠳᠠᠯ  ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠨᠥᠬᠦᠪᠥᠷᠢ᠂ ᠠᠳᠠᠯ  ᠦᠢᠯᠡᠰ ᠴᠣᠭᠴᠠᠯᠠᠬᠤ ᠶᠢᠨ ᠳᠠᠳᠤᠯᠭ᠎ᠠ ᠶᠢᠨ ᠨᠥᠬᠦᠪᠥᠷᠢ ᠪᠠ ᠰᠢᠨ᠎ᠡ ᠶᠢ ᠴᠣᠭᠴᠠᠯᠠᠭᠰᠠᠳ ᠢ ᠵᠣᠭᠤᠰ ᠢᠶᠠᠷ ᠲᠤᠰᠠᠯᠠᠬᠤ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠡᠯ᠎ᠡ ᠠᠳᠠᠯ  ᠦᠢᠯᠡᠰ ᠴᠣᠭᠴᠠᠯᠠᠬᠤ ᠬᠦᠷᠢᠶᠡᠯᠡᠩ ︵ ᠬᠦᠮᠦᠵᠢᠭᠦᠯᠬᠦ ᠰᠠᠭᠤᠷᠢᠨ ᠭᠠᠵᠠᠷ︶ ᠨᠢ ᠡᠩ ᠲᠡᠷᠢᠭᠦᠨ ᠳᠤ ᠠᠳᠠᠯ  ᠦᠢᠯᠡᠰ ᠴᠣᠭᠴᠠᠯᠠᠬᠤ ᠬᠦᠰᠡᠯ ᠰᠠᠨᠠᠭ᠎ᠠ ᠲᠠᠢ ᠬᠤᠲᠠ ᠪᠠᠯᠭᠠᠰᠤ ᠶᠢᠨ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢᠨ ᠪᠦᠷᠢᠯᠳᠦᠬᠦᠨ ᠳᠤ ᠣᠷᠣᠵᠤ ᠰᠠᠭᠤᠬᠤ ᠪᠠ ᠠᠳᠠᠯ  ᠦᠢᠯᠡᠰ ᠴᠣᠭᠴᠠᠯᠠᠬᠤ ᠪᠣᠯᠪᠠᠰᠤᠷᠠᠭᠤᠯᠤᠯ ᠵᠡᠷᠭᠡ ᠲᠥᠬᠦᠷ ᠲᠥᠷᠥ ᠶᠢᠨ ᠪᠣᠳᠣᠯᠭ᠎ᠠ ᠶᠢᠨ  ᠦᠢᠯᠡᠴᠢᠯᠡᠭᠡᠨ ᠢ ᠬᠠᠩᠭᠠᠨ᠎ᠠ᠃ ᠰᠥᠨᠢ ᠶᠢᠨ ᠠᠵᠤ ᠠᠬᠤᠶ᠂ ︽ᠪᠡᠯᠡᠳᠬᠡᠯ ᠠᠪᠳᠠᠷ᠎ᠠ ᠶᠢᠨ ᠠᠵᠤ ᠠᠬᠤᠶ︾᠂ ᠵᠢᠵᠢᠭ ᠳᠡᠯᠭᠡᠭᠦᠷ ᠵᠢᠵᠢᠭ ᠳᠡᠯᠭᠡᠭᠦᠷ ᠵᠡᠷᠭᠡ ᠣᠨᠴᠠᠯᠢᠭᠲᠤ ᠡᠵᠡᠩᠨᠡᠯᠲᠡ ᠶᠢ ᠵᠣᠷᠢᠭᠵᠢᠭᠤᠯᠤᠨ ᠬᠥᠭᠵᠢᠭᠦᠯᠵᠦ᠂ ᠪᠠᠯᠠ ᠣᠷᠣᠭᠤᠯᠤᠯᠲᠠ ᠪᠠᠷ ᠪᠠᠭ᠎ᠠ᠂ ᠲᠦᠭᠰᠢᠭᠦᠷᠢ ᠪᠠᠷ ᠪᠠᠭ᠎ᠠ ᠠᠳᠠᠯ  ᠦᠢᠯᠡᠰ ᠴᠣᠭᠴᠠᠯᠠᠬᠤ ᠲᠥᠷᠥᠯ  ᠵᠦᠢᠯ ᠢ ᠡᠭᠦᠳᠦᠨ ᠪᠠᠶᠢᠭᠤᠯᠬᠤ ᠶᠢ ᠬᠥᠲᠥᠯᠦᠨ ᠵᠢᠯᠣᠭᠤᠳᠤᠨ᠎ᠠ᠃ ᠳᠠᠬᠢᠨ ᠵᠢᠭᠡᠯᠡᠯᠭᠡ ᠲᠠᠯᠪᠢᠵᠤ ᠳᠠᠬᠢᠨ ᠪᠡᠯᠡᠨ ᠵᠣᠭᠤᠰ ᠰᠣᠯᠢᠬᠤ᠂ ᠨᠡᠶᠢᠳᠡᠮ ᠬᠠᠷᠠᠭᠠᠯᠵᠠᠬᠤ ᠵᠢᠵᠢᠭ ᠪᠢᠴᠢᠯ ᠵᠢᠭᠡᠯᠡᠯᠭᠡ ᠶᠢᠨ ᠳᠡᠮᠵᠢᠯᠭᠡ ᠶᠢᠨ ᠪᠠᠭᠠᠵᠢ ᠵᠡᠷᠭᠡ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠰᠠᠶᠢᠲᠤᠷ ᠬᠡᠷᠡᠭᠯᠡᠨ᠂ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢ ᠠᠬᠢᠭᠤᠯᠵᠤ᠂ ᠨᠥᠬᠦᠴᠡᠯ ᠳᠤ ᠨᠡᠶᠢᠴᠡᠬᠦ ᠠᠳᠠᠯ  ᠦᠢᠯᠡᠰ ᠴᠣᠭᠴᠠᠯᠠᠭᠴᠢ ᠳᠤ ᠤᠯᠤᠰ ᠤᠨ ᠠᠳᠠᠯ  ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠳᠡᠮᠵᠢᠯᠭᠡ ᠣᠯᠭᠤᠵᠤ᠂ ᠬᠤᠪᠢ ᠬᠥᠮᠦᠨ ᠤ ᠵᠣᠭᠤᠰ ᠵᠢᠭᠡᠯᠡᠭᠴᠢ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ᠂ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠬᠠᠮᠤᠭ ᠤᠨ ᠥᠨᠳᠥᠷ ᠲᠡᠭᠡᠨ 300 ᠲᠦᠮᠡᠨ ᠲᠥᠭᠦᠷᠢᠭ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠮᠥᠩᠭᠦᠨ ᠭᠦᠶ᠋ᠯᠭᠡᠭᠡᠨ ᠤ ᠠᠯᠪᠠᠨ ᠬᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    8. ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ ᠠᠵᠢᠯ ᠣᠯᠭᠤᠯᠲᠠ ᠶᠢ ᠠᠬᠢᠭᠤᠯᠤᠨ᠎ᠠ᠃ ᠬᠤᠲᠠ ᠪᠠᠯᠭᠠᠰᠤᠨ ᠤ ᠨᠢᠭᠡ ᠴᠦ ᠠᠵᠢᠯ ᠣᠯᠤᠭᠰᠠᠨ ᠦᠭᠡᠶ ᠭᠡᠷ ᠪᠦᠯᠢ ᠶᠢᠨ ᠪᠦᠷᠢᠯᠳᠦᠬᠦᠨ ᠢ ᠭᠤᠣᠯᠳᠠᠯᠭ᠎ᠠ ᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠡᠳᠡᠨ  ᠢ ᠡᠩ ᠲᠡᠷᠢᠭᠦᠨ ᠳᠤ ᠡᠯᠰᠡᠨ ᠠᠪᠴᠤ ᠡᠷᠬᠢᠯᠡᠵᠤ ᠬᠢᠬᠦ ᠠᠵᠢᠯ  ᠤᠨ ᠮᠡᠷᠭᠡᠵᠢᠯ  ᠤᠨ ᠴᠢᠳᠠᠪᠤᠷᠢ ᠶᠢᠨ ᠪᠣᠯᠪᠠᠰᠤᠷᠠᠭᠤᠯᠤᠯ  ᠳᠤ ᠣᠷᠣᠯᠴᠠᠭᠤᠯᠬᠤ ᠵᠡᠷᠭᠡ ᠠᠷᠭ᠎ᠠ  ᠮᠠᠶ᠋ᠢᠭ ᠢᠶᠠᠷ ᠳᠠᠮᠵᠢᠭᠤᠯᠤᠨ᠂ ᠪᠣᠯᠪᠠᠰᠤᠷᠠᠭᠤᠯᠬᠤ ᠬᠦᠰᠡᠯ ᠰᠠᠨᠠᠭ᠎ᠠ ᠲᠠᠢ ᠡᠲᠡᠭᠡᠳ ᠲᠤ ᠠᠳᠠᠭ ᠲᠠᠭᠠᠨ ᠨᠢᠭᠡ ᠤᠳᠠᠭ᠎ᠠ ᠮᠡᠷᠭᠡᠵᠢᠯ  ᠤᠨ ᠴᠢᠳᠠᠪᠤᠷᠢ ᠶᠢᠨ ᠪᠣᠯᠪᠠᠰᠤᠷᠠᠭᠤᠯᠤᠯ ᠬᠠᠩᠭᠠᠵᠤ᠂ ᠨᠥᠬᠦᠴᠡᠯ  ᠳᠤ ᠨᠡᠶᠢᠴᠡᠭᠰᠡᠨ᠂ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠬᠤᠲᠠ ᠪᠠᠯᠭᠠᠰᠤ ᠶᠢᠨ ᠨᠢᠭᠡ ᠴᠦ ᠠᠵᠢᠯ ᠣᠯᠤᠭᠰᠠᠨ ᠥᠭᠡᠢ ᠭᠡᠷ ᠪᠦᠯᠢ ᠶᠢᠨ ᠪᠦᠷᠢᠯᠳᠦᠬᠦᠨ ᠳᠤ ᠡᠳᠦᠷ ᠪᠦᠷᠢ 100 ᠲᠥᠭᠦᠷᠢᠭ  ᠤᠨ ᠠᠮᠢᠳᠤᠷᠠᠯ ᠤᠨ ᠵᠠᠮ ᠬᠠᠷᠢᠯᠴᠠᠭᠠᠨ ᠤ ᠨᠥᠬᠦᠪᠥᠷᠢ ᠣᠯᠭᠤᠬᠤ ᠶᠢᠨ ᠬᠠᠮᠲᠤ 3 ᠠᠴᠠ ᠳᠡᠭᠡᠭᠰᠢ ᠠᠵᠢᠯ ᠣᠯᠭᠤᠬᠤ ᠠᠵᠢᠯ  ᠤᠨ ᠪᠠᠶᠢᠷᠢ ᠲᠠᠨᠢᠯᠴᠠᠭᠤᠯᠤᠨ᠎ᠠ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    9. ᠬᠥᠮᠦᠨ ᠬᠡᠷᠡᠭᠯᠡᠬᠦ  ᠨᠢᠭᠡᠴᠢ ᠶᠢᠨ ᠠᠵᠢᠯ ᠤᠯᠬᠤ ᠶᠢ ᠵᠣᠷᠢᠭᠵᠢᠭᠤᠯᠤᠨ᠎ᠠ᠃ ᠬᠥᠮᠦᠨ ᠬᠡᠷᠡᠭᠯᠡᠬᠦ  ᠨᠢᠭᠡᠴᠢ ᠶᠢᠨ ᠬᠤᠲᠠ ᠪᠠᠯᠭᠠᠰᠤ ᠶᠢᠨ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢᠨ ᠪᠦᠷᠢᠯᠳᠦᠬᠦᠨ ᠢ ᠡᠯᠰᠡᠨ ᠠᠪᠴᠤ ᠠᠵᠢᠯ ᠣᠯᠭᠤᠬᠤ ᠪᠠ ᠳᠠᠬᠢᠨ ᠠᠵᠢᠯ ᠣᠯᠭᠤᠬᠤ ᠶᠢ ᠶᠡᠬᠡᠪᠡᠷ ᠳᠡᠮᠵᠢᠵᠦ᠂ ᠨᠥᠬᠦᠴᠡᠯ ᠳᠤ ᠨᠡᠶᠢᠴᠡᠭᠰᠡᠨ ᠪᠠᠶᠢᠪᠠᠯ 1500 ᠲᠥᠭᠦᠷᠢᠭ ᠤᠨ ︽ᠨᠢᠭᠡ ᠤᠳᠠᠭ᠎ᠠ ᠶᠢᠨ ᠴᠢᠨᠠᠷᠲᠠᠶ ᠠᠵᠢᠯ ᠣᠯᠭᠤᠬᠤ ᠨᠥᠬᠦᠪᠥᠷᠢ︾ ᠪᠤᠶᠤ ︽ᠨᠢᠭᠡ ᠤᠳᠠᠭ᠎ᠠ ᠶᠢᠨ ᠴᠢᠨᠠᠷᠲᠠᠶ ᠠᠵᠢᠯ ᠤᠨ ᠪᠠᠶᠢᠷᠢ ᠶᠢ ᠥᠷᠭᠡᠳᠬᠡᠬᠦ ᠨᠥᠬᠦᠪᠥᠷᠢ︾ ᠣᠯᠭᠤᠨ᠎ᠠ︔ ᠠᠵᠢᠯ ᠤᠯᠬᠤ ᠳᠤ ᠬᠦᠴᠢᠷᠲᠡᠶ ᠬᠥᠮᠦᠰ ᠤᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠡᠭᠦᠨ ᠲᠠᠢ ᠨᠢᠭᠡ ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠠᠭᠰᠠᠨ ᠪᠥᠭᠡᠳ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠨᠢᠭᠡᠴᠢ ᠳᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠥᠭᠴᠦ᠂ ᠬᠥᠮᠦᠨ ᠬᠡᠷᠡᠭᠯᠡᠬᠦ ᠨᠢᠭᠡᠴᠢ ᠶᠢᠨ ᠠᠵᠢᠯ ᠤᠯᠬᠤ ᠳᠤ ᠬᠦᠴᠢᠷᠲᠡᠶ ᠬᠥᠮᠦᠰ ᠤᠨ ᠪᠣᠳᠠᠲᠠᠶ ᠲᠤᠰᠢᠶᠠᠭᠰᠠᠨ ᠨᠠᠰᠤᠵᠢᠯ ᠤᠨ ᠦᠨᠳᠦᠰᠦᠨ ᠳᠠᠭᠠᠳᠬᠠᠯ ᠤᠨ ᠰᠦᠢᠳᠬᠡᠯ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠰᠦᠢᠳᠬᠡᠯ ᠤᠨ ᠶᠣᠰᠣᠭᠠᠷ ᠨᠢᠭᠡᠴᠢ ᠳᠤ ᠬᠡᠰᠡᠭ ᠪᠦᠬᠦ ᠲᠤᠭ᠎ᠠ ᠪᠠᠷ ᠨᠥᠬᠦᠪᠥᠷᠢ ᠥᠭᠭᠦᠨ᠎ᠡ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    10. ᠪᠦᠬᠦᠨ ᠢ ᠳᠠᠭᠠᠭᠠᠨ ᠲᠥᠪᠬᠢᠨᠡᠭᠦᠯᠵᠦ ᠠᠵᠢᠯ ᠣᠯᠭᠤᠨ᠎ᠠ᠃ ᠬᠤᠲᠠ ᠪᠠᠯᠭᠠᠰᠤᠨ ᠤ ᠨᠢᠭᠡ ᠴᠦ ᠬᠥᠮᠦᠨ ᠠᠵᠢᠯ ᠣᠯᠤᠭᠰᠠᠨ ᠦᠭᠡᠶ ᠭᠡᠷ ᠪᠦᠯᠢ ᠶᠢᠨ ᠪᠦᠷᠢᠯᠳᠦᠬᠦᠨ ᠤ ᠠᠵᠢᠯ ᠤᠨ ᠥᠩᠭᠡᠷᠡᠯᠲᠡ᠂ ᠤᠷ᠎ᠠ ᠮᠡᠷᠭᠡᠵᠢᠯ ᠤᠨ ᠬᠢᠷᠢ ᠬᠡᠮᠵᠢᠶ᠎ᠡ ᠪᠠ ᠰᠤᠷᠭᠠᠨ ᠬᠥᠮᠦᠵᠢᠯ ᠬᠦᠷᠲᠡᠭᠰᠡᠨ ᠬᠢᠷᠢ ᠬᠡᠮᠵᠢᠶ᠎ᠡ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠬᠠᠨᠳᠤᠯᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ ᠠᠷᠭ᠎ᠠ︾ ︵ᠥᠪᠥᠷ ᠬᠥᠮᠦᠨ ᠨᠡᠶᠢᠭᠡᠮ ᠠᠴᠠ ᠠᠯᠪᠠᠨ ᠲᠠᠷᠬᠠᠭᠠᠭᠰᠠᠨ ︹ 2020 ︺ 58 ᠳ᠋ᠤᠭᠠᠷ ᠲᠣᠭᠠᠲᠤ︶ ᠶᠢᠨ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠭᠰᠡᠨ᠂ ᠵᠠᠬ᠎ᠠ ᠳᠡᠯᠭᠡᠭᠦᠷ ᠲᠤ ᠠᠵᠢᠯ ᠣᠯᠭᠤᠬᠤ ᠶᠢ ᠪᠡᠶᠡᠯᠡᠭᠦᠯᠬᠦ ᠳᠤ ᠬᠦᠴᠢᠷᠲᠡᠶ ᠬᠤᠲᠠ ᠪᠠᠯᠭᠠᠰᠤ ᠶᠢᠨ ᠨᠢᠭᠡ ᠴᠦ ᠠᠵᠢᠯ ᠣᠯᠤᠭᠰᠠᠨ ᠥᠬᠡᠶ ᠬᠡᠷ ᠪᠦᠯᠢ ᠶᠢᠨ ᠪᠦᠷᠢᠯᠳᠦᠬᠦᠨ ᠤ ᠦᠨᠳᠦᠰᠦᠨ  ᠵᠦᠢᠯ ᠢ ᠪᠠᠲᠤᠯᠠᠵᠤ ᠠᠵᠢᠯ ᠣᠯᠭᠤᠯᠲᠠ ᠶᠢ ᠲᠤᠰᠠᠯᠠᠬᠤ ᠶᠢ ᠪᠡᠶᠡᠯᠡᠭᠦᠯᠵᠦ᠂ ᠡᠭᠦᠨ ᠤ ᠬᠠᠮᠲᠤ ᠲᠡᠭᠦᠨ ᠳᠤ ᠠᠵᠢᠯ ᠤᠨ ᠪᠠᠶᠢᠷᠢ ᠶᠢᠨ ᠨᠥᠬᠦᠪᠥᠷᠢ ᠪᠠ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ ᠶᠢ ᠴᠠᠭ ᠲᠤᠬᠠᠶ ᠳᠤᠨᠢ ᠣᠯᠭᠤᠵᠤ᠂ ᠠᠵᠢᠯ ᠤᠨ ᠪᠠᠶᠢᠷᠢ ᠶᠢᠨ ᠨᠥᠬᠦᠪᠥᠷᠢ ᠶᠢ ᠲᠤᠬᠠᠶ ᠶᠢᠨ ᠭᠠᠵᠠᠷ ᠤᠨ ᠬᠠᠮᠤᠭ ᠤᠨ ᠳᠣᠤᠷ᠎ᠠ ᠴᠠᠯᠢᠩ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠣᠳᠣᠬᠠᠨ ᠳᠤ ᠤᠯᠠᠭᠠᠨᠬᠤᠲᠠ ᠣᠷᠣᠨ ᠳᠤ 1910 ᠲᠥᠭᠦᠷᠢᠭ / ᠰᠠᠷ᠎ᠠ᠂ ᠪᠤᠰᠤᠳ ᠬᠤᠰᠢᠭᠤ ᠰᠢᠶᠠᠨ ᠬᠤᠲᠠ ᠳᠤ 1850 ᠲᠥᠭᠦᠷᠢᠭ / ᠰᠠᠷ᠎ᠠ︔ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ ᠪᠣᠳᠠᠲᠠᠶ ᠲᠤᠰᠢᠶᠠᠭᠰᠠᠨ ᠨᠠᠰᠤᠵᠢᠯ ᠤᠨ ᠠᠰᠠᠷᠠᠮᠵᠢ᠂ ᠠᠵᠢᠯ ᠠᠯᠳᠠᠯᠲᠠ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠵᠠᠷᠤᠳᠠᠯ ᠢᠶᠠᠷ ᠨᠢᠭᠡᠴᠢ ᠶᠢᠨ ᠬᠡᠰᠡᠭ ᠲᠤ ᠪᠦᠬᠦ ᠲᠤᠭ᠎ᠠ ᠪᠠᠷ ᠨᠥᠬᠦᠪᠥᠷᠢ ᠥᠭᠭᠦᠨ᠎ᠡ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠭᠤᠷᠪᠠ︶ ᠰᠤᠷᠤᠯᠴᠠᠬᠤ ᠬᠦᠰᠡᠯ ᠲᠠᠢ ᠰᠠᠭᠤᠭᠠᠯᠢ ᠠᠷᠠᠳ ᠲᠤ ᠰᠦᠢᠳᠭᠡᠯ ᠬᠤᠷᠢᠶᠠᠬᠤ ᠥᠬᠡᠶ ᠪᠠᠷ ᠪᠣᠯᠪᠠᠰᠤᠷᠠᠭᠤᠯᠤᠯ ᠬᠢᠵᠦ ᠤᠷ᠎ᠠ ᠴᠢᠳᠠᠪᠤᠷᠢ ᠪᠠᠨ ᠳᠡᠭᠡᠭᠰᠢᠯᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ    11. ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠵᠢᠷᠤᠮᠵᠢᠭᠤᠯᠤᠨ ᠴᠡᠭᠴᠡᠯᠡᠨ᠎ᠡ᠃ ᠨᠢᠭᠡᠳᠦᠭᠡᠷ ᠤᠯᠠᠷᠢᠯ ᠳᠤ ᠠᠷᠠᠳ ᠠᠴᠠ ᠡᠷᠭᠢᠯᠡᠭᠰᠡᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠥᠪᠡᠷ ᠢ ᠪᠠᠨ ᠪᠠᠶᠢᠴᠠᠭᠠᠬᠤ᠂ ᠬᠤᠰᠢᠭᠤ ᠰᠢᠶᠠᠨ ᠬᠤᠲᠠ ᠶᠢ ᠳᠠᠬᠢᠨ ᠪᠠᠶᠢᠴᠠᠭᠠᠬᠤ ᠪᠠ ᠠᠶᠢᠮᠠᠭ ᠤᠨ ᠱᠠᠲᠤᠨ ᠤ ᠰᠤᠭᠤᠴᠢᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ ᠂ ᠪᠥᠬᠦ ᠠᠶᠢᠮᠠᠭ ᠤᠨ ᠠᠷᠠᠳ ᠠᠴᠠ ᠡᠷᠭᠢᠯᠡᠭᠰᠡᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠢᠯᠭᠠᠷᠠᠭᠤᠯᠤᠨ ᠴᠡᠭᠴᠡᠯᠡᠬᠦ ᠠᠵᠢᠯ ᠢ ᠪᠡᠶᠡᠯᠡᠭᠦᠯᠦᠨ᠎ᠡ᠃ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠰᠤᠷᠭᠠᠭᠤᠯᠢ ᠡᠷᠭᠢᠯᠡᠬᠦ ᠨᠥᠬᠦᠴᠡᠯ᠂ ᠪᠠᠭᠰᠢ ᠶᠢᠨ ᠬᠦᠴᠦᠨ᠂ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠪᠣᠯᠪᠠᠰᠤᠷᠠᠭᠤᠯᠤᠯ ᠤᠨ ᠶᠠᠰᠤ ᠴᠢᠨᠠᠷ ᠵᠢᠴᠢ ᠰᠤᠷᠤᠭᠴᠢᠳ ᠤᠨ ᠠᠵᠢᠯ ᠤᠯᠬᠤ ᠨᠣᠷᠮ᠎ᠠ ᠵᠡᠷᠭᠡ  ᠭᠦᠢᠴᠡᠳᠭᠡᠯ ᠲᠤᠭ᠎ᠠ ᠳᠤ ᠭᠤᠤᠯᠳᠠᠯᠭ᠎ᠠ ᠲᠠᠢ ᠬᠢᠨᠠᠨ ᠰᠢᠯᠭᠠᠯᠲᠠ ᠬᠢᠨ᠎ᠠ᠃ ᠪᠣᠯᠪᠠᠰᠤᠷᠠᠭᠤᠯᠤᠯ ᠤᠨ ᠶᠠᠰᠤ ᠴᠢᠨᠠᠷ ᠢᠶᠠᠷ ᠥᠨᠳᠥᠷ᠂ ᠰᠣᠷᠣᠭᠴᠢ ᠶᠢᠨ ᠠᠵᠢᠯ ᠤᠯᠬᠤ ᠨᠣᠷᠮ᠎ᠠ ᠪᠠᠷ ᠥᠨᠳᠥᠷ᠂ ᠰᠣᠷᠣᠭᠴᠢ ᠶᠢᠨ ᠣᠷᠣᠯᠭ᠎ᠠ ᠪᠠᠷ ᠥᠨᠳᠥᠷ ᠪᠠᠶᠢᠳᠠᠭ ᠳᠠᠭᠠᠭᠠᠨ ᠪᠣᠯᠪᠠᠰᠤᠷᠠᠭᠤᠯᠬᠤ ᠪᠠᠶᠢᠭᠤᠯᠤᠮᠵᠢ ᠳᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠡᠮᠵᠢᠯᠭᠡ ᠦᠵᠡᠭᠦᠯᠵᠦ᠂ ᠪᠣᠯᠪᠠᠰᠤᠷᠠᠭᠤᠯᠤᠯ ᠤᠨ ᠡᠭᠦᠷᠭᠡ ᠶᠢ ᠭᠤᠤᠯᠳᠠᠯᠭ᠎ᠠ ᠲᠠᠢ ᠬᠡᠯᠪᠠᠶᠢᠯᠭᠡᠨ᠎ᠡ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    12. ᠪᠣᠯᠪᠠᠰᠤᠷᠠᠭᠤᠯᠤᠯ ᠤᠨ ᠬᠦᠰᠡᠯ ᠰᠠᠨᠠᠭ᠎ᠠ ᠶᠢ ᠴᠤᠭᠯᠠᠭᠤᠯᠬᠤ ᠶᠢ ᠰᠠᠶᠢᠲᠤᠷ ᠬᠢᠵᠦ᠂ ᠬᠡᠷᠡᠭᠴᠡᠭᠡ ᠶᠣᠰᠣᠭᠠᠷ ᠲᠥᠷᠥᠯ ᠬᠤᠪᠢᠶᠠᠨ ᠪᠣᠯᠪᠠᠰᠤᠷᠠᠭᠤᠯᠬᠤ ᠶᠢ ᠵᠣᠬᠢᠶᠠᠨ ᠪᠠᠶᠢᠭᠤᠯᠬᠤ ᠬᠡᠷᠡᠭᠲᠡᠶ᠃ ᠤᠯᠠᠷᠢᠯ ᠪᠦᠷᠢ ᠳᠤ ᠨᠢᠭᠡ ᠤᠳᠠᠭᠠᠨ ᠤ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠲᠥᠪᠯᠡᠷᠡᠭᠦᠯᠦᠨ ᠬᠢᠵᠦ᠂ ᠨᠡᠶᠢᠭᠡᠮ ᠲᠣᠭᠤᠷᠢᠭ ᠤᠨ ᠰᠦᠯᠵᠢᠶᠡᠨ ᠤ ᠪᠦᠯᠦᠭᠯᠡᠯ᠂ ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ᠂ ︽ᠳᠥᠷᠪᠡ ᠶᠢ ᠨᠢᠭᠡ ᠴᠤᠭᠴᠠᠵᠢᠭᠤᠯᠬᠤ︾ ᠠᠵᠢᠯ ᠣᠯᠭᠤᠯᠲᠠ ᠶᠢᠨ  ᠦᠢᠯᠡᠴᠢᠯᠡᠭᠡᠨ ᠤ ᠡᠭᠦᠯᠡᠨ ᠲᠠᠪᠴᠠᠩ ᠢᠶᠠᠷ ᠳᠠᠮᠵᠢᠭᠤᠯᠤᠨ᠂ ᠠᠵᠢᠯ ᠣᠯᠭᠤᠯᠲᠠ ᠶᠢᠨ ᠬᠠᠮᠲᠤᠯᠢᠭ ᠤᠨ ᠪᠣᠯᠪᠠᠰᠤᠷᠠᠭᠤᠯᠤᠯ ᠤᠨ ᠬᠦᠰᠡᠯ ᠰᠠᠨᠠᠭ᠎ᠠ ᠶᠢ ᠣᠶᠢᠯᠠᠭᠠᠬᠤ ᠬᠡᠷᠡᠭᠲᠡᠶ᠃ ᠪᠣᠯᠪᠠᠰᠤᠷᠠᠭᠤᠯᠤᠯ ᠤᠨ ᠬᠡᠷᠡᠭᠴᠡᠭᠡ ᠱᠠᠭᠠᠷᠳᠠᠯᠭ᠎ᠠ ᠶᠣᠰᠣᠭᠠᠷ᠂ ︽ᠤᠯᠠᠭᠠᠨᠮᠥ᠋ᠴᠢᠷ ᠤᠨ ᠮᠠᠶ᠋ᠢᠭ︾᠂ ︽ᠢᠨᠲ᠋ᠧᠷ ᠰᠦᠯᠵᠢᠶ᠎ᠡ +︾ ᠵᠡᠷᠭᠡ ᠠᠮᠢᠳᠤᠯᠢᠭ ᠪᠥᠭᠡᠳ ᠣᠯᠠᠨ ᠶᠠᠩᠵᠤ ᠶᠢᠨ ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠢ ᠠᠪᠴᠤ᠂ ᠬᠠᠮ ᠵᠠᠭᠤᠴᠢᠯᠠᠭᠤᠷ ᠤᠨ ᠡᠵᠡᠩᠨᠡᠭᠴᠢ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠮᠡᠷᠭᠡᠵᠢᠯᠲᠡᠨ᠂ ᠣᠷᠣᠨ ᠬᠡᠰᠡᠭ ᠤᠨ ᠬᠡᠯᠬᠢᠶᠡᠰᠦ ᠶᠢᠨ ᠬᠡᠷᠡᠭᠯᠡᠭᠡᠨ ᠤ ᠠᠵᠢᠯᠯᠠᠭᠴᠢ ᠪᠠ ᠰᠦᠯᠵᠢᠶ᠎ᠡ ᠪᠠᠷ ᠪᠣᠯᠵᠣᠵᠤ ᠳᠣᠭᠢᠷᠠᠭᠤᠯᠤᠨ ᠬᠦᠷᠭᠡᠭᠴᠢ᠂ ᠰᠦᠯᠵᠢᠶ᠎ᠡ ᠪᠠᠷ ᠪᠣᠯᠵᠣᠬᠤ ᠲᠡᠷᠭᠡᠨ ᠤ ᠵᠢᠯᠣᠭᠤᠴᠢ᠂ ᠢᠨᠲ᠋ᠧᠷ ᠰᠦᠯᠵᠢᠶᠡᠨ ᠤ ᠡᠵᠡᠩᠨᠡᠨ ᠪᠣᠷᠣᠯᠠᠭᠤᠯᠤᠭᠴᠢ ᠵᠡᠷᠭᠡ ᠰᠢᠨ᠎ᠡ ᠪᠠᠷ ᠪᠣᠶ ᠪᠣᠯᠤᠭᠰᠠᠨ ᠠᠵᠢᠯ ᠮᠡᠷᠭᠡᠵᠢᠯ ᠤᠨ ᠲᠥᠷᠥᠯ ᠤᠨ ᠪᠣᠯᠪᠠᠰᠤᠷᠠᠭᠤᠯᠤᠯ ᠢ ᠭᠤᠤᠯᠳᠠᠯᠭ᠎ᠠ ᠲᠠᠢ ᠥᠷᠨᠢᠭᠦᠯᠵᠦ᠂ ᠬᠤᠲᠠ ᠪᠠᠯᠭᠠᠰᠤ ᠶᠢᠨ ᠠᠵᠢᠯ ᠣᠯᠭᠤᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯ ᠤᠯᠬᠤ ᠨᠣᠷᠮ᠎ᠠ ᠶᠢ 60% ᠠᠴᠠ ᠳᠡᠭᠡᠭᠰᠢ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    13. ᠪᠣᠯᠪᠠᠰᠤᠷᠠᠭᠤᠯᠤᠯ ᠤᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠨᠠᠷᠠᠲᠤ ᠲᠥᠷᠥᠯ ᠲᠡᠮᠳᠡᠭᠴᠢᠯᠡᠭᠰᠡᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠬᠡᠷᠡᠭᠵᠢᠭᠦᠯᠦᠨ᠎ᠡ᠃ ᠵᠠᠰᠠᠭ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠢᠯ ᠮᠡᠷᠭᠡᠵᠢᠯ ︵ᠮᠡᠷᠭᠡᠵᠢᠯ ᠤᠨ ᠠᠵᠢᠯᠴᠢᠨ︶ ᠤᠨ ᠳᠡᠭᠡᠳᠦ ᠰᠤᠷᠭᠠᠭᠤᠯᠢ᠂ ᠠᠷᠠᠳ ᠠᠴᠠ ᠡᠷᠭᠢᠯᠡᠭᠰᠡᠨ ᠪᠠᠶᠢᠭᠤᠯᠤᠮᠵᠢ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ ᠦᠨᠡᠯᠡᠬᠦ ᠠᠵᠢᠯ ᠢ ᠪᠡᠶ᠎ᠡ ᠪᠠᠨ ᠳᠠᠭᠠᠭᠠᠨ ᠥᠷᠨᠢᠭᠦᠯᠬᠦ ᠶᠢ ᠳᠡᠮᠵᠢᠵᠦ᠂ ᠣᠯᠠᠨ ᠲᠦᠮᠡᠨ ᠤ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠪᠣᠯᠪᠠᠰᠤᠷᠠᠭᠤᠯᠤᠯ ᠤᠨ ᠲᠥᠷᠥᠯ ᠵᠦᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠡᠯᠢᠶᠡᠳ ᠥᠨᠳᠥᠷ ᠵᠠᠬ᠎ᠠ ᠳᠡᠯᠭᠡᠭᠦᠷ ᠤᠨ ᠠᠯᠳᠠᠷᠰᠢᠯ ᠪᠠ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠲᠠᠢ ︽ᠬᠢᠩᠭᠠᠨ ᠤ  ᠨᠢᠷᠠᠢ ᠶᠢᠨ ᠠᠰᠠᠷᠠᠭᠴᠢ︾ ᠵᠡᠷᠭᠡ ᠪᠣᠯᠪᠠᠰᠤᠷᠠᠭᠤᠯᠤᠯ ᠤᠨ ᠨᠠᠷᠠᠲᠤ ᠲᠥᠷᠥᠯ ᠲᠡᠮᠳᠡᠭᠲᠦ ᠶᠢ ᠰᠦᠪᠡᠭᠴᠢᠯᠡᠨ ᠪᠤᠶᠢᠵᠢᠭᠤᠯᠵᠤ᠂ ᠪᠣᠯᠪᠠᠰᠤᠷᠠᠭᠤᠯᠤᠯ ᠤᠨ ᠲᠥᠷᠥᠯ ᠢᠯᠭᠠᠯ ᠢ ᠪᠣᠯᠪᠠᠰᠤᠷᠠᠭᠤᠯᠤᠯ ᠤᠨ ᠦᠶᠡᠯᠡᠯ ᠤᠨ ᠬᠤᠭᠤᠴᠠᠭ᠎ᠠ ᠪᠠᠷ ᠣᠬᠤᠷ᠂ ᠠᠵᠢᠯ ᠣᠯᠭᠤᠯᠲᠠ ᠶᠢᠨ ᠣᠷᠣᠯᠭ᠎ᠠ ᠶᠢᠨ ᠨᠡᠮᠡᠭᠳᠡᠯ ᠢᠶᠠᠷ ᠲᠦᠷᠭᠡᠨ C ᠲᠥᠷᠥᠯ ᠢᠶᠠᠷ ᠭᠤᠤᠯ ᠪᠣᠯᠭᠠᠨ᠎ᠠ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    14. ᠰᠢᠨ᠎ᠡ ᠶᠢ ᠡᠭᠦᠳᠬᠦ ᠪᠣᠯᠪᠠᠰᠤᠷᠠᠭᠤᠯᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠪᠥᠬᠦ ᠠᠶᠢᠮᠠᠭ ᠤᠨ ᠠᠳᠠᠯ  ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠦᠰᠢᠭᠯᠡᠨ᠂ ᠠᠳᠠᠯ  ᠦᠢᠯᠡᠰ ᠴᠣᠭᠴᠠᠯᠠᠬᠤ ᠬᠦᠰᠡᠯ ᠰᠠᠨᠠᠭ᠎ᠠ ᠲᠠᠢ ᠬᠥᠳᠡᠯᠮᠦᠷᠢᠴᠢᠳ ᠲᠤ ᠴᠢᠭᠯᠡᠭᠦᠯᠦᠨ ᠠᠳᠠᠯ  ᠦᠢᠯᠡᠰ ᠴᠣᠭᠴᠠᠯᠠᠬᠤ ᠦᠵᠡᠯ ᠤᠬᠠᠮᠰᠠᠷ ᠢ ᠥᠷᠨᠢᠭᠦᠯᠵᠦ᠂ ᠠᠵᠤ ᠠᠬᠤᠶᠢᠯᠠᠯ᠂ ᠰᠦᠯᠵᠢᠶ᠎ᠡ ᠪᠠᠷ ᠠᠳᠠ᠊ ᠦᠢᠡᠯᠰ ᠴᠣᠭᠴᠠᠯᠠᠬᠤ᠂ ᠠᠵᠤ ᠠᠬᠤᠶᠢᠯᠠᠯ ᠢ ᠰᠠᠶᠢᠵᠢᠷᠠᠭᠤᠯᠬᠤ ᠵᠡᠷᠭᠡ ᠪᠣᠯᠪᠠᠰᠤᠷᠠᠭᠤᠯᠤᠯ ᠤᠨ ᠬᠢᠴᠢᠶᠡᠯ ᠢ ᠡᠭᠦᠳᠦᠨ ᠡᠷᠭᠢᠯᠡᠵᠦ᠂ ᠲᠡᠳᠡᠨ ᠤ ᠠᠳᠠᠯ  ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠪᠠ ᠠᠵᠤ ᠠᠬᠤᠶᠢᠯᠠᠯ ᠤᠨ ᠡᠵᠡᠩᠨᠡᠯᠲᠡ ᠶᠢᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠪᠣᠯᠪᠠᠰᠤᠷᠠᠭᠤᠯᠤᠭᠰᠠᠨ ᠤ ᠳᠠᠷᠠᠭ᠎ᠠ ᠠᠳᠠᠯ  ᠦᠢᠯᠡᠰ‌‍ᠴᠣᠭᠴᠠᠯᠠᠭᠠᠳ ᠠᠮᠵᠢᠯᠲᠠ ᠣᠯᠤᠭᠰᠠᠨ ᠨᠣᠷᠮ᠎ᠠ ᠶᠢ 40% ᠠᠴᠠ ᠳᠡᠭᠡᠭᠰᠢ ᠳᠤ ᠬᠦᠷᠦᠭᠦᠯᠵᠦ᠂ ᠠᠵᠢᠯ ᠣᠯᠭᠤᠯᠲᠠ ᠶᠢ ᠳᠠᠶᠢᠴᠢᠯᠠᠨ 3.5 ᠳᠠᠬᠢᠨ ᠠᠴᠠ ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ︵ᠳᠥᠷᠪᠡ︶ ᠬᠤᠲᠠ ᠪᠠᠯᠭᠠᠰᠤᠨ ᠤ ᠪᠣᠳᠠᠲᠠᠶ ᠬᠦᠴᠢᠷᠳᠡᠯ ᠲᠠᠢ ᠬᠠᠮᠲᠤᠯᠢᠭ ᠢ ᠬᠥᠳᠡᠯᠦᠩᠭᠦᠶ ᠪᠠᠷ ᠬᠢᠨᠠᠨ ᠬᠡᠮᠵᠢᠵᠦ ᠣᠷᠣᠯᠭ᠎ᠠ ᠪᠠᠨ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ 15. ᠬᠤᠲᠠ ᠪᠠᠯᠭᠠᠰᠤ ᠶᠢᠨ ᠪᠣᠳᠠᠲᠠᠶ ᠬᠦᠴᠢᠷᠳᠡᠯ ᠲᠠᠢ ᠬᠥᠮᠦᠰ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ ᠬᠤᠲᠠ ᠪᠠᠯᠭᠠᠰᠤᠨ ᠤ ᠪᠣᠳᠠᠲᠠᠶ ᠬᠦᠴᠢᠷᠳᠡᠯ ᠲᠠᠢ ᠬᠠᠮᠲᠤᠯᠢᠭ ᠲᠤ ᠭᠤᠤᠯᠳᠠᠭᠤ ᠭᠤᠷᠪᠠᠨ ᠲᠥᠷᠥᠯ ᠤᠨ ᠬᠥᠮᠦᠰ ᠪᠠᠭᠲᠠᠨ᠎ᠠ᠂ ᠲᠤᠬᠠᠶᠢᠯᠠᠪᠠᠯ ᠬᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠨᠢ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ ᠪᠣᠯᠪᠠᠴᠤ ᠬᠡᠷ ᠪᠦᠯᠢ ᠶᠢᠨ ᠡᠳ᠋ ᠬᠥᠷᠥᠩᠭᠡ ᠨᠢ ᠪᠠᠷᠢᠮᠵᠢᠶ᠎ᠠ ᠠᠴᠠ ᠬᠡᠲᠦᠷᠡᠭᠰᠡᠨ ᠠᠴᠠ ᠪᠣᠯᠵᠣ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠮᠦᠰ ᠲᠤ ᠬᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠨᠢ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠠᠴᠠ ᠥᠨᠳᠥᠷ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠬᠢᠨ ᠠᠴᠠ ᠳᠣᠤᠷ᠎ᠠ ᠪᠠᠶᠢᠭ᠎ᠠ ᠨᠠᠭᠠᠳᠤ ᠵᠠᠬ᠎ᠠ ᠶᠢᠨ ᠠᠮᠢᠳᠤᠷᠠᠯ ᠤᠨ ᠬᠡᠳᠦ᠋ᠢᠪᠡᠷ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠷᠣᠭᠤᠯᠤᠭᠰᠠᠨ ᠪᠣᠯᠪᠠᠴᠤ ᠬᠡᠷ ᠪᠦᠯᠢ ᠶᠢᠨ ᠵᠠᠶᠢᠯᠠᠰᠢ ᠥᠬᠡᠶ ᠵᠠᠷᠤᠯᠭ᠎ᠠ ᠨᠢ ᠨᠡᠯᠢᠶᠡᠳ ᠶᠡᠭᠡ ᠪᠠᠶᠢᠵᠤ᠂ ᠠᠮᠢᠳᠤᠷᠠᠯ ᠨᠢ ᠮᠥᠨ ᠬᠦ ᠨᠡᠯᠢᠶᠡᠳ ᠬᠦᠴᠢᠷᠳᠡᠯᠲᠡᠶ ᠬᠥᠮᠦᠰ ᠲᠤ ᠪᠠᠭᠲᠠᠨ᠎ᠠ᠃ ᠰᠢ ᠠᠨ ᠤ ᠡᠳ᠋ ᠤᠨ ᠵᠠᠰᠠᠭ ᠠᠵᠤ ᠠᠬᠤᠶ ᠶᠢᠨ ᠶᠡᠭᠡ ᠰᠤᠷᠭᠠᠭᠤᠯᠢ ᠲᠠᠢ ᠬᠠᠮᠲᠤᠷᠠᠨ ᠠᠵᠢᠯᠯᠠᠵᠤ᠂ ᠨᠠᠷᠢᠯᠢᠭ ᠣᠨᠣᠴᠠᠲᠠᠶ ᠪᠠᠷ ᠢᠯᠭᠠᠨ ᠲᠠᠨᠢᠬᠤ ᠵᠢᠵᠢᠭ ᠳᠡᠰ ᠳᠠᠷᠠᠭᠠᠯᠠᠯ ᠢ ᠰᠤᠳᠤᠯᠤᠨ ᠨᠡᠭᠡᠭᠡᠵᠦ᠂ ᠬᠤᠲᠠ ᠪᠠᠯᠭᠠᠰᠤ ᠶᠢᠨ ᠪᠣᠳᠠᠲᠤ ᠶᠠᠪᠤᠳᠠᠯ ᠢᠶᠠᠷ ᠬᠦᠴᠢᠷᠳᠡᠯᠲᠡᠶ ᠬᠠᠮᠲᠤᠯᠢᠭ ᠤᠨ ᠬᠡᠷ ᠪᠦᠯᠢ ᠶᠢᠨ ᠣᠷᠣᠯᠭ᠎ᠠ ᠶᠢ ᠨᠠᠷᠢᠯᠢᠭ ᠣᠨᠣᠴᠠᠲᠠᠶ ᠪᠠᠷ ᠲᠣᠭᠠᠴᠠᠭ᠎ᠠ ᠬᠢᠬᠦ ᠲᠣᠮᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠬᠤᠲᠠ ᠪᠠᠯᠭᠠᠰᠤ ᠶᠢᠨ ᠪᠣᠳᠠᠲᠤ ᠶᠠᠪᠤᠳᠠᠯ ᠢᠶᠠᠷ ᠬᠦᠴᠢᠷᠳᠡᠯᠲᠡᠶ ᠬᠠᠮᠲᠤᠯᠢᠭ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠂ ᠸᠢᠴᠠᠲ ᠤᠨ ᠵᠢᠵᠢᠭ ᠫᠷᠤᠭ᠍ᠷᠠᠮ ᠢᠶᠠᠷ ᠭᠤᠶᠤᠴᠢᠯᠠᠬᠤ ᠪᠤᠶᠤ ᠨᠡᠶᠢᠭᠡᠮ ᠲᠣᠭᠤᠷᠢᠭ ᠤᠨ ᠠᠷᠠᠳ ᠤᠨ ᠶᠠᠪᠤᠳᠠᠯ ᠤᠨ ᠲᠤᠰᠠᠯᠠᠭᠴᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠪᠠᠷ ᠳᠡᠮᠵᠢᠨ᠂ ᠢᠯᠭᠠᠨ ᠲᠠᠨᠢᠭᠰᠠᠨ ᠬᠤᠲᠠ ᠪᠠᠯᠭᠠᠰᠤ ᠶᠢᠨ ᠪᠣᠳᠠᠲᠤ ᠶᠠᠪᠤᠳᠠᠯ ᠢᠶᠠᠷ ᠬᠦᠴᠢᠷᠳᠡᠯᠲᠡᠶ ᠬᠠᠮᠲᠤᠯᠢᠭ ᠢ ᠳ᠋ᠠᠶᠢᠲ᠋ᠠ ᠶᠢᠨ ᠬᠥᠮᠥᠷᠭᠡ ᠳᠤ ᠣᠷᠣᠭᠤᠯᠤᠨ ᠬᠥᠳᠡᠯᠦᠩᠭᠦᠶ ᠬᠢᠨᠠᠨ ᠬᠡᠮᠵᠢᠯᠲᠡ ᠬᠢᠵᠦ᠂ ᠨᠥᠬᠦᠴᠡᠯ ᠳᠤ ᠨᠡᠶᠢᠴᠡᠭᠰᠡᠨ ᠢ ᠨᠢ ᠴᠠᠭ ᠲᠤᠬᠠᠶ ᠳᠤᠨᠢ ᠦᠨᠳᠦᠰᠦᠨ  ᠵᠦᠢᠯ ᠢ ᠪᠠᠲᠤᠯᠠᠬᠤ ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    16. ᠬᠤᠲᠠ ᠪᠠᠯᠭᠠᠰᠤ ᠶᠢᠨ ᠪᠣᠳᠠᠲᠠᠶ ᠪᠠᠷ ᠬᠦᠴᠢᠷᠳᠡᠯᠲᠡᠶ ᠬᠥᠮᠦᠰ ᠤᠨ ᠦᠨᠳᠦᠰᠦᠨ  ᠵᠦᠢᠯ ᠢ ᠪᠠᠲᠤᠯᠠᠬᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠤᠰᠬᠠᠶ ᠪᠠᠯᠠ ᠮᠥᠩᠭᠦ ᠶᠢᠨ ᠲᠣᠭᠲᠠᠴᠠ ᠶᠢ ᠪᠠᠶᠢᠭᠤᠯᠤᠨ᠎ᠠ᠃ ᠠᠶᠢᠮᠠᠭ᠂ ᠬᠤᠰᠢᠭᠤ ᠰᠢᠶᠠᠨ ᠬᠤᠲᠠ ᠨᠢ 3᠄ 7 ᠶᠢᠨ ᠬᠠᠷᠢᠴᠠᠯ ᠢᠶᠠᠷ ᠬᠤᠪᠢᠶᠠᠨ ᠡᠭᠦᠷᠭᠡᠯᠡᠵᠦ᠂ ᠬᠤᠲᠠ ᠪᠠᠯᠭᠠᠰᠤ ᠶᠢᠨ ᠪᠣᠳᠠᠲᠠᠶ ᠪᠠᠷ ᠬᠦᠴᠢᠷᠳᠡᠯᠲᠡᠶ ᠬᠠᠮᠲᠤᠯᠢᠭ ᠤᠨ ᠦᠨᠳᠦᠰᠦᠨ  ᠵᠦᠢᠯ ᠢ ᠪᠠᠲᠤᠯᠠᠬᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠤᠰᠬᠠᠶ ᠪᠠᠯᠠ ᠮᠥᠩᠭᠦ ᠶᠢ ᠪᠠᠶᠢᠭᠤᠯᠵᠤ᠂ ᠬᠤᠲᠠ ᠪᠠᠯᠭᠠᠰᠤ ᠶᠢᠨ ᠪᠣᠳᠠᠲᠠᠶ ᠪᠠᠷ ᠬᠦᠴᠢᠷᠳᠡᠯᠲᠡᠶ ᠬᠠᠮᠲᠤᠯᠢᠭ ᠤᠨ ᠦᠨᠳᠦᠰᠦᠨ  ᠵᠦᠢᠯ ᠢ ᠪᠠᠲᠤᠯᠠᠬᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠳᠤ ᠲᠤᠰᠬᠠᠶ   ᠵᠦᠢᠯ ᠢᠶᠠᠷ ᠬᠡᠷᠡᠭᠯᠡᠵᠦ᠂ 2023 ᠣᠨ ᠳᠤ ᠠᠶᠢᠮᠠᠭ ᠤᠨ ᠲᠣᠰ ᠱᠠᠲᠤᠨ ᠤ ᠲᠥᠰᠦᠪ ᠤᠨ ᠪᠠᠯᠠ ᠮᠥᠩᠭᠦ ᠶᠢ 300 ᠲᠦᠮᠡᠨ ᠲᠥᠭᠦᠷᠢᠭ ᠳᠣᠭᠢᠷᠠᠭᠤᠯᠤᠨ᠎ᠠ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    17᠂ ᠦᠨᠳᠦᠰᠦᠨ ᠠᠮᠢᠳᠤᠷᠠᠯ ᠤᠨ ᠦᠨᠳᠦᠰᠦᠨ  ᠵᠦᠢᠯ ᠢ ᠪᠠᠲᠤᠯᠠᠬᠤ ᠪᠠᠲᠤᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠭᠡᠷ ᠪᠦᠯᠢ ᠶᠢᠨ ᠭᠡᠷ ᠤᠨ ᠬᠡᠷᠡᠭᠯᠡᠭᠡᠨ ᠤ ᠮᠠᠰᠢᠨ ᠲᠡᠷᠭᠡ᠂ ᠡᠭᠦᠳᠡᠨ ᠭᠡᠷ᠂ ᠬᠤᠶᠠᠷ ᠠᠴᠠ ᠳᠡᠭᠡᠭᠰᠢᠬᠢ ᠣᠷᠣᠨ ᠰᠠᠭᠤᠴᠠ᠂ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ᠂ ᠡᠳ᠋ ᠤᠨ ᠵᠠᠰᠠᠭ ᠠᠴᠠ ᠲᠡᠵᠢᠭᠡᠵᠦ ᠪᠠᠶᠢᠭ᠎ᠠ ᠬᠥᠮᠦᠰ ᠵᠡᠷᠭᠡ ᠪᠠᠶᠢᠳᠠᠯ ᠳᠤ᠂ ᠭᠡᠪᠡᠴᠦ ᠬᠡᠷ ᠪᠦᠯᠢ ᠶᠢᠨ ᠬᠥᠮᠦᠨ ᠳᠤᠮᠳᠠᠴᠢ ᠶᠢᠨ ᠣᠷᠣᠯᠭ᠎ᠠ ᠨᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠤᠷ᠎ᠠ᠂ ᠪᠣᠳᠠᠲᠠᠶ ᠠᠮᠢᠳᠤᠷᠠᠯ ᠳᠤᠨᠢ ᠬᠦᠨᠳᠦ ᠶᠡᠭᠡ ᠬᠦᠴᠢᠷᠳᠡᠯ ᠣᠷᠣᠰᠢᠵᠤ ᠪᠠᠶᠢᠭ᠎ᠠ ᠬᠤᠲᠠ ᠪᠠᠯᠭᠠᠰᠤ ᠶᠢᠨ ᠪᠣᠳᠠᠲᠤ ᠶᠠᠪᠤᠳᠠᠯ ᠢᠶᠠᠷ ᠬᠦᠴᠢᠷᠳᠡᠯᠲᠡᠶ ᠬᠥᠮᠦᠰ ᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠪᠤᠶᠤ ᠬᠤᠰᠢᠭᠤ ᠰᠢᠶᠠᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠲᠠᠢ ᠬᠠᠮᠲᠤᠷᠠᠨ ︽ᠨᠢᠭᠡ ᠬᠡᠷᠡᠭ ᠢ ᠨᠢᠭᠡ ᠵᠥᠪᠯᠡᠬᠦ︾ ᠵᠡᠷᠭᠡ ᠠᠷᠭ᠎ᠠ ᠮᠠᠶ᠋ᠢᠭ ᠢᠶᠠᠷ ᠵᠥᠪᠯᠡᠨ ᠲᠣᠭᠲᠠᠭᠠᠵᠤ᠂ ᠲᠣᠭᠲᠠᠭᠠᠯ ᠶᠣᠰᠣᠭᠠᠷ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠭ᠎ᠠ ᠳᠤ ᠣᠷᠣᠭᠤᠯᠤᠨ᠂ ᠲᠡᠳᠡᠨ ᠤ ᠦᠨᠳᠦᠰᠦᠨ ᠠᠮᠢᠳᠤᠷᠠᠯ ᠢ ᠪᠠᠲᠤᠯᠠᠵᠤ ᠪᠣᠯᠤᠨ᠎ᠠ︔ ︽ᠨᠢᠭᠡ ᠬᠡᠷᠡᠭ ᠢ ᠨᠢᠭᠡ ᠵᠥᠪᠯᠡᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠭ᠎ᠠ ᠳᠤ ᠣᠷᠣᠭᠤᠯᠬᠤ ᠶᠢᠨ ᠠᠷᠭ᠎ᠠ ᠥᠬᠡᠶ ᠪᠠᠶᠢᠪᠠᠯ᠂ ᠲᠣᠰ ᠬᠥᠮᠦᠨ ᠤ ᠭᠤᠶᠤᠴᠢᠯᠠᠯ ᠢᠶᠠᠷ ᠳᠡᠮᠵᠢᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠲᠦᠷ ᠴᠠᠭ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠪᠡᠯ᠂ ᠲᠤᠬᠠᠶᠢᠯᠠᠭᠰᠠᠨ ᠠᠵᠢᠯ ᠢ ᠭᠠᠷᠲᠠᠨ  ᠭᠦᠢᠴᠡᠳᠭᠡᠬᠦ ᠪᠠᠶᠢᠭᠤᠯᠤᠮᠵᠢ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠣᠲᠣ ᠶᠢᠨ ᠬᠡᠷᠡᠭᠵᠢᠭᠦᠯᠵᠦ ᠪᠠᠶᠢᠭ᠎ᠠ ᠲᠦᠷ ᠴᠠᠭ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠲᠦᠷ ᠴᠠᠭ ᠤᠨ ᠠᠪᠤᠷᠠᠨ ᠲᠤᠰᠠᠯᠠᠬᠤ ᠮᠥᠩᠭᠦ ᠣᠯᠭᠤᠵᠤ᠂ ᠦᠨᠳᠦᠰᠦᠨ ᠠᠮᠢᠳᠤᠷᠠᠯ ᠤᠨ ᠨᠥᠬᠦᠪᠥᠷᠢ ᠳᠤ ᠬᠡᠷᠡᠭᠯᠡᠨ᠎ᠡ᠃ ᠬᠡᠳᠦ᠋ᠢᠪᠡᠷ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠣᠷᠣᠭᠤᠯᠤᠭᠰᠠᠨ ᠪᠣᠯᠪᠠᠴᠤ ᠬᠡᠷ ᠪᠦᠯᠢ ᠶᠢᠨ ᠵᠠᠶᠢᠯᠠᠰᠢ ᠥᠬᠡᠶ ᠵᠠᠷᠤᠯᠭ᠎ᠠ ᠨᠢ ᠨᠡᠯᠢᠶᠡᠳ ᠶᠡᠭᠡ᠂ ᠠᠮᠢᠳᠤᠷᠠᠯ ᠨᠢ ᠮᠥᠨ ᠬᠦ ᠨᠡᠯᠢᠶᠡᠳ ᠬᠦᠴᠢᠷᠳᠡᠯᠲᠡᠶ ᠬᠥᠮᠦᠰ ᠪᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠬᠥᠮᠦᠨ ᠠᠮᠠ ᠳᠤ ᠪᠣᠳᠠᠲᠠᠶ ᠪᠠᠶᠢᠳᠠᠯ ᠢ ᠦᠨᠳᠦᠰᠦᠯᠡᠨ᠂ ᠲᠦᠷ ᠴᠠᠭ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠪᠡᠯ ᠲᠦᠷ ᠴᠠᠭ ᠤᠨ ᠠᠪᠤᠷᠠᠨ ᠲᠤᠰᠠᠯᠠᠯᠲᠠ ᠣᠯᠭᠤᠨ᠎ᠠ᠃ ︵ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    18. ᠡᠮᠴᠢᠯᠡᠭᠡ᠂ ᠣᠷᠣᠨ ᠰᠠᠭᠤᠴᠠ᠂ ᠰᠤᠷᠭᠠᠨ ᠬᠥᠮᠦᠵᠢᠯ᠂ ᠠᠵᠢᠯ ᠣᠯᠭᠤᠯᠲᠠ ᠵᠡᠷᠭᠡ ᠶᠢᠨ ᠲᠤᠰᠬᠠᠶ  ᠵᠦᠢᠯ ᠤᠨ ᠲᠡᠩᠬᠡᠷᠡᠭᠦᠯᠦᠨ ᠲᠤᠰᠠᠯᠠᠬᠤ ᠶᠢ ᠴᠢᠩᠭᠠᠳᠬᠠᠨ᠎ᠠ᠃ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠲᠠᠯ᠎ᠠ ᠪᠠᠷ᠂ ᠬᠤᠲᠠ ᠪᠠᠯᠭᠠᠰᠤᠨ ᠤ ᠪᠣᠳᠠᠲᠠᠶ ᠬᠦᠴᠢᠷᠳᠡᠯ ᠲᠠᠢ ᠬᠠᠮᠲᠤᠯᠢᠭ ᠤᠨ ᠳᠣᠲᠣᠷᠠᠬᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠭᠰᠠᠨ ᠠᠴᠠ ᠪᠣᠯᠤᠭᠰᠠᠨ ᠡᠮ ᠡᠮᠨᠡᠯᠭᠡ ᠶᠢᠨ ᠵᠠᠷᠤᠳᠠᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠢᠶᠠᠷ ᠲᠠᠩᠰᠠ ᠲᠠᠶᠢᠯᠤᠭᠰᠠᠨ ᠤ ᠳᠠᠷᠠᠭᠠᠬᠢ ᠲᠣᠭᠲᠠᠭᠠᠯ ᠳᠤ ᠨᠡᠶᠢᠴᠡᠭᠰᠡᠨ ᠬᠤᠪᠢ ᠬᠥᠮᠦᠨ ᠤ ᠥᠪᠡᠷᠲᠡᠭᠡᠨ ᠲᠤᠰᠢᠶᠠᠭᠰᠠᠨ ᠡᠮ ᠡᠮᠨᠡᠯᠭᠡ ᠶᠢᠨ ᠵᠠᠷᠤᠳᠠᠯ ᠳᠤ ᠵᠣᠬᠢᠬᠤ ᠬᠠᠷᠢᠴᠠᠯ ᠤᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠣᠯᠭᠤᠨ᠎ᠠ ᠬᠤᠲᠠ ᠪᠠᠯᠭᠠᠰᠤ ᠶᠢᠨ ᠪᠣᠳᠠᠲᠤ ᠶᠠᠪᠤᠳᠠᠯ ᠢᠶᠠᠷ ᠬᠦᠴᠢᠷᠳᠡᠯᠲᠡᠶ ᠬᠠᠮᠲᠤᠯᠢᠭ ᠤᠨ ᠡᠮᠨᠡᠯᠭᠡ ᠳᠤ ᠰᠠᠭᠤᠵᠤ ᠥᠪᠡᠷᠲᠡᠭᠡᠨ ᠲᠤᠰᠢᠶᠠᠭᠰᠠᠨ ᠡᠮᠴᠢᠯᠡᠭᠡᠨ ᠤ ᠵᠠᠷᠤᠳᠠᠯ ᠨᠢ 3 ᠲᠦᠮᠡᠨ ᠲᠥᠭᠦᠷᠢᠭ ᠠᠴᠠ ᠬᠡᠲᠦᠷᠡᠭᠰᠡᠨ ᠪᠠᠶᠢᠪᠠᠯ᠂ ᠲᠣᠰ ᠬᠥᠮᠦᠨ ᠤ ᠭᠤᠶᠤᠴᠢᠯᠠᠯ ᠢᠶᠠᠷ ᠳᠡᠮᠵᠢᠨ᠂ ᠲᠦᠷ ᠴᠠᠭ ᠤᠨ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠤᠬᠠᠶᠢᠯᠠᠭᠰᠠᠨ ᠠᠵᠢᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠪᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠤᠲᠠ ᠪᠠᠯᠭᠠᠰᠤ ᠶᠢᠨ ᠪᠣᠳᠠᠲᠤ ᠶᠠᠪᠤᠳᠠᠯ ᠢᠶᠠᠷ ᠬᠦᠴᠢᠷᠳᠡᠯᠲᠡᠶ ᠬᠠᠮᠲᠤᠯᠢᠭ ᠤᠨ ᠦᠨᠳᠦᠰᠦᠨ ᠵᠦᠢᠯ ᠢ ᠪᠠᠲᠤᠯᠠᠬᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠲᠤᠰᠬᠠᠶ ᠪᠠᠯᠠ ᠮᠥᠩᠭᠦ ᠶᠢᠨ ᠳᠣᠲᠣᠷ᠎ᠠ ᠲᠣᠭᠲᠠᠭᠠᠯ ᠳᠤ ᠨᠡᠶᠢᠴᠡᠬᠦ ᠲᠤᠭ᠎ᠠ ᠨᠤᠷᠮ᠎ᠠ ᠠᠴᠠ ᠳᠠᠪᠠᠭᠰᠠᠨ ᠬᠡᠰᠡᠭ ᠤᠨ 10% ᠪᠠᠷ ᠲᠦᠷ ᠴᠠᠭ ᠤᠨ ᠠᠪᠤᠷᠠᠨ ᠲᠤᠰᠠᠯᠠᠬᠤ ᠶᠢ ᠬᠡᠷᠡᠭᠵᠢᠭᠦᠯᠵᠦ᠂ ᠲᠦᠷ ᠴᠠᠭ ᠤᠨ ᠠᠪᠤᠷᠠᠨ ᠲᠤᠰᠠᠯᠠᠬᠤ ᠲᠤᠭ᠎ᠠ ᠬᠡᠮᠵᠢᠶ᠎ᠡ ᠨᠢ ᠬᠠᠮᠤᠭ ᠥᠨᠳᠥᠷ ᠲᠡᠭᠡᠨ 5000 ᠲᠥᠭᠦᠷᠢᠭ ᠠᠴᠠ ᠬᠡᠲᠦᠷᠡᠵᠦ ᠪᠣᠯᠬᠤ ᠥᠬᠡᠶ᠃ ᠰᠤᠷᠭᠠᠨ ᠬᠥᠮᠦᠵᠢᠯ ᠤᠨ ᠲᠡᠩᠬᠡᠷᠡᠭᠦᠯᠦᠨ ᠲᠤᠰᠠᠯᠠᠬᠤ ᠲᠠᠯ᠎ᠠ ᠪᠠᠷ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠯ ᠢᠶᠠᠷ ᠳᠡᠮᠵᠢᠨ ᠪᠠᠶᠢᠭᠤᠯᠤᠭᠰᠠᠨ ᠠᠶᠢᠮᠠᠭ ᠤᠨ ᠳᠣᠲᠣᠷᠠᠬᠢ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠪᠠ ᠲᠦᠭᠡᠮᠡᠯ ᠬᠠᠷᠠᠭᠠᠯᠵᠠᠯ ᠤᠨ ᠴᠢᠨᠠᠷᠲᠠᠶ ᠠᠷᠠᠳ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ︵ᠬᠡᠤᠬᠡᠳ ᠰᠠᠭᠠᠲᠠᠭᠤᠯᠬᠤ ᠭᠠᠵᠠᠷ᠂ ᠲᠥᠷᠥᠭᠰᠡᠨ ᠬᠡᠤᠬᠡᠳ ᠤᠨ ᠴᠡᠴᠡᠷᠯᠢᠭ ᠵᠡᠷᠭᠡ ᠠᠩᠬᠠᠨ ᠤ ᠰᠤᠷᠭᠠᠨ ᠬᠥᠮᠦᠵᠢᠯ ᠤᠨ ᠪᠠᠶᠢᠭᠤᠯᠤᠮᠵᠢ ᠪᠠᠭᠲᠠᠬᠤ ᠥᠬᠡᠶ︶ ᠢ ᠭᠥᠯᠢᠶᠡᠨ ᠠᠪᠴᠤ ᠰᠤᠷᠤᠯᠴᠠᠵᠤ ᠪᠠᠶᠢᠭ᠎ᠠ ᠬᠤᠲᠠ ᠪᠠᠯᠭᠠᠰᠤ ᠶᠢᠨ ᠪᠣᠳᠠᠲᠠᠶ ᠬᠦᠴᠢᠷᠳᠡᠯ ᠲᠠᠢ ᠬᠡᠷ ᠪᠦᠯᠢ ᠶᠢᠨ ᠬᠡᠤᠬᠡᠳ ᠤᠨ ᠠᠰᠠᠷᠠᠨ ᠬᠥᠮᠦᠵᠢᠭᠦᠯᠬᠦ ᠵᠠᠷᠤᠳᠠᠯ ᠢ ᠬᠠᠰᠤᠵᠤ ᠭᠡᠯᠳᠦᠷᠢᠭᠦᠯᠦᠨ᠎ᠡ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠬᠤᠲᠠ ᠪᠠᠯᠭᠠᠰᠤᠨ ᠤ ᠪᠣᠳᠠᠲᠠᠶ ᠬᠦᠴᠢᠷᠳᠡᠯ ᠲᠠᠢ ᠬᠡᠷ ᠪᠦᠯᠢ ᠶᠢᠨ ᠰᠤᠷᠤᠭᠴᠢᠳ ᠲᠤ ᠠᠮᠢᠳᠤᠷᠠᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠬᠤᠲᠠ ᠪᠠᠯᠭᠠᠰᠤᠨ ᠤ ᠪᠣᠳᠠᠲᠠᠶ ᠬᠦᠴᠢᠷᠳᠡᠯ ᠲᠠᠢ ᠬᠡᠷ ᠪᠦᠯᠢ ᠶᠢᠨ ᠰᠤᠷᠤᠭᠴᠢᠳ ᠲᠤ ᠤᠯᠤᠰ ᠤᠨ ᠲᠣᠭᠲᠠᠭᠠᠯ ᠶᠣᠰᠣᠭᠠᠷ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠡᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠬᠤᠲᠠ ᠪᠠᠯᠭᠠᠰᠤ ᠶᠢᠨ ᠪᠣᠳᠠᠲᠤ ᠶᠠᠪᠤᠳᠠᠯ ᠨᠢ ᠬᠦᠴᠢᠷᠳᠡᠯᠲᠡᠶ ᠬᠡᠷ ᠪᠦᠯᠢ ᠶᠢᠨ ᠰᠤᠷᠤᠭᠴᠢᠳ ᠲᠤ ᠤᠯᠤᠰ ᠤᠨ ᠰᠣᠷᠣᠭᠴᠢ ᠶᠢᠨ ᠢᠷᠡᠯᠲᠡ ᠶᠢᠨ ᠭᠠᠵᠠᠷ ᠤᠨ ᠢᠲᠡᠭᠡᠮᠵᠢᠲᠦ ᠰᠤᠷᠤᠯᠭ᠎ᠠ ᠶᠢᠨ ᠣᠷᠣᠨ ᠰᠠᠭᠤᠴᠠ ᠶᠢᠨ ᠠᠪᠤᠷᠠᠨ ᠲᠤᠰᠠᠯᠠᠯᠲᠠ ᠶᠢᠨ ᠲᠠᠯ᠎ᠠ ᠪᠠᠷ᠂ ᠬᠤᠲᠠ ᠪᠠᠯᠭᠠᠰᠤ ᠶᠢᠨ ᠪᠣᠳᠠᠲᠠᠶ ᠬᠦᠴᠢᠷᠳᠡᠯ ᠲᠠᠢ ᠬᠡᠷ ᠪᠦᠯᠢ ᠳᠤ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯ ᠲᠠᠢ ᠪᠠᠶᠢᠪᠠᠯ᠂ ᠪᠣᠳᠠᠲᠤ ᠶᠠᠭᠤᠮ᠎ᠠ ᠪᠠᠷ ᠲᠦᠷᠢᠶᠡᠰᠦᠯᠡᠭᠦᠯᠬᠦ ᠪᠠ ᠨᠡᠶᠢᠲᠡ ᠶᠢᠨ ᠲᠦᠷᠢᠶᠡᠰᠦᠯᠡᠯ ᠤᠨ ᠬᠡᠷ ᠪᠠᠶᠢᠰᠢᠩ ᠤᠨ ᠲᠦᠷᠢᠶᠡᠰᠦᠯᠡᠯ ᠤᠨ ᠨᠥᠬᠦᠪᠥᠷᠢ ᠣᠯᠭᠤᠬᠤ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠣᠷᠣᠨ ᠰᠠᠭᠤᠴᠠ ᠶᠢᠨ ᠪᠠᠲᠤᠯᠠᠭ᠎ᠠ ᠣᠯᠭᠤᠨ᠎ᠠ᠃ ᠠᠵᠢᠯ ᠣᠯᠭᠤᠯᠲᠠ ᠶᠢᠨ ᠠᠪᠤᠷᠠᠨ ᠲᠤᠰᠠᠯᠠᠯᠲᠠ ᠶᠢᠨ ᠲᠠᠯ᠎ᠠ ᠪᠠᠷ᠂ ᠬᠤᠲᠠ ᠪᠠᠯᠭᠠᠰᠤ ᠶᠢᠨ ᠪᠣᠳᠠᠲᠠᠶ ᠬᠦᠴᠢᠷᠳᠡᠯ ᠲᠠᠢ ᠬᠠᠮᠲᠤᠯᠢᠭ ᠤᠨ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠲᠠᠢ ᠪᠥᠭᠡᠳ ᠠᠵᠢᠯ ᠠᠯᠳᠠᠭᠰᠠᠨ ᠪᠠᠶᠢᠳᠠᠯ ᠳᠤ ᠪᠠᠶᠢᠭ᠎ᠠ ᠪᠦᠷᠢᠯᠳᠦᠬᠦᠨ ᠢ ᠠᠵᠢᠯ ᠣᠯᠭᠤᠯᠲᠠ ᠶᠢᠨ ᠲᠤᠰᠠᠯᠠᠮᠵᠢ ᠶᠢᠨ ᠬᠡᠪᠴᠢᠶᠡᠨ ᠳᠤ ᠣᠷᠣᠭᠤᠯᠵᠤ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠤᠷᠢᠳᠠᠪᠠᠷ ᠬᠠᠩᠭᠠᠵᠤ᠂ ᠨᠥᠬᠦᠴᠡᠯ ᠳᠤ ᠨᠡᠶᠢᠴᠡᠪᠡᠯ ᠵᠢᠭᠡᠯᠡᠯᠭᠡ ᠶᠢᠨ ᠳᠠᠮ ᠬᠦᠤ᠂ ᠨᠡᠶᠢᠭᠡᠮ ᠤᠨ ᠳᠠᠭᠠᠳᠬᠠᠯ ᠤᠨ ᠨᠥᠬᠦᠪᠥᠷᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠥᠬᠦᠪᠥᠷᠢ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠡᠳᠡᠨ ᠢ ᠬᠠᠪᠰᠤᠷᠤᠨ ᠠᠵᠢᠯ ᠣᠯᠭᠤᠯᠲᠠ ᠶᠢ ᠪᠡᠶᠡᠯᠡᠭᠦᠯᠦᠨ᠎ᠡ᠃ ᠠᠵᠢᠯᠴᠢᠨ ᠤ ᠡᠪᠯᠡᠯ ᠤᠨ ᠠᠪᠤᠷᠠᠨ ᠲᠤᠰᠠᠯᠠᠬᠤ ᠲᠠᠯ᠎ᠠ ᠪᠠᠷ᠂ ᠬᠤᠲᠠ ᠪᠠᠯᠭᠠᠰᠤᠨ ᠤ ᠪᠣᠳᠠᠲᠠᠶ ᠬᠦᠴᠢᠷᠳᠡᠯ ᠲᠠᠢ ᠬᠡᠷ ᠪᠦᠯᠢ ᠶᠢᠨ ᠠᠵᠢᠯᠲᠠᠨ ᠠᠵᠢᠯᠴᠢᠨ ᠡᠪᠡᠳᠴᠢᠨ ᠡᠮᠭᠡᠭ᠂ ᠦᠷ᠎ᠡ ᠬᠡᠤᠬᠡᠳ ᠤᠨ ᠰᠤᠷᠭᠠᠨ ᠬᠥᠮᠦᠵᠢᠯ ᠪᠤᠶᠤ ᠰᠠᠨᠠᠭᠠᠨ ᠳᠤ ᠥᠬᠡᠶ ᠭᠠᠶ ᠭᠠᠮᠰᠢᠭ ᠵᠡᠷᠭᠡ ᠰᠢᠯᠲᠠᠭᠠᠨ ᠠᠴᠠ ᠪᠣᠯᠵᠣ᠂ ᠦᠨᠳᠦᠰᠦᠨ ᠠᠮᠢᠳᠤᠷᠠᠯ ᠢᠶᠠᠨ ᠠᠷᠭᠠᠴᠠᠵᠤ ᠳᠡᠶᠢᠯᠬᠦ ᠥᠬᠡᠶ ᠬᠦᠴᠢᠷᠳᠡᠯ ᠲᠠᠢ ᠠᠵᠢᠯᠲᠠᠨ ᠠᠵᠢᠯᠴᠢᠨ ᠪᠠ ᠡᠯ᠎ᠡ ᠵᠦᠶ᠋ᠯ ᠤᠨ ᠭᠠᠶ ᠭᠠᠮᠰᠢᠭ ᠪᠤᠶᠤ ᠬᠦᠨᠳᠦ ᠶᠡᠭᠡ ᠰᠠᠨᠠᠭᠠᠨ ᠳᠤ ᠥᠬᠡᠶ ᠠᠳᠡᠯ ᠠᠴᠠ ᠪᠣᠯᠵᠣ ᠠᠮᠢᠳᠤᠷᠠᠯ ᠨᠢ ᠣᠨᠴᠠᠭᠠᠶ ᠬᠦᠴᠢᠷᠳᠡᠯ ᠲᠠᠢ ᠪᠣᠯᠤᠭᠰᠠᠨ ᠠᠵᠢᠯᠲᠠᠨ ᠠᠵᠢᠯᠴᠢᠨ ᠳᠤ ᠨᠥᠬᠦᠴᠡᠯ ᠳᠤ ᠨᠡᠶᠢᠴᠡᠭᠰᠡᠨ ᠪᠠᠶᠢᠪᠠᠯ ᠬᠦᠴᠢᠷᠳᠡᠯ ᠲᠠᠢ ᠠᠵᠢᠯᠲᠠᠨ ᠠᠵᠢᠯᠴᠢᠨ ᠳᠤ ᠲᠤᠰᠬᠠᠶ ᠬᠠᠪᠰᠤᠷᠤᠨ ᠲᠡᠳᠬᠦᠬᠦ ᠪᠠᠯᠠ ᠮᠥᠩᠭᠦ ᠣᠯᠭᠤᠨ᠎ᠠ᠃ ᠨᠡᠶᠢᠭᠡᠮ ᠤᠨ ᠬᠦᠴᠦᠨ ᠢᠶᠠᠷ ᠲᠡᠩᠬᠡᠷᠡᠭᠦᠯᠦᠨ ᠲᠤᠰᠠᠯᠠᠬᠤ ᠲᠠᠯ᠎ᠠ ᠪᠠᠷ᠂ ᠵᠠᠰᠠᠭ ᠤᠨ ᠣᠷᠳᠣᠨ ᠠᠴᠠ ᠲᠡᠩᠬᠡᠷᠡᠭᠦᠯᠦᠨ ᠲᠤᠰᠠᠯᠠᠭᠰᠠᠨ ᠤ ᠳᠠᠷᠠᠭ᠎ᠠ ᠮᠥᠨ ᠬᠦ ᠬᠦᠴᠢᠷᠳᠡᠯ ᠠᠴᠠ ᠠᠩᠭᠢᠵᠢᠷᠠᠵᠤ ᠳᠡᠶᠢᠯᠦᠭᠡᠳᠦᠶ ᠪᠤᠶᠤ ᠵᠠᠰᠠᠭ ᠤᠨ ᠣᠷᠳᠣᠨ ᠤ ᠡᠯ᠎ᠡ  ᠵᠦᠢᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠬᠤᠲᠠ ᠪᠠᠯᠭᠠᠰᠤ ᠶᠢᠨ ᠪᠣᠳᠠᠲᠤ ᠬᠦᠴᠢᠷᠳᠡᠯ ᠲᠠᠢ ᠣᠯᠠᠨ ᠲᠦᠮᠡᠨ ᠢ ᠠᠶᠢᠮᠠᠭ᠂ ᠬᠤᠰᠢᠭᠤ ᠬᠤᠶᠠᠷ ᠱᠠᠲᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠠᠴᠠ ᠬᠦᠴᠢᠷᠳᠡᠯ ᠤᠨ ᠬᠡᠮᠵᠢᠶ᠎ᠡ ᠪᠠ ᠬᠦᠴᠢᠷᠳᠡᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠲᠡᠩᠬᠡᠷᠡᠭᠦᠯᠦᠨ ᠲᠤᠰᠠᠯᠠᠨ᠎ᠠ᠃ ︵ᠬᠠᠷᠢᠭᠤᠴᠠᠯᠭᠠᠲᠤ  ᠨᠢᠭᠡᠴᠢ᠄ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ᠂ ᠡᠮᠡᠭᠲᠡᠶᠢᠴᠦᠳ ᠤᠨ ᠬᠤᠯᠪᠣᠭ᠎ᠠ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶    ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ    ︵ᠨᠢᠭᠡ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠎ᠠ᠃ ᠮᠠᠨ ᠤ ᠠᠶᠢᠮᠠᠭ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠠᠵᠢᠯ ᠢ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠲᠦᠷᠦᠭᠦᠯᠡᠨ ᠵᠣᠬᠢᠶᠠᠨ ᠪᠠᠶᠢᠭᠤᠯᠤᠨ ᠠᠬᠢᠭᠤᠯᠤᠨ ᠨᠠᠶᠢᠳᠠᠪᠤᠷᠢᠵᠢᠭᠤᠯᠵᠤ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠮᠢᠶ᠎ᠠ ᠪᠥᠬᠦᠶ ᠲᠥᠬᠦᠷ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠠᠮᠵᠢᠯᠴᠠᠨ ᠬᠠᠮᠵᠢᠯᠴᠠᠬᠤ ᠶᠢ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠠᠬᠢᠭᠤᠯᠤᠨ᠎ᠠ᠃    ︵ᠬᠤᠶᠠᠷ︶ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠠᠵᠢᠯ ᠤᠨ ᠪᠠᠯᠠ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠵᠦ᠂ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠠᠵᠢᠯ ᠣᠯᠭᠤᠯᠲᠠ ᠶᠢᠨ ᠨᠥᠬᠦᠪᠥᠷᠢ᠂ ᠲᠦᠷ ᠴᠠᠭ ᠤᠨ ᠠᠪᠤᠷᠠᠨ ᠲᠤᠰᠠᠯᠠᠯᠲᠠ ᠵᠡᠷᠭᠡ ᠡᠯ᠎ᠡ ᠲᠥᠷᠥᠯ ᠤᠨ ᠲᠤᠰᠠᠯᠠᠮᠵᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠪᠥᠬᠦ ᠠᠶᠢᠮᠠᠭ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ︽ᠳᠥᠷᠪᠡᠨ ᠶᠡᠭᠡ ᠠᠵᠢᠯᠯᠠᠭ᠎ᠠ︾ ᠶᠢ ᠬᠡᠷᠡᠭᠵᠢᠭᠦᠯᠬᠦ ᠶᠢ ᠪᠦᠲᠦᠮᠵᠢᠲᠡᠶ ᠠᠬᠢᠭᠤᠯᠬᠤ ᠬᠡᠷᠡᠭᠲᠡᠶ᠃ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠭᠰᠢ ᠪᠠᠯᠠ ᠮᠥᠩᠭᠦ ᠤᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠠᠶᠢᠮᠠᠭ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠠᠵᠢᠯ ᠳᠤ ᠬᠦᠴᠦᠨ ᠨᠡᠮᠡᠷᠢᠯᠡᠬᠦ ᠬᠡᠷᠡᠭᠲᠡᠶ᠃    ︵ᠭᠤᠷᠪᠠ︶ ᠰᠢᠮᠳᠠᠭᠤᠯᠤᠨ ᠪᠠᠶᠢᠴᠠᠭᠠᠵᠤ ᠦᠨᠡᠯᠡᠨ ᠵᠢᠱᠢᠬᠦ ᠶᠢ  ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠠᠵᠢᠯ ᠤᠨ ᠲᠤᠰᠬᠠᠶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠵᠤ᠂ ︽ᠵᠢᠯ ᠤᠨ ᠡᠬᠢᠨ ᠳᠤ ᠬᠠᠷᠠᠯᠲᠠ ᠲᠠᠢ᠂ ᠰᠠᠷ᠎ᠠ ᠪᠦᠷᠢ ᠲᠣᠬᠢᠷᠠᠭᠤᠯᠤᠯᠲᠠ ᠲᠠᠢ᠂ ᠤᠯᠠᠷᠢᠯ ᠳᠤ ᠮᠡᠳᠡᠭᠳᠡᠯ ᠲᠠᠢ᠂ ᠵᠢᠯ ᠤᠨ ᠰᠡᠭᠦᠯᠴᠢ ᠳᠤ ᠰᠢᠯᠭᠠᠨ ᠬᠢᠨᠠᠬᠤ ᠲᠠᠢ︾ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠵᠤ᠂ ᠠᠵᠢᠯ ᠢᠶᠠᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠨ ᠦᠶ᠋ᠯᠡᠴᠢᠯᠡᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠂ ᠡᠯ᠎ᠡ  ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠬᠤᠯᠠᠴᠢᠯᠠᠨ᠎ᠠ᠃ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠢᠳᠡᠪᠬᠢᠲᠡᠶ ᠪᠠᠷ ᠡᠭᠦᠳᠴᠦ᠂ ᠠᠳᠠᠯ  ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ᠂ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ ᠦᠨᠡᠨᠬᠦ ᠰᠠᠶᠢᠲᠤᠷ ᠬᠢᠵᠦ᠂ ᠣᠷᠣᠯᠭ᠎ᠠ ᠶᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠰᠠᠶᠢᠨ ᠠᠷᠭ᠎ᠠ ᠰᠠᠶᠢᠨ ᠲᠤᠷᠰᠢᠯᠭ᠎ᠠ ᠶᠢ ᠳᠡᠯᠭᠡᠷᠡᠭᠦᠯᠦᠨ᠂ ᠠᠵᠢᠯᠴᠢ ᠬᠥᠳᠡᠯᠮᠦᠷᠢᠴᠢ ᠪᠠᠷ ᠪᠠᠶᠠᠵᠢᠬᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号