ᠬᠢᠩᠭᠠᠨ ᠠᠶᠢᠮᠠᠭ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/31
     5 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠬᠢᠩᠭᠠᠨ ᠠᠶᠢᠮᠠᠭ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠰᠬᠠᠶ ᠰᠡᠳᠦᠪᠲᠦ ᠮᠡᠳᠡᠭᠦᠯᠦᠯᠲᠡ ᠶᠢᠨ ᠬᠤᠷᠠᠯ ᠬᠢᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠲᠤᠰᠬᠠᠶ ᠰᠡᠳᠦᠪᠲᠦ ᠮᠡᠳᠡᠭᠦᠯᠦᠯᠲᠡ ᠬᠢᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠲᠤᠰᠬᠠᠢ ᠲᠤᠰᠢᠶᠠᠯᠲᠠᠨ ᠵᠠᠩ ᠼᠦᠢ ᠫᠢᠩ᠂ ᠠᠶᠢᠮᠠᠭ ᠤᠨ ᠤᠳᠤᠷᠢᠳᠤᠯᠭ᠎ᠠ ᠰᠢᠤᠢ ᠵᠦᠸᠧ᠂ ᠯᠢᠦ  ᠱᠦ ᠴᠧᠩ ᠨᠡᠷ ᠬᠤᠷᠠᠯ ᠳᠤ ᠣᠷᠣᠯᠴᠠᠪᠠ᠃    ᠬᠤᠷᠠᠯ ᠠᠴᠠ ᠴᠢᠩᠭᠠᠳᠬᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠪᠣᠯ ᠶᠡᠷᠦᠩᠬᠡᠢ ᠱᠦᠵᠢ ᠰᠢ ᠶᠢᠨ ᠫᠢᠩ  ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠭᠤᠣᠯ ᠭᠠᠷᠳᠠᠴᠠ ᠪᠣᠯᠤᠨ᠎ᠠ᠂ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠪᠥᠬᠦ ᠠᠶᠢᠮᠠᠭ ᠤᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠦᠵᠡᠯ ᠰᠠᠨᠠᠭ᠎ᠠ ᠪᠠ  ᠦᠢᠯᠡ ᠠᠵᠢᠯᠯᠠᠭ᠎ᠠ ᠪᠠᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠶ  ᠭᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ  ᠰᠢ ᠶᠢᠨ ᠫᠢᠩ  ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠡᠵᠡᠮᠰᠢᠨ  ᠲᠤᠭᠤᠰᠢᠯᠠᠭᠤᠯᠵᠦ᠂ ︽ᠠᠷᠪᠠᠨ ᠬᠤᠶᠠᠷ ᠡᠷᠬᠡᠪᠰᠢ︾ ᠶᠢᠨ ᠡᠯᠪᠡᠭ ᠪᠠᠶᠠᠯᠢᠭ ᠠᠭᠤᠯᠤᠭᠳᠠᠬᠤᠨ᠂ ᠭᠤᠤᠯ ᠴᠢᠬᠤᠯᠠ ᠠᠭᠤᠯᠭ᠎ᠠ ᠪᠠ  ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ︽ᠳᠥᠷᠪᠡᠨ ᠬᠠᠷᠢᠴᠠᠭ᠎ᠠ︾ ᠶᠢ ᠭᠤᠤᠯᠳᠠᠯᠭ᠎ᠠ ᠲᠠᠢ ᠰᠠᠶᠢᠲᠤᠷ ᠡᠵᠡᠮᠳᠡᠨ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠦᠨᠳᠦᠰᠦᠲᠡᠨ ᠤ ᠠᠰᠠᠭᠤᠳᠠᠯ ᠢ ᠵᠠᠳᠠᠯᠤᠨ  ᠰᠢᠢᠳᠪᠦᠷᠢᠯᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠴᠢᠩᠭᠠᠳᠬᠠᠵᠤ᠂ ᠪᠥᠬᠦ ᠠᠶᠢᠮᠠᠭ ᠤᠨ ᠦᠨᠳᠦᠰᠦᠲᠡᠨ ᠤ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠶᠣᠰᠣ ᠤᠴᠢᠷ ᠢ ᠭᠦᠨᠵᠡᠭᠡᠢ ᠣᠶᠢᠯᠠᠭᠠᠵᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠤᠷᠰᠢᠯᠲᠠ ᠶᠢᠨ  ᠴᠡᠭ  ᠤᠨ ᠠᠵᠢᠯ ᠢ ᠭᠦᠨᠵᠡᠭᠡᠢ ᠪᠥᠭᠡᠳ ᠪᠣᠳᠠᠲᠠᠶᠢᠵᠢᠭᠤᠯᠵᠤ ᠂ ᠪᠦᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ  ᠵᠢᠱᠢᠶ᠎ᠡ ᠦᠵᠡᠭᠦᠯᠬᠦ ᠠᠶᠢᠮᠠᠭ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠳᠤ ᠬᠢᠩᠭᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠠ᠃    ᠬᠤᠷᠠᠯ ᠨᠢ  ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠳᠤ ᠶᠠᠪᠤᠭᠳᠠᠪᠠ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号