| ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2023﹈ 10 ᠳ᠋ᠤᠭᠠᠷ ᠲᠣᠭᠠᠲᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠲᠥᠰᠦᠯ︾ ᠢ ᠲᠠᠨᠠᠷ ᠲᠤ | ᠳᠠᠷᠤᠮᠠᠯᠯᠠᠨᠲ᠋ᠠᠷᠬᠠᠭᠠᠯᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠶ᠃ | 2023 ᠣᠨ ᠤ 2 ᠰᠠᠷ᠎ᠠ ᠶᠢᠨ 17 | ︵ᠲᠣᠰ ᠮᠠᠲ᠋ᠧᠷᠢᠶᠠᠯ ᠢ ᠢᠯᠡ | ᠨᠡᠶᠢᠲᠡᠯᠡᠨ᠎ᠡ︶ | ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠠᠵᠢᠯ ᠤᠨ ᠲᠦᠰᠦᠯ | ᠪᠦᠬᠦ ᠤᠯᠤᠰ᠂ ᠪᠦᠬᠦ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ | ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ | ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2022 ︺ 43 ᠳ᠋ᠤᠭᠠᠷ ᠲᠣᠭᠠᠲᠤ︶ ᠢ | ᠨᠠᠷᠢᠨ ᠨᠠᠶᠢᠳᠠᠪᠤᠷᠢᠵᠢᠭᠤᠯᠤᠨ᠂ ᠮᠠᠨ ᠤ ᠠᠶᠢᠮᠠᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠥᠭᠵᠢᠯᠲᠡ ᠶᠢᠨ ᠪᠣᠳᠠᠲᠠᠶ ᠲᠠᠢ ᠤᠶᠠᠯᠳᠤᠭᠤᠯᠵᠤ᠂ ᠣᠨᠴᠣᠭᠤᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠪᠣᠯᠤᠨ ᠪᠦᠬᠦ | ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠬᠥᠭᠵᠢᠯᠲᠡ ᠳᠤ ᠦᠢᠯᠡᠴᠢᠯᠡᠬᠦ ᠪᠠᠷ ᠦᠨᠳᠦᠰᠦ ᠪᠣᠯᠭᠠᠵᠤ᠂ | ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠪᠠᠷᠢᠮᠲᠠᠯᠠᠨ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠳᠤᠲᠠᠭᠤᠳᠠᠯ ᠢ ᠨᠥᠬᠦᠪᠥᠷᠢᠯᠡᠬᠦ᠂ ᠰᠠᠭᠤᠷᠢ ᠪᠠᠶᠢᠭᠤᠯᠬᠤ᠂ | ᠬᠠᠩᠭᠠᠯᠭ᠎ᠠ ᠶᠢ ᠨᠡᠮᠡᠭᠳᠡᠭᠦᠯᠬᠦ᠂ ᠠᠭᠤᠯᠤᠭᠳᠠᠬᠤᠨ ᠢ ᠴᠢᠩᠭᠠᠷᠠᠭᠤᠯᠬᠤ᠂ ᠵᠣᠬᠢᠴᠠᠯᠳᠤᠯ ᠢ ᠨᠡᠮᠡᠭᠳᠡᠭᠦᠯᠬᠦ᠂ ᠶᠠᠰᠤ | ᠴᠢᠨᠠᠷ ᠢ ᠳᠡᠭᠡᠭᠰᠢᠯᠡᠭᠦᠯᠬᠦ᠂ ᠳᠦᠷᠢ ᠲᠥᠷᠬᠦ ᠶᠢ ᠱᠤᠭᠤᠬᠤ ᠪᠠᠷ ᠬᠦᠴᠦᠯᠡᠨ ᠴᠢᠷᠮᠠᠶᠢᠵᠤ᠂ ᠭᠤᠯᠳᠤ ᠪᠠᠷ ᠨᠡᠪᠲᠡᠷᠡᠭᠰᠡᠨ | ᠂ ᠬᠥᠨᠳᠡᠯᠡᠨ ᠢᠶᠠᠷ ᠠᠭᠤᠰᠤᠯᠴᠠᠭᠰᠠᠨ᠂ ᠰᠤᠷᠭᠠᠭᠤᠯᠢ ᠠᠵᠤ ᠠᠬᠤᠶᠢᠯᠠᠯ ᠬᠤᠯᠪᠣᠭᠠᠯᠠᠨ ᠨᠡᠪᠲᠡᠷᠡᠭᠰᠡᠨ ᠣᠲᠣ | ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠪᠣᠯᠪᠠᠰᠤᠷᠠᠭᠤᠯᠤᠯ ᠤᠨ ᠰᠢᠰᠲ᠋ᠧᠮᠵᠢ ᠶᠢ ᠢᠳᠡᠪᠬᠢᠲᠡᠶ | ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠣᠷᠣᠨ ᠪᠦᠰᠡ ᠶᠢᠨ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠦᠨ᠂ ︽ᠮᠡᠷᠭᠡᠵᠢᠯ ᠴᠢᠳᠠᠪᠤᠷᠢ ᠪᠥᠬᠦᠶ ᠥᠪᠥᠷ | ᠮᠣᠩᠭᠤᠯ︾ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃ | ᠬᠤᠶᠠᠷ᠂ ᠶᠡᠷᠦᠩᠬᠡᠶ ᠬᠠᠷᠠᠯᠲᠠ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠷᠥᠯ ᠬᠡᠯᠪᠡᠷᠢ ᠶᠢᠨ ᠪᠠᠶᠢᠷᠢ ᠲᠣᠭᠲᠠᠭᠠᠯᠲᠠ ᠶᠢ | ᠦᠷᠭᠦᠯᠵᠢᠯᠡᠨ ᠰᠢᠯᠢᠳᠡᠭᠵᠢᠭᠦᠯᠵᠦ᠂ ᠣᠨᠴᠠᠯᠢᠭ ᠰᠢᠨᠵᠢ ᠶᠢ ᠨᠠᠩ ᠢᠯᠡ ᠲᠣᠳᠣ ᠪᠣᠯᠭᠠᠵᠤ᠂ ᠲᠥᠷᠥᠯ ᠬᠤᠪᠢᠶᠠᠨ | ᠰᠢᠯᠭᠠᠵᠤ ᠰᠣᠷᠣᠭᠴᠢ ᠡᠯᠰᠡᠬᠦ ᠵᠡᠷᠭᠡ ᠲᠥᠷᠥᠯ ᠬᠡᠯᠪᠡᠷᠢ ᠶᠢᠨ ᠴᠢᠨᠠᠷᠲᠠᠶ ᠲᠦᠷᠢᠮ ᠢ ᠭᠦᠨᠵᠡᠭᠡᠶ ᠬᠡᠷᠡᠭᠵᠢᠭᠦᠯᠵᠦ᠂ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠬᠡᠪᠴᠢᠶ᠎ᠡ ᠪᠦᠲᠦᠴᠡ ᠶᠢ | ᠦᠷᠭᠦᠯᠵᠢᠯᠡᠨ ᠰᠢᠯᠢᠳᠡᠭᠵᠢᠭᠦᠯᠵᠦ᠂ ᠪᠠᠶᠢᠷᠢᠰᠢᠯ ᠢ ᠨᠡᠩ ᠰᠢᠨᠵᠢᠯᠡᠬᠦ ᠤᠬᠠᠭᠠᠨᠴᠢ ᠪᠣᠯᠭᠠᠵᠤ᠂ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠷᠳᠡᠮ ᠤᠨ ᠴᠣᠯᠠ ᠶᠢᠨ ᠬᠠᠩᠭᠠᠯᠭ᠎ᠠ ᠶᠢ ᠭᠦᠢᠴᠡᠳ ᠬᠠᠩᠭᠠᠵᠤ᠂ | ᠨᠡᠶᠢᠭᠡᠮ ᠪᠠ ᠰᠤᠷᠭᠠᠨ ᠬᠥᠮᠦᠵᠢᠯ ᠤᠨ ᠬᠡᠷᠡᠭᠴᠡᠭᠡ ᠶᠢ ᠬᠠᠩᠭᠠᠵᠤ ᠴᠢᠳᠠᠨ᠎ᠠ︔ ᠶᠣᠰᠣ ᠰᠤᠷᠲᠠᠬᠤᠨ ᠢ ᠪᠤᠢ ᠪᠣᠯᠭᠠᠵᠤ | ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠶᠣᠰᠣ ᠰᠤᠷᠲᠠᠬᠤᠨ | ᠮᠡᠷᠭᠡᠵᠢᠯ ᠢ ᠵᠡᠷᠭᠡᠪᠡᠷ ᠵᠠᠰᠠᠬᠤ ᠶᠢ ᠤᠷᠳᠤ ᠬᠤᠭᠤᠴᠠᠭ᠎ᠠ ᠪᠠᠷ ᠪᠠᠷᠢᠮᠳᠠᠯᠠᠨ᠎ᠠ︔ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ | ᠭᠤᠤᠯᠳᠠᠯᠭ᠎ᠠ ᠨᠢ ᠲᠣᠪᠤᠶᠢᠮ᠎ᠠ᠂ ᠣᠨᠴᠠᠯᠢᠭ ᠨᠢ ᠢᠯᠡ ᠲᠣᠳᠣ᠂ ᠪᠠᠶᠢᠷᠢ ᠪᠠᠨ ᠠᠯᠳᠠᠵᠤ ᠬᠥᠭᠵᠢᠭᠰᠡᠨ ᠲᠤᠰᠬᠠᠶ | ᠮᠡᠷᠭᠡᠵᠢᠯ ᠤᠨ ᠪᠠᠶᠢᠷᠢᠰᠢᠯ ᠢ ᠠᠩᠬ᠎ᠠ ᠠᠯᠬᠤᠮ ᠪᠣᠶ ᠪᠣᠯᠭᠠᠵᠤ᠂ ᠰᠤᠷᠭᠠᠨ ᠬᠥᠮᠦᠵᠢᠯ ᠤᠨ ᠬᠡᠯᠬᠢᠶ᠎ᠡ᠂ | ᠴᠢᠳᠠᠪᠤᠷᠢᠲᠠᠨ ᠤ ᠬᠡᠯᠬᠢᠶ᠎ᠡ ᠶᠢ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠲᠠᠢ ᠨᠢᠭᠲᠠ | ᠵᠤᠯᠭᠠᠭᠤᠯᠤᠨ᠎ᠠ︔ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠬᠤᠯᠪᠣᠭᠠᠨ ᠤ ᠪᠠᠶᠢᠭᠤᠯᠤᠯ | ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠴᠢᠳᠠᠪᠤᠷᠢᠲᠠᠨ ᠢ ᠬᠥᠮᠦᠵᠢᠭᠦᠯᠬᠦ ᠶᠢ ᠪᠦᠲᠦᠮᠵᠢᠲᠡᠶ | ᠵᠣᠯᠭᠠᠭᠤᠯᠵᠤ᠂ ᠭᠤᠯᠳᠤ ᠪᠠᠷ ᠨᠡᠪᠲᠡᠷᠡᠭᠰᠡᠨ᠂ ᠬᠥᠨᠳᠡᠯᠡᠨ ᠢᠶᠠᠷ ᠠᠭᠤᠰᠤᠯᠴᠠᠭᠰᠠᠨ ᠣᠲᠣ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ︔ ᠠᠵᠤ ᠦᠢᠯᠡᠰ ᠪᠠ | ᠰᠤᠷᠭᠠᠨ ᠬᠥᠮᠦᠵᠢᠯ ᠢ ᠭᠦᠨᠵᠡᠭᠡᠢ ᠠᠭᠤᠰᠤᠯᠴᠠᠭᠤᠯᠵᠤ᠂ ᠰᠤᠷᠭᠠᠭᠤᠯᠢ ᠪᠠ ᠠᠵᠤ ᠠᠬᠤᠶᠢᠯᠠᠯ ᠨᠢᠭᠲᠠ | ᠬᠠᠮᠲᠤᠷᠠᠯᠴᠠᠨ᠎ᠠ︔ ︽ᠭᠤᠷᠪᠠᠨ ᠪᠦᠷᠢᠨ︾ ᠢᠶᠠᠷ ᠬᠥᠮᠦᠨ ᠢ ᠬᠥᠮᠦᠵᠢᠭᠦᠯᠬᠦ᠂ ︽ᠭᠤᠷᠪᠠᠨ ᠰᠤᠷᠭᠠᠨ ᠬᠥᠮᠦᠵᠢᠯ︾ | ᠤᠨ ᠥᠭᠡᠷᠡᠴᠢᠯᠡᠯᠲᠡ ᠪᠠ ︽1+X︾ ᠦᠨᠡᠮᠯᠡᠯ ᠤᠨ ᠲᠦᠷᠢᠮ ᠤᠨ ᠲᠤᠷᠰᠢᠯᠲᠠ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠭᠦᠨᠵᠡᠭᠡᠶ ᠳᠥᠯᠭᠢᠨ ᠠᠬᠢᠭᠤᠯᠵᠤ᠂ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ | ᠬᠥᠮᠦᠵᠢᠭᠦᠯᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ︔ ᠰᠤᠷᠤᠯᠭ᠎ᠠ ᠶᠢᠨ ᠨᠠᠮᠲᠠᠷ ᠤᠨ ᠰᠤᠷᠭᠠᠨ | ᠬᠥᠮᠦᠵᠢᠯ ᠪᠠ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠵᠡᠷᠭᠡ ᠪᠠᠷ ᠡᠷᠬᠢᠮᠯᠡᠨ ᠬᠡᠷᠡᠭᠵᠢᠭᠦᠯᠵᠦ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ᠂ ᠨᠠᠰᠤᠲᠠᠶᠢᠴᠤᠳ ᠤᠨ | ᠰᠤᠷᠭᠠᠨ ᠬᠥᠮᠦᠵᠢᠯ ᠢ ᠵᠣᠬᠢᠴᠠᠯᠳᠤᠭᠤᠯᠤᠨ ᠬᠥᠭᠵᠢᠭᠦᠯᠵᠦ᠂ ᠪᠦᠬᠦ ᠠᠷᠠᠳ ᠤᠨ ᠨᠠᠰᠤᠨ ᠲᠤᠷᠰᠢᠳᠠ ᠶᠢᠨ | ᠰᠤᠷᠤᠯᠴᠠᠯᠭ᠎ᠠ ᠬᠥᠮᠦᠵᠢᠯ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ᠃ | ᠭᠤᠷᠪᠠ᠂ ᠠᠵᠢᠯ ᠤᠨ ᠡᠭᠦᠷᠭᠡ ᠵᠢᠴᠢ ᠠᠷᠭ᠎ᠠ ᠬᠡᠮᠵᠢᠶ᠎ᠡ | ︵ᠨᠢᠭᠡ︶ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢᠨ | ᠪᠠᠷᠢᠮᠵᠢᠶ᠎ᠠ ᠳᠤ ᠬᠦᠷᠦᠭᠦᠯᠬᠦ ᠶᠢ ᠠᠬᠢᠭᠤᠯᠤᠨ᠎ᠠ | ᠰᠤᠷᠭᠠᠭᠤᠯᠢ ᠡᠷᠬᠢᠯᠡᠬᠦ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠰᠤᠷᠭᠠᠭᠤᠯᠢ ᠡᠷᠬᠢᠯᠡᠬᠦ ᠬᠡᠪᠴᠢᠶ᠎ᠡ ᠶᠢ | ᠦᠷᠭᠦᠯᠵᠢᠯᠡᠨ ᠥᠷᠭᠡᠳᠬᠡᠨ᠎ᠡ᠃ ᠨᠢᠭᠡ ᠳᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠡᠷᠳᠡᠮ ᠤᠨ ᠴᠣᠯᠠ | ᠪᠣᠯᠤᠨ ᠳᠠᠳᠤᠯᠭ᠎ᠠ ᠪᠣᠯᠪᠠᠰᠤᠷᠠᠯ ᠤᠨ ᠠᠵᠢᠯ ᠤᠨ ᠪᠠᠶᠢᠷᠢ ᠶᠢᠨ ᠬᠠᠩᠭᠠᠯᠭ᠎ᠠ ᠶᠢ ᠦᠨᠡᠨᠬᠦ ᠨᠡᠮᠡᠭᠳᠡᠭᠦᠯᠵᠦ᠂ ᠬᠢᠩᠭᠠᠨ | ᠠᠶᠢᠮᠠᠭ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠳᠠᠳᠤᠯᠭ᠎ᠠ ᠶᠢᠨ | ᠳᠠᠳᠤᠯᠭ᠎ᠠ ᠪᠣᠯᠪᠠᠰᠤᠷᠠᠯ ᠤᠨ ᠠᠰᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠶᠡᠷᠦᠩᠬᠡᠶᠢᠯᠡᠭᠰᠡᠨ ᠳᠠᠳᠤᠯᠭ᠎ᠠ ᠪᠣᠯᠪᠠᠰᠤᠷᠠᠯ ᠤᠨ ᠠᠰᠠᠷ ᠤᠨ ᠪᠥᠲᠥᠭᠡᠨ | ᠪᠠᠶᠢᠭᠤᠯᠤᠯᠲᠠ ᠶᠢ ᠪᠡᠶᠡᠯᠡᠭᠦᠯᠵᠦ᠂ ᠲᠦᠴᠢᠦᠸᠠᠨ ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ | ᠠᠰᠢᠭᠯᠠᠯᠲᠠ ᠳᠤ ᠣᠷᠣᠭᠤᠯᠵᠤ᠂ ᠵᠠᠯᠠᠶᠢᠳ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠤᠨ ᠲᠥᠯᠥᠪᠵᠢᠭᠦᠯᠭᠡ᠂ ᠲᠥᠷᠥᠯ ᠵᠦᠢᠯ ᠲᠣᠭᠲᠠᠭᠠᠬᠤ᠂ | ᠪᠥᠲᠥᠭᠡᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ 2023 ᠣᠨ ᠤ ᠰᠡᠭᠦᠯᠴᠢ ᠪᠣᠯᠬᠤ ᠳᠤ᠂ 3 | ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠢᠳᠡᠭ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ | ᠦᠨᠳᠦᠰᠦᠨ ᠳᠡᠭᠡᠨ ᠪᠠᠶᠢᠭᠤᠯᠤᠨ᠎ᠠ︔ 2025 ᠣᠨ ᠪᠣᠯᠬᠤ ᠳᠤ᠂ ᠪᠥᠬᠦ ᠠᠶᠢᠮᠠᠭ ᠤᠨ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠢ ᠪᠦᠬᠦᠨ ᠢ ᠪᠠᠷᠢᠮᠵᠢᠶ᠎ᠠ ᠳᠤ | ᠬᠦᠷᠦᠭᠦᠯᠦᠨ᠎ᠡ᠃ ᠬᠤᠶᠠᠷ ᠲᠤ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠪᠦᠬᠦᠯᠢ | ᠴᠣᠭᠴᠠ ᠪᠠᠷ ᠨᠢ ᠨᠡᠭᠦᠯᠭᠡᠬᠦ ᠵᠢᠴᠢ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ | ᠪᠡᠶᠡᠯᠡᠭᠦᠯᠪᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ᠂ ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠨᠢᠭᠡᠳᠦᠭᠡᠷ ᠲᠤ | ᠵᠢᠭᠰᠠᠭᠠᠭᠳᠠᠭᠰᠠᠨ ᠨᠢ ᠲᠦᠷᠦᠭᠦᠯᠡᠨ ᠬᠢᠬᠦ ᠨᠢᠭᠡᠴᠢ᠂ ᠪᠤᠰᠤᠳ ᠨᠢ ᠬᠠᠮᠵᠢᠯᠴᠠᠬᠤ ᠨᠢᠭᠡᠴᠢ︶︶ | ︵ᠬᠤᠶᠠᠷ︶ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯ ᠤᠨ ᠪᠠᠶᠢᠷᠢᠰᠢᠭᠤᠯᠤᠯᠲᠠ ᠶᠢᠨ | ᠰᠢᠯᠢᠳᠡᠭ ᠢ ᠳᠣᠭᠢᠷᠠᠭᠤᠯᠤᠨ ᠶᠠᠰᠤ ᠴᠢᠨᠠᠷ ᠢ ᠲᠡᠭᠡᠭᠰᠢᠯᠡᠭᠦᠯᠦᠨ᠎ᠡ | ᠲᠤᠰᠬᠠᠶ ᠮᠡᠷᠭᠡᠵᠢᠯ ᠢ ᠨᠢᠭᠡᠳᠦᠯᠲᠡᠶ ᠲᠥᠯᠥᠪᠯᠡᠬᠦ᠂ ᠰᠢᠯᠢᠳᠡᠭᠵᠢᠭᠦᠯᠬᠦ᠂ ᠲᠣᠬᠢᠷᠠᠭᠤᠯᠬᠤ᠂ ᠲᠡᠰ ᠳᠡᠪᠰᠢᠭᠦᠯᠬᠦ | ᠠᠵᠢᠯ ᠢ ᠢᠳᠡᠪᠬᠢᠲᠡᠶ ᠥᠷᠨᠢᠭᠦᠯᠦᠨ᠎ᠡ᠃ ᠨᠢᠭᠡ ᠳᠤ ᠨᠢᠭᠡᠳᠦᠯᠲᠡᠶ ᠲᠥᠯᠥᠪᠵᠢᠭᠦᠯᠬᠦ᠂ ᠣᠨᠴᠠᠯᠢᠭ ᠢ ᠳᠣᠪᠤᠶᠢᠯᠭᠠᠬᠤ᠂ | ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠵᠠᠷᠴᠢᠮ ᠶᠣᠰᠣᠭᠠᠷ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ | ᠬᠥᠲᠥᠯᠥᠨ ᠵᠢᠯᠣᠭᠤᠳᠴᠤ ᠪᠠᠶᠢᠭᠠᠳ ᠰᠤᠷᠭᠠᠭᠤᠯᠢ ᠡᠷᠭᠢᠯᠡᠬᠦ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠴᠢᠭᠯᠡᠯ ᠢ | ᠤᠯᠠᠮ ᠨᠢᠭᠡ ᠠᠯᠬᠤᠮ ᠲᠣᠳᠣᠷᠬᠠᠶ ᠪᠣᠯᠭᠠᠵᠤ᠂ ᠪᠥᠬᠦ ᠠᠶᠢᠮᠠᠭ ᠤᠨ ᠣᠲᠣ ᠦᠶ᠎ᠡ ᠶᠢᠨ ᠪᠣᠬᠢᠷᠲᠤᠯ ᠥᠬᠡᠶ | ᠲᠠᠷᠢᠶᠠᠯᠠᠩ ᠮᠠᠯ ᠠᠵᠤ ᠠᠬᠤᠶ᠂ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠳᠪᠦᠷᠢ ︵ | ᠰᠦ ᠶᠢᠨ ᠦᠢᠯᠡᠰ᠂ ᠲᠠᠷᠢᠶᠠᠯᠠᠩ ᠤᠨ ᠪᠦᠳᠦᠭᠡᠭᠳᠡᠭᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ᠂ ᠴᠡᠪᠡᠷ | ᠡᠨᠧᠷᠭᠢ᠂ ᠲᠡᠮᠦᠷᠯᠢᠭ ᠪᠣᠯᠪᠠᠰᠤᠷᠠᠭᠤᠯᠬᠤ ᠵᠢᠴᠢ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠬᠡᠯᠪᠡᠷᠢ ᠶᠢᠨ | ᠬᠢᠮᠢ ᠶᠢᠨ ᠠᠵᠤ ᠦᠢᠯᠡᠳᠪᠦᠷᠢ︶᠂ ᠠᠮᠢ ᠠᠬᠤᠶ ᠶᠢᠨ ᠰᠣᠶᠣᠯ ᠵᠢᠭᠤᠯᠴᠢᠯᠠᠯ ᠤᠨ ᠦᠢᠯᠡᠰ᠂ ᠤᠨᠴᠠᠯᠢᠬᠳᠤ | ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠵᠡᠷᠭᠡ ᠳᠥᠷᠪᠡᠨ ᠶᠡᠭᠡ ᠠᠵᠤ ᠦᠢᠯᠡᠰ ᠢ ᠴᠢᠩᠭ᠎ᠠ ᠠᠳᠬᠤᠨ᠎ᠠ᠃ | ᠮᠠᠨ ᠤ ᠠᠶᠢᠮᠠᠭ ᠤᠨ ᠠᠵᠤ ᠦᠢᠯᠡᠰ ᠤᠨ ᠬᠥᠭᠵᠢᠯᠲᠡ ᠯᠦᠭᠡ ᠨᠠᠷᠢᠯᠢᠭ ᠣᠨᠣᠴᠠᠲᠠᠶ ᠪᠠᠷ ᠵᠣᠯᠭᠠᠭᠤᠯᠤᠭᠰᠠᠨ ᠨᠢᠭᠡ | ᠪᠦᠯᠦᠭ ᠨᠠᠷᠠᠲᠤ ᠲᠥᠷᠥᠯ ᠲᠡᠮᠳᠡᠭᠲᠦ ᠶᠢᠨ ᠵᠢᠱᠢᠶ᠎ᠡ ᠦᠵᠡᠭᠦᠯᠬᠦ ᠲᠤᠰᠬᠠᠶ ᠮᠡᠷᠭᠡᠵᠢᠯ ᠢ ᠪᠤᠶᠢᠵᠢᠭᠤᠯᠤᠨ ᠪᠣᠶ ᠪᠣᠯᠭᠠᠵᠤ | ᠂ ᠪᠠᠶᠢᠷᠢ ᠲᠣᠭᠲᠠᠭᠠᠯᠲᠠ ᠨᠢ ᠣᠨᠣᠪᠴᠢᠲᠠᠶ᠂ ᠭᠤᠤᠯᠳᠠᠯᠭ᠎ᠠ ᠨᠢ ᠲᠣᠪᠤᠶᠢᠮ᠎ᠠ᠂ ᠣᠨᠴᠠᠯᠢᠭ ᠨᠢ ᠢᠯᠡ ᠲᠣᠳᠣ᠂ | ᠪᠠᠶᠢᠷᠢ ᠰᠤᠯᠢᠨ ᠬᠥᠭᠵᠢᠭᠰᠡᠨ ᠲᠤᠰᠬᠠᠶ ᠮᠡᠷᠭᠡᠵᠢᠯ ᠤᠨ ᠪᠠᠶᠢᠷᠢᠰᠢᠭᠤᠯᠤᠯᠲᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ | ᠃ ᠬᠤᠶᠠᠷ ᠲᠤ ᠲᠤᠰᠬᠠᠶ ᠮᠡᠷᠭᠡᠵᠢᠯ ︵ᠣᠯᠠᠨ ᠲᠦᠮᠡᠨ︶ ᠢ ᠦᠨᠡᠯᠡᠨ ᠵᠢᠱᠢᠵᠦ ᠨᠤᠲᠠᠯᠠᠬᠤ ᠠᠵᠢᠯ ᠢ ᠥᠷᠨᠢᠭᠦᠯᠵᠦ᠂ | ︽ᠰᠢᠯᠢᠳᠡᠭ ᠢ ᠨᠢ ᠲᠡᠳᠬᠦᠵᠦ ᠰᠢᠨ᠎ᠡ ᠪᠠᠷ ᠪᠠᠶᠢᠭᠤᠯᠬᠤ᠂ ᠵᠣᠭᠰᠣᠭᠠᠬᠤ ᠬᠠᠰᠤᠬᠤ᠂ ᠥᠭᠡᠷᠡᠴᠢᠯᠡᠨ ᠳᠡᠭᠡᠭᠰᠢᠯᠡᠭᠦᠯᠬᠦ | ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠳᠤ ᠵᠣᠬᠢᠴᠠᠬᠤ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ | ᠵᠢᠱᠢᠯᠲᠡ ᠳᠤ ᠨᠡᠶᠢᠴᠡᠬᠦ ᠲᠤᠰᠬᠠᠶ ᠮᠡᠷᠭᠡᠵᠢᠯ ᠢ ᠳᠣᠭᠢᠷᠠᠭᠤᠯᠤᠨ ᠳᠣᠭᠢᠷᠠᠭᠤᠯᠬᠤ ᠶᠢ ᠳᠡᠮᠵᠢᠵᠦ᠂ ᠰᠢᠨ᠎ᠡ ᠪᠠᠷ ᠨᠡᠮᠡᠵᠦ | ᠪᠠᠶᠢᠭᠤᠯᠤᠭᠰᠠᠨ ᠪᠠᠴᠢᠮ ᠬᠡᠷᠡᠭᠴᠡᠭᠡ ᠲᠠᠢ ᠲᠤᠰᠬᠠᠶ ᠮᠡᠷᠭᠡᠵᠢᠯ ᠪᠠ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠳᠤ | ᠲᠤᠰᠬᠠᠶ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠶ | ᠮᠡᠷᠭᠡᠵᠢᠯ ᠢ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠲᠦᠷᠢᠮ ᠢ ᠲᠡᠭᠦᠯᠳᠡᠷᠵᠢᠭᠦᠯᠵᠦ᠂ ᠬᠠᠩᠭᠠᠯᠭ᠎ᠠ | ᠢᠯᠡᠭᠦᠳᠡᠭᠰᠡᠨ᠂ ᠠᠵᠢᠯ ᠣᠯᠭᠤᠯᠲᠠ ᠶᠢᠨ ᠨᠤᠷᠮ᠎ᠠ ᠳᠣᠣᠷ᠎ᠠ᠂ ᠠᠵᠢᠯ ᠮᠡᠷᠭᠡᠵᠢᠯ ᠤᠨ ᠠᠵᠢᠯ ᠤᠨ ᠪᠠᠶᠢᠷᠢ ᠦᠭᠡᠢ | ᠪᠣᠯᠤᠭᠰᠠᠨ ᠲᠤᠰᠬᠠᠶ ᠮᠡᠷᠭᠡᠵᠢᠯ ᠢ ᠬᠠᠰᠤᠵᠤ ᠨᠡᠶᠢᠯᠡᠭᠦᠯᠬᠦ ᠪᠠ ᠵᠠᠭᠠᠵᠠᠯᠠᠨᠠ᠃ ᠭᠤᠷᠪᠠ ᠳᠤ ᠬᠡᠤᠬᠡᠳ ᠰᠠᠭᠠᠲᠠᠭᠤᠯᠬᠤ | ᠂ ᠡᠷᠡᠭᠦᠯ ᠮᠡᠨᠳᠦ ᠠᠰᠠᠷᠠᠨ ᠲᠡᠵᠢᠭᠡᠬᠦ᠂ ᠬᠡᠷ ᠠᠬᠤᠶ ᠶᠢᠨ ᠠᠵᠢᠯ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ | ᠬᠠᠮᠢᠶ᠎ᠠ ᠪᠥᠬᠦᠶ ᠲᠤᠰᠬᠠᠶ ᠮᠡᠷᠭᠡᠵᠢᠯ ᠢ ᠲᠦᠷᠭᠡᠳᠬᠡᠨ ᠪᠠᠶᠢᠭᠤᠯᠤᠨ᠎ᠠ᠃ 2025 ᠣᠨ ᠪᠣᠯᠬᠤ ᠳᠤ᠂ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ | ᠳᠣᠭᠢᠷᠠᠭᠤᠯᠬᠤ ᠶᠢ ᠪᠡᠶᠡᠯᠡᠭᠦᠯᠦᠨ᠎ᠡ᠃ ᠲᠦᠷᠪᠡ ᠳᠤ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠰᠢᠯᠢᠳᠡᠭ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠰᠤᠷᠭᠠᠭᠤᠯᠢ ᠡᠷᠬᠢᠯᠡᠬᠦ ᠶᠠᠰᠤ | ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠥᠬᠦ ᠠᠶᠢᠮᠠᠭ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠳᠤ ᠨᠠᠭᠠᠳᠤ ᠵᠠᠬ᠎ᠠ ᠳᠠᠭᠠᠨ 3 ᠰᠢᠯᠢᠳᠡᠭ ᠲᠤᠰᠬᠠᠶ ᠮᠡᠷᠭᠡᠵᠢᠯ ᠢ ᠪᠣᠶ ᠪᠣᠯᠭᠠᠵᠤ᠂ ᠳᠤᠮᠳᠠᠳᠤ | ᠤᠯᠤᠰ ᠤᠨ ᠣᠨᠴᠠᠯᠢᠭ ᠪᠥᠬᠦᠶ ᠥᠨᠳᠥᠷ ᠬᠢᠷᠢ ᠲᠦᠪᠰᠢᠨ ᠪᠥᠬᠦᠶ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠲᠤᠰᠬᠠᠶ ᠮᠡᠷᠭᠡᠵᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠶᠢ ᠯᠠᠪᠳᠠᠭᠤᠨ ᠪᠠᠲᠤᠲᠠᠶ ᠠᠬᠢᠭᠤᠯᠵᠤ᠂ | ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ | ᠪᠠ ᠮᠠᠯ ᠠᠵᠤ ᠠᠬᠤᠶ ᠮᠠᠯ ᠡᠮᠨᠡᠯᠭᠡ ᠶᠢᠨ 2 ᠥᠨᠳᠥᠷ ᠬᠢᠷᠢ ᠲᠦᠪᠰᠢᠨ ᠪᠥᠬᠦᠶ ᠲᠤᠰᠬᠠᠶ ᠮᠡᠷᠭᠡᠵᠢᠯ ᠤᠨ | ᠪᠦᠯᠦᠭᠯᠡᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠨᠢᠭᠡ ᠰᠤᠷᠭᠠᠭᠤᠯᠢ ᠨᠢᠭᠡ ᠲᠥᠷᠥᠯ ᠤᠨ᠂ ᠲᠤᠰᠬᠠᠶ | ᠮᠡᠷᠭᠡᠵᠢᠯ ᠤᠨ ᠣᠨᠴᠠᠯᠢᠭ ᠢᠶᠠᠷ ᠢᠯᠡᠷᠬᠡᠶ ᠰᠤᠷᠭᠠᠭᠤᠯᠢ ᠡᠷᠭᠢᠯᠡᠬᠦ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ | ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ︶ | ︵ᠭᠤᠷᠪᠠ︶ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠤᠨ᠎ᠠ | ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ︽ᠭᠦᠨᠵᠡᠭᠡᠶᠢᠷᠡᠨ ᠬᠥᠭᠵᠢᠬᠦ | ︾ ᠶᠢ ᠲᠦᠯᠬᠢᠨ ᠠᠬᠢᠭᠤᠯᠤᠨ᠎ᠠ᠃ ᠨᠢᠭᠡ ᠳᠤ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠢᠩᠬᠢᠨᠢ | ᠠᠩᠭᠢ ᠶᠢᠨ ᠲᠠᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠᠶᠢᠭᠤᠯᠬᠤ ᠪᠠᠷ ᠭᠤᠶᠤᠴᠢᠯᠠᠬᠤ | ᠪᠤᠶᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠭᠤᠶᠤᠴᠢᠯᠠᠨ | ᠡᠷᠭᠢᠯᠡᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠪᠥᠬᠦ ᠠᠶᠢᠮᠠᠭ ᠤᠨ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠨ ᠬᠦᠮᠦᠵᠢᠯ ᠤᠨ ᠰᠢᠨ᠎ᠡ ᠨᠡᠷ᠎ᠡ ᠬᠠᠭᠤᠳᠠᠰᠤ ᠶᠢ ᠪᠤᠢ ᠪᠤᠯᠭᠠᠨ᠎ᠠ᠃ ᠬᠤᠶᠠᠷ ᠲᠤ ᠠᠶᠢᠮᠠᠭ ᠤᠨ ᠳᠤᠮᠳᠠ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠬᠤᠯᠪᠣᠭᠠᠨ ᠤ ᠪᠠᠶᠢᠭᠤᠯᠤᠯᠲᠠ ᠶᠢ ᠠᠬᠢᠭᠤᠯᠵᠤ᠂ ᠬᠢᠩᠭᠠᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ | ᠪᠠᠳᠠᠷᠠᠭᠤᠯᠵᠤ᠂ ᠪᠦᠬᠦ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠨᠢᠭᠡ ᠴᠣᠭᠴᠠᠵᠢᠭᠤᠯᠤᠨ | ᠵᠢᠷᠤᠵᠤ ᠲᠥᠯᠥᠪᠯᠡᠬᠦ᠂ ᠰᠤᠷᠤᠯᠭ᠎ᠠ ᠪᠠ ᠱᠠᠲᠤ ᠦᠶ᠎ᠡ ᠶᠢ ᠵᠣᠯᠭᠠᠭᠤᠯᠬᠤ᠂ ᠤᠷ᠎ᠠ ᠮᠡᠷᠭᠡᠵᠢᠯ ᠢ ᠠᠬᠢᠭᠤᠯᠬᠤ︾ | ᠳᠡᠭᠡᠳᠦ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠵᠠᠭᠪᠤᠷ ᠤᠨ ᠥᠭᠡᠷᠡᠴᠢᠯᠡᠯᠲᠡ ᠶᠢ ᠠᠬᠢᠭᠤᠯᠵᠤ᠂ | ᠠᠶᠢᠮᠠᠭ ᠤᠨ ᠳᠣᠲᠣᠷᠠᠬᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠬᠢᠭᠡᠳ ᠬᠢᠩᠭᠠᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠰᠤᠪᠢᠯᠠᠯᠲᠠ᠂ | ᠮᠠᠯ ᠠᠵᠤ ᠠᠬᠤᠶ ᠮᠠᠯ ᠡᠮᠨᠡᠯᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠵᠣᠬᠢᠶᠠᠮᠠᠯ ᠣᠶᠤᠨᠯᠢᠭ ᠤᠨ | ᠮᠡᠷᠭᠡᠵᠢᠯ ᠤᠨ ᠬᠡᠷᠡᠭᠯᠡᠭᠡᠨ᠂ ᠵᠢᠭᠤᠯᠴᠢᠯᠠᠯ ᠤᠨ ᠬᠠᠮᠢᠶᠠᠷᠤᠯᠲᠠ ᠵᠡᠷᠭᠡ 6 ᠲᠤᠰᠬᠠᠶ ᠮᠡᠷᠭᠡᠵᠢᠯ ᠤᠨ ᠪᠠᠭᠰᠢ ᠶᠢᠨ | ᠪᠣᠯᠪᠠᠰᠤᠷᠠᠭᠤᠯᠤᠯ᠂ ᠴᠢᠳᠠᠪᠤᠷᠢᠲᠠᠨ ᠤ ᠬᠥᠮᠦᠵᠢᠭᠦᠯᠦᠯ᠂ ᠬᠢᠴᠢᠶᠡᠯ ᠤᠨ ᠰᠢᠰᠲ᠋ᠧᠮᠵᠢ᠂ ᠵᠢᠭᠠᠨ ᠰᠤᠷᠭᠠᠯᠲᠠ ᠶᠢᠨ ᠡᠬᠢ | ᠪᠠᠶᠠᠯᠢᠭ᠂ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠵᠡᠷᠭᠡ ᠲᠠᠯ᠎ᠠ ᠪᠠᠷ ᠪᠦᠲᠦᠮᠵᠢᠲᠡᠶ ᠵᠣᠯᠭᠠᠭᠤᠯᠬᠤ ᠪᠠ | ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠭᠤᠷᠪᠠ ᠳᠤ ᠠᠶᠢᠮᠠᠭ ᠤᠨ ᠬᠡᠪᠴᠢᠶᠡᠨ ᠳᠠᠬᠢ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠤᠯᠪᠣᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠠᠭᠤᠰᠤᠯᠴᠠᠨ ᠬᠠᠮᠲᠤᠪᠠᠷ ᠭᠥᠷᠳᠡᠬᠦ ᠬᠥᠭᠵᠢᠯᠲᠡ ᠶᠢ | ᠠᠬᠢᠭᠤᠯᠵᠤ᠂ ᠰᠤᠷᠭᠠᠭᠤᠯᠢ ᠨᠢᠭᠡᠪᠦᠷᠢ ᠲᠣᠰ ᠲᠣᠰ ᠤᠨ ᠰᠢᠯᠢᠳᠡᠭ ᠲᠤᠰᠬᠠᠶ ᠮᠡᠷᠭᠡᠵᠢᠯ ᠤᠨ ᠣᠨᠴᠠᠯᠢᠭ ᠢᠶᠠᠨ | ᠦᠨᠳᠦᠰᠦᠯᠡᠨ᠂ 1 — 2 ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠬᠤᠭᠤᠷᠣᠨᠳᠣᠬᠢ ᠣᠯᠠᠨ ᠲᠥᠷᠥᠯ | ᠬᠡᠯᠪᠡᠷᠢ᠂ ᠣᠯᠠᠨ ᠬᠡᠯᠪᠡᠷᠢ ᠮᠠᠶ᠋ᠢᠭ᠂ ᠥᠨᠳᠥᠷ ᠪᠠᠷᠢᠮᠵᠢᠶ᠎ᠠ᠂ ᠭᠦᠨᠵᠡᠭᠡᠶ ᠠᠭᠤᠰᠤᠯᠴᠠᠭᠰᠠᠨ ᠰᠣᠯᠢᠯᠴᠠᠭ᠎ᠠ ᠪᠠ | ᠬᠠᠮᠲᠤᠷᠠᠯᠴᠠᠭ᠎ᠠ ᠶᠢ ᠥᠷᠨᠢᠭᠦᠯᠦᠨ᠎ᠡ᠃ ᠲᠦᠷᠪᠡ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ | ᠰᠤᠷᠭᠠᠨ ᠬᠥᠮᠦᠵᠢᠯ ᠤᠨ ᠨᠡᠪᠴᠢᠨ ᠠᠭᠤᠰᠤᠯᠴᠠᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠶᠡᠭᠡ ᠳᠡᠭᠡᠳᠦ | ᠰᠤᠷᠭᠠᠭᠤᠯᠢ ᠶᠢᠨ ᠡᠩ ᠤᠨ ᠳᠤᠮᠳᠠᠳᠤ ᠪᠠᠭ᠎ᠠ ᠰᠤᠷᠭᠠᠭᠤᠯᠢ ᠲᠠᠢ ᠬᠤᠯᠪᠣᠭᠠᠯᠠᠨ ᠠᠵᠢᠯ ᠮᠡᠷᠭᠡᠵᠢᠯ ᠤᠨ ᠰᠡᠬᠡᠭᠡᠷᠡᠭᠦᠯᠬᠦ | ᠰᠤᠷᠭᠠᠨ ᠬᠥᠮᠦᠵᠢᠯ ᠥᠷᠨᠢᠭᠦᠯᠬᠦ ᠶᠢ ᠵᠣᠷᠢᠭᠵᠢᠭᠤᠯᠤᠨ ᠲᠡᠮᠵᠢᠨ᠎ᠠ᠃ ᠠᠵᠢᠯ ᠮᠡᠷᠭᠡᠵᠢᠯ ᠤᠨ ᠰᠤᠷᠭᠠᠭᠤᠯᠢ ᠶᠢ | ᠪᠦᠬᠦᠨ ᠢ ᠳᠤᠮᠳᠠᠳᠤ ᠪᠠᠭ᠎ᠠ ᠰᠤᠷᠭᠠᠭᠤᠯᠢ ᠶᠢᠨ ᠬᠥᠳᠡᠯᠮᠦᠷᠢ ᠦᠢᠯᠡᠳᠦᠯᠭᠡ ᠶᠢᠨ ᠰᠠᠭᠤᠷᠢᠨ ᠭᠠᠵᠠᠷ ︵ᠲᠠᠯᠠᠪᠤᠷ︶ | ᠲᠤ ᠣᠷᠣᠭᠤᠯᠵᠤ᠂ ︽ᠨᠢᠭᠡ ᠬᠤᠰᠢᠭᠤ ᠰᠢᠶᠠᠨ ᠬᠤᠲᠠ ᠳᠤ ᠨᠢᠭᠡ ᠰᠠᠭᠤᠷᠢᠨ ᠭᠠᠵᠠᠷ︾ ᠢ ᠦᠨᠡᠨᠬᠦ ᠪᠠᠲᠤᠯᠠᠨ᠎ᠠ᠃ | ᠠᠵᠢᠯ ᠮᠡᠷᠭᠡᠵᠢᠯ ᠤᠨ ᠪᠠ ᠡᠩ ᠤᠨ ᠰᠤᠷᠭᠠᠨ ᠬᠥᠮᠦᠵᠢᠯ ᠢ ᠠᠭᠤᠰᠤᠯᠴᠠᠭᠤᠯᠤᠨ ᠬᠥᠮᠦᠵᠢᠭᠦᠯᠬᠦ ᠵᠠᠭᠪᠤᠷ ᠢ | ᠰᠦᠪᠡᠭᠴᠢᠯᠡᠵᠦ᠂ ︽ᠠᠵᠢᠯ ᠮᠡᠷᠭᠡᠵᠢᠯ ᠤᠨ ᠪᠠ ᠡᠩ ᠤᠨ ᠪᠠ ᠡᠩ ᠤᠨ ᠰᠤᠷᠭᠠᠨ ᠬᠥᠮᠦᠵᠢᠯ ᠢ ᠬᠠᠮᠲᠤᠪᠠᠷ | ᠪᠠᠶᠢᠭᠤᠯᠬᠤ︾ ᠠᠩᠭᠢ ᠭᠠᠷᠭᠠᠨ᠎ᠠ᠃ ᠲᠠᠪᠤ ᠳᠤ ᠰᠤᠷᠭᠠᠭᠤᠯᠢ ᠪᠠ ᠠᠵᠤ ᠠᠬᠤᠶᠢᠯᠠᠯ ᠤᠨ ᠬᠤᠤᠰ ᠴᠢᠭᠯᠡᠯ ᠢᠶᠠᠷ | ᠣᠷᠣᠯᠴᠠᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢᠶᠠᠨ ᠬᠠᠷᠢᠯᠴᠠᠨ ᠬᠡᠷᠡᠭᠯᠡᠬᠦ᠂ ᠠᠰᠢᠭ | ᠲᠤᠰᠠ ᠪᠠᠨ ᠬᠠᠮᠲᠤ ᠪᠠᠷ ᠡᠳ᠋ᠯᠡᠬᠦ ᠶᠢ ᠵᠣᠷᠢᠭᠵᠢᠭᠤᠯᠵᠤ᠂ ᠨᠡᠶᠢᠭᠡᠮ ᠬᠢᠭᠡᠳ ᠵᠠᠬ᠎ᠠ ᠳᠡᠯᠭᠡᠭᠦᠷ ᠲᠤ ᠬᠡᠷᠡᠭᠴᠡᠭᠡ ᠲᠠᠢ | ᠴᠢᠳᠠᠪᠤᠷᠢᠲᠠᠨ ᠢ ᠬᠠᠮᠲᠤ ᠪᠠᠷ ᠬᠥᠮᠦᠵᠢᠭᠦᠯᠦᠨ᠎ᠡ᠃ ᠵᠢᠷᠭᠤᠭ᠎ᠠ ᠳᠤ ᠬᠤᠳᠠ ᠬᠥᠳᠡᠭᠡ ᠶᠢ ᠬᠠᠮᠤᠷᠤᠭᠰᠠᠨ ᠨᠠᠰᠤᠨ | ᠲᠤᠷᠰᠢᠳᠠ ᠶᠢᠨ ᠰᠤᠷᠤᠯᠴᠠᠯᠭ᠎ᠠ ᠶᠢᠨ ᠦᠢᠯᠡᠴᠢᠯᠡᠭᠡᠨ ᠤ ᠲᠣᠣᠷ ᠢ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ᠂ ᠨᠠᠰᠤᠲᠠᠶᠢᠴᠤᠳ ᠤᠨ ᠰᠤᠷᠭᠠᠨ ᠬᠥᠮᠦᠵᠢᠯ ᠵᠡᠷᠭᠡ ᠶᠢᠨ | ᠬᠠᠮᠵᠢᠯᠴᠠᠨ ᠬᠥᠭᠵᠢᠬᠦ ᠶᠢ ᠠᠬᠢᠭᠤᠯᠵᠤ᠂ ᠨᠡᠭᠡᠭᠡᠯᠲᠡᠲᠡᠢ ᠪᠥᠭᠡᠳ ᠠᠮᠢᠳᠤᠯᠢᠭ᠂ ᠡᠬᠢ ᠪᠠᠶᠠᠯᠢᠭ ᠡᠯᠪᠡᠭ ᠳᠡᠯᠪᠡᠭ᠂ | ᠪᠦᠬᠦ ᠠᠷᠠᠳ ᠤᠨ ᠨᠠᠰᠤᠨ ᠲᠤᠷᠰᠢᠳᠠ ᠶᠢᠨ ᠰᠤᠷᠤᠯᠴᠠᠯᠭ᠎ᠠ ᠳᠤ ᠦᠢᠯᠡᠴᠢᠯᠡᠬᠦ ᠰᠤᠷᠭᠠᠨ ᠬᠥᠮᠦᠵᠢᠯ ᠤᠨ ᠰᠢᠰᠲ᠋ᠧᠮ ᠢ | ᠪᠠᠶᠢᠭᠤᠯᠤᠨ᠎ᠠ᠃ ᠵᠠᠯᠠᠶᠢᠳ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠤᠷᠴᠢᠨ | ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠲᠦᠴᠢᠦᠸᠠᠨ | ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ | ᠨᠢᠭᠡᠳᠦᠭᠡᠷ ᠪᠦᠯᠦᠭ ᠤᠨ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠤᠨ ᠰᠤᠷᠭᠠᠨ | ᠬᠥᠮᠦᠵᠢᠯ ᠤᠨ ᠵᠢᠭᠠᠨ ᠰᠤᠷᠭᠠᠯᠲᠠ ᠶᠢᠨ ᠲᠤᠷᠰᠢᠯᠲᠠ ᠶᠢᠨ ᠴᠢᠬ ᠤᠨ ᠳᠡᠭᠡᠳᠦ ᠰᠤᠷᠭᠠᠭᠤᠯᠢ ᠪᠣᠯᠤᠭᠰᠠᠨ ᠤ | ᠬᠤᠪᠢ ᠳᠤ ᠥᠨᠳᠥᠷ ᠪᠠᠷᠢᠮᠵᠢᠶ᠎ᠠ ᠪᠠᠷ ᠪᠣᠯᠪᠠᠰᠤᠷᠠᠭᠤᠯᠤᠯ ᠤᠨ ᠡᠭᠦᠷᠭᠡ ᠪᠠᠨ ᠪᠡᠶᠡᠯᠡᠭᠦᠯᠬᠦ ᠬᠡᠷᠡᠭᠲᠡᠶ᠃ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ᠂ ᠲᠠᠯᠠᠪᠤᠷ ᠭᠠᠵᠠᠷ᠂ ᠵᠢᠭᠠᠨ ᠰᠤᠷᠭᠠᠬᠤ ᠲᠥᠬᠦᠭᠡᠷᠦᠮᠵᠢ ᠶᠢᠨ | ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ᠰᠤᠷᠤᠯᠴᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ 2025 ᠣᠨ ᠪᠣᠯᠬᠤ ᠳᠤ᠂ ᠭᠤᠯᠳᠤ ᠪᠠᠷ ᠨᠡᠪᠲᠡᠷᠡᠭᠰᠡᠨ᠂ ᠬᠥᠨᠳᠡᠯᠡᠨ ᠢᠶᠠᠷ | ᠠᠭᠤᠰᠤᠯᠴᠠᠭᠰᠠᠨ᠂ ᠰᠤᠷᠭᠠᠭᠤᠯᠢ ᠠᠵᠤ ᠠᠬᠤᠶᠢᠯᠠᠯ ᠬᠤᠯᠪᠣᠭᠠᠯᠠᠨ ᠨᠡᠪᠲᠡᠷᠡᠭᠰᠡᠨ ᠤᠳᠤ ᠦᠶ᠎ᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠵᠢᠴᠢ ᠪᠦᠬᠦ ᠠᠷᠠᠳ ᠤᠨ ᠨᠠᠰᠤᠨ ᠲᠤᠷᠰᠢᠳᠠ ᠶᠢᠨ ᠰᠤᠷᠤᠯᠴᠠᠯᠭ᠎ᠠ | ᠬᠥᠮᠦᠵᠢᠯ ᠤᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ | ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠤᠯᠪᠣᠭᠳᠠᠯ ᠪᠥᠬᠦᠶ ᠡᠩ ᠤᠨ ᠳᠤᠮᠳᠠᠳᠤ ᠪᠠᠭ᠎ᠠ ᠰᠤᠷᠭᠠᠭᠤᠯᠢ︶ | | ︵ᠳᠥᠷᠪᠡ︶ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠶᠠᠰᠤ ᠴᠢᠨᠠᠷ ᠤᠨ | ᠳᠡᠭᠡᠭᠰᠢᠯᠡᠯᠲᠡ ᠶᠢ ᠠᠬᠢᠭᠤᠯᠤᠨ᠎ᠠ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ | ᠪᠤᠶᠢᠵᠢᠭᠤᠯᠬᠤ︾ ᠠᠵᠢᠯᠯᠠᠭᠠᠨ ᠤ ᠲᠥᠯᠥᠪᠯᠡᠭᠡ ᠶᠢ ᠴᠢᠨᠠᠷ ᠰᠠᠶᠢᠲᠠᠶ ᠬᠡᠷᠡᠭᠵᠢᠭᠦᠯᠦᠨ᠎ᠡ᠃ ᠨᠢᠭᠡ ᠳᠤ᠂ ᠨᠠᠮ ᠤᠨ | ᠤᠳᠤᠷᠢᠳᠤᠯᠭ᠎ᠠ ᠶᠢ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ᠂ ᠶᠣᠰᠣ ᠰᠤᠷᠲᠠᠬᠤᠨ ᠢ ᠪᠣᠶ ᠪᠣᠯᠭᠠᠵᠤ | ᠬᠥᠮᠦᠨ ᠢ ᠬᠥᠮᠦᠵᠢᠭᠦᠯᠬᠦ ᠪᠥᠬᠦ ᠶᠠᠪᠤᠴᠠ ᠳᠤ ᠲᠤᠭᠤᠰᠢᠯᠠᠭᠤᠯᠵᠦ᠂ ︽ᠨᠢᠭᠡ ᠰᠤᠷᠭᠠᠭᠤᠯᠢ ᠨᠢᠭᠡ ᠲᠠᠰ︾ ᠤᠨ | ᠶᠣᠰᠣ ᠰᠤᠷᠲᠠᠬᠤᠨ ᠤ ᠬᠥᠮᠦᠵᠢᠯ ᠤᠨ ᠨᠠᠷᠠᠲᠤ ᠲᠥᠷᠥᠯ ᠲᠡᠮᠳᠡᠭᠲᠦ ᠶᠢᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠬᠡᠷᠡᠭᠵᠢᠭᠦᠯᠦᠨ᠂ ︽ᠭᠤᠷᠪᠠᠨ ᠪᠦᠷᠢᠨ ᠬᠥᠮᠦᠨ ᠬᠥᠮᠦᠵᠢᠭᠦᠯᠬᠦ︾ ᠰᠢᠨ᠎ᠡ ᠪᠠᠶᠢᠷᠢᠰᠢᠯ ᠢ ᠪᠣᠶ | ᠪᠣᠯᠭᠠᠨ᠎ᠠ᠃ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠣᠷᠣᠨ ᠤ ᠲᠠᠰ ᠤᠨ ᠦᠵᠡᠯ ᠰᠠᠨᠠᠭ᠎ᠠ ᠤᠯᠤᠰ | ᠲᠥᠷᠥ ᠶᠢᠨ ᠤᠨᠴᠠᠯᠢᠭᠳᠤ ᠶᠡᠭᠡ ᠳᠡᠭᠡᠳᠦ ᠰᠤᠷᠭᠠᠭᠤᠯᠢ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ ᠨᠢ ᠪᠣᠶ ᠪᠥᠬᠦᠶ ᠳᠡᠭᠡᠳᠦ ᠰᠤᠷᠭᠠᠭᠤᠯᠢ ᠰᠠᠯᠪᠤᠷᠢ᠂ ᠪᠣᠶ ᠪᠥᠬᠦᠶ ᠪᠠᠭᠰᠢ | ᠰᠤᠷᠤᠭᠴᠢᠳ ᠢ ᠬᠠᠮᠤᠷᠪᠠ᠃ 2025 ᠣᠨ ᠪᠣᠯᠬᠤ ᠳᠤ᠂ 2 — 3 ᠥᠪᠡᠷᠲᠡᠭᠡᠨ ᠵᠠᠰᠠᠬᠤ ᠣᠷᠣᠨ ᠤ ᠲᠠᠰ ᠤᠨ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ︽ᠭᠤᠷᠪᠠᠨ ᠪᠦᠷᠢᠨ ᠬᠥᠮᠦᠨ ᠬᠥᠮᠦᠵᠢᠭᠦᠯᠬᠦ︾ ᠨᠡᠶᠢᠲᠡᠯᠢᠭ | ᠰᠤᠷᠭᠠᠭᠤᠯᠢ ᠶᠢ ᠪᠤᠶᠢᠵᠢᠭᠤᠯᠵᠤ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠥᠪᠡᠷᠲᠡᠭᠡᠨ ᠵᠠᠰᠠᠬᠤ | ᠣᠷᠣᠨ ᠤ ᠲᠠᠰ ᠤᠨ ᠦᠵᠡᠯ ᠰᠠᠨᠠᠭ᠎ᠠ ᠤᠯᠤᠰ ᠲᠥᠷᠥ ᠶᠢᠨ ᠣᠨᠴᠠᠯᠢᠭ ᠲᠠᠢ ᠬᠢᠴᠢᠶᠡᠯ ᠤᠨ ᠳᠡᠭᠡᠳᠦ ᠰᠤᠷᠭᠠᠭᠤᠯᠢ ᠶᠢ | ᠡᠭᠦᠳᠦᠨ ᠪᠠᠶᠢᠭᠤᠯᠤᠨ᠎ᠠ᠃ ᠬᠤᠶᠠᠷ ᠲᠤ᠂ ︽ᠵᠠᠩ ᠰᠤᠷᠲᠠᠯ ᠰᠢᠯᠢᠳᠡᠭ ᠰᠠᠶᠢᠨ + ᠰᠣᠶᠣᠯ ᠢᠷᠭᠡᠨᠰᠢᠯ ᠯᠠᠪᠳᠠᠭᠤᠨ | ᠪᠠᠲᠤᠲᠠᠢ + ᠤᠷ᠎ᠠ ᠴᠢᠳᠠᠪᠤᠷᠢ ᠨᠠᠷᠢᠯᠢᠭ + ᠪᠡᠶ᠎ᠡ ᠰᠡᠳᠬᠢᠯ ᠤᠨ ᠡᠷᠡᠭᠦᠯ ᠮᠠᠨᠳᠤ︾ ᠬᠥᠮᠦᠵᠢᠭᠦᠯᠬᠦ ᠵᠠᠭᠪᠤᠷ ᠢ | ᠪᠠᠶᠢᠭᠤᠯᠵᠤ᠂ ︽ᠲᠠᠪᠤᠨ ᠬᠥᠮᠦᠵᠢᠯ ᠢ ᠵᠡᠷᠭᠡᠪᠡᠷ ᠠᠳᠬᠤᠬᠤ︾ ᠰᠤᠷᠤᠭᠴᠢᠳ ᠤᠨ ᠪᠦᠬᠦ ᠶᠠᠪᠤᠴᠠ ᠪᠦᠬᠦ | ᠡᠯᠧᠮᠧᠨ᠋ᠲ ᠤᠨ ᠶᠡᠷᠦᠩᠬᠡᠶᠢᠯᠡᠭᠰᠡᠨ ᠬᠡᠪ ᠴᠢᠨᠠᠷ ᠤᠨ ᠦᠨᠡᠯᠡᠯᠲᠡ ᠶᠢᠨ ᠰᠢᠰᠲ᠋ᠧᠮ ᠢ ᠰᠦᠪᠡᠭᠴᠢᠯᠡᠨ ᠪᠠᠶᠢᠭᠤᠯᠤᠨ᠎ᠠ᠃ | ᠭᠤᠷᠪᠠ ᠳᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠥᠷᠥᠯ ᠵᠦᠢᠯ ᠤᠨ ᠵᠢᠭᠠᠨ ᠰᠤᠷᠭᠠᠯᠲᠠ᠂ ᠠᠬᠤᠶ | ᠪᠠᠶᠢᠳᠠᠯ ᠤᠨ ᠵᠢᠭᠠᠨ ᠰᠤᠷᠭᠠᠯᠲᠠ᠂ ᠬᠡᠰᠡᠭᠴᠢᠯᠡᠭᠰᠡᠨ ᠵᠢᠭᠠᠨ ᠰᠤᠷᠭᠠᠯᠲᠠ ᠪᠠᠷ ᠭᠤᠤᠯ ᠴᠣᠭᠴᠠ ᠪᠣᠯᠭᠠᠭᠰᠠᠨ | ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠵᠠᠭᠪᠤᠷ ᠢ ᠳᠡᠯᠭᠡᠷᠡᠭᠦᠯᠦᠨ᠂ ᠰᠡᠩᠬᠡᠷᠡᠭᠦᠯᠬᠦ ᠮᠠᠶ᠋ᠢᠭ ᠤᠨ᠂ | ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ ᠵᠢᠭᠠᠨ ᠰᠤᠷᠭᠠᠯᠲᠠ ᠶᠢ | ᠥᠷᠭᠡᠨ ᠢᠶᠠᠷ ᠬᠡᠷᠡᠭᠯᠡᠵᠦ᠂ ᠴᠢᠳᠠᠪᠤᠷᠢᠲᠠᠨ ᠢ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠦᠷᠪᠡ ᠳᠤ᠂ | ᠵᠢᠭᠠᠨ ᠰᠤᠷᠭᠠᠯᠲᠠ ᠶᠢᠨ ᠶᠠᠰᠤ ᠴᠢᠨᠠᠷ ᠢ ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ᠎ᠠ᠃ ᠵᠢᠯ ᠪᠦᠷᠢ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠴᠢᠳᠠᠪᠤᠷᠢ᠂ ᠵᠢᠭᠠᠨ ᠰᠤᠷᠭᠠᠬᠤ ᠴᠢᠳᠠᠪᠤᠷᠢ ᠪᠠ | ᠠᠩᠭᠢ ᠶᠢᠨ ᠡᠷᠬᠢᠯᠡᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠶᠡᠭᠡ ᠤᠷᠤᠯᠳᠤᠭᠠᠨ ᠢ ᠡᠷᠭᠢᠯᠡᠵᠦ᠂ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠤᠭᠴᠢᠳ ᠢ ᠵᠣᠬᠢᠶᠠᠨ ᠪᠠᠶᠢᠭᠤᠯᠤᠨ ᠡᠯ᠎ᠡ ᠲᠥᠷᠥᠯ ᠤᠨ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠡᠭᠡ ᠤᠷᠤᠯᠳᠤᠭᠠᠨ᠂ ᠳᠡᠯᠡᠬᠡᠶ ᠶᠢᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠮᠡᠷᠭᠡᠵᠢᠯ ᠴᠢᠳᠠᠪᠤᠷᠢ ᠶᠢᠨ ᠶᠡᠭᠡ ᠤᠷᠤᠯᠳᠤᠭᠠᠨ᠂ ᠳᠡᠯᠡᠬᠡᠶ ᠶᠢᠨ ᠮᠡᠷᠭᠡᠵᠢᠯ ᠴᠢᠳᠠᠪᠤᠷᠢ ᠶᠢᠨ | ᠶᠡᠭᠡ ᠤᠷᠤᠯᠳᠤᠭᠠᠨ ᠵᠢᠴᠢ ᠪᠥᠬᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠡᠷᠭᠡᠵᠢᠯ | ᠴᠢᠳᠠᠪᠤᠷᠢ ᠶᠢᠨ ᠶᠡᠭᠡ ᠤᠷᠤᠯᠳᠤᠭᠠᠨ ᠳᠤ ᠤᠷᠤᠯᠴᠠᠭᠤᠯᠤᠨ᠎ᠠ᠃ ︵ᠮᠡᠷᠭᠡᠵᠢᠯ ᠤᠨ ᠠᠵᠢᠯᠴᠢᠨ ᠤ ᠲᠥᠷᠥᠯ ᠤᠨ | ᠮᠡᠷᠭᠡᠵᠢᠯ ᠴᠢᠳᠠᠪᠤᠷᠢ ᠶᠢᠨ ᠶᠡᠭᠡ ᠤᠷᠤᠯᠳᠤᠭᠠᠨ ᠪᠠᠭᠳᠠᠨ᠎ᠠ︶ ᠲᠠᠪᠤ ᠳᠤ᠂ ︽ᠠᠵᠢᠯ ᠤᠨ ᠪᠠᠶᠢᠷᠢ ᠶᠢᠨ ᠬᠢᠴᠢᠶᠡᠯ | ᠤᠷᠤᠯᠳᠤᠭᠠᠨ ᠤ ᠦᠨᠡᠮᠯᠡᠯ︾ ᠤᠨ ᠶᠡᠷᠦᠩᠬᠡᠶᠢᠯᠡᠭᠰᠡᠨ ᠬᠥᠮᠦᠵᠢᠯ ᠢ ᠴᠢᠩᠭᠠᠳᠬᠠᠵᠤ᠂ ᠪᠣᠶ ᠪᠥᠬᠦᠶ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠴᠥᠮ ︽1+X︾ ︵ᠰᠤᠷᠤᠯᠭ᠎ᠠ ᠶᠢᠨ ᠨᠠᠮᠲᠠᠷ ᠤᠨ ᠦᠨᠡᠮᠯᠡᠯ + ᠡᠳᠦᠶ | ᠲᠡᠳᠦᠶ ᠮᠡᠷᠭᠡᠵᠢᠯ ᠴᠢᠳᠠᠪᠤᠷᠢ ᠶᠢᠨ ᠲᠠᠰ ᠤᠨ ᠦᠨᠡᠮᠯᠡᠯ︶ ᠤᠨ ᠦᠨᠡᠮᠯᠡᠯ ᠤᠨ ᠲᠦᠷᠢᠮ ᠤᠨ ᠲᠤᠷᠰᠢᠯᠲᠠ ᠳᠤ | ᠣᠷᠣᠯᠴᠠᠵᠤ᠂ ︽1+X︾ ᠦᠨᠡᠮᠯᠡᠯ ᠤᠨ ᠲᠦᠷᠢᠮ ᠤᠨ ᠲᠤᠷᠰᠢᠯᠲᠠ ᠶᠢᠨ ᠴᠡᠭ ᠤᠨ ᠬᠤᠯᠪᠣᠭ᠎ᠠ ᠶᠢ ᠪᠠᠶᠢᠭᠤᠯᠵᠤ | ᠂ ᠰᠤᠷᠤᠯᠭ᠎ᠠ ᠶᠢᠨ ᠨᠠᠮᠲᠠᠷ ᠤᠨ ᠦᠨᠡᠮᠯᠡᠯ ᠬᠢᠭᠡᠳ ᠠᠵᠢᠯ ᠮᠡᠷᠭᠡᠵᠢᠯ ᠤᠨ ᠮᠡᠷᠭᠡᠵᠢᠯ ᠴᠢᠳᠠᠪᠤᠷᠢ ᠶᠢᠨ ᠲᠠᠰ ᠤᠨ | ᠦᠨᠡᠮᠯᠡᠯ ᠤᠨ ᠬᠠᠷᠢᠯᠴᠠᠨ ᠨᠡᠪᠲᠡᠷᠡᠯᠴᠡᠬᠦ ᠶᠢ ᠠᠬᠢᠭᠤᠯᠤᠨ᠂ ︽1+X︾ ᠦᠨᠡᠮᠯᠡᠯ ᠤᠨ ᠲᠦᠷᠢᠮ ᠤᠨ 8 ᠲᠥᠷᠥᠯ | ᠵᠦᠢᠯ ᠢ ᠭᠤᠤᠯᠳᠠᠯᠭ᠎ᠠ ᠲᠠᠢ ᠪᠠᠶᠢᠭᠤᠯᠵᠤ᠂ ᠰᠤᠷᠭᠠᠨ ᠬᠥᠮᠦᠵᠢᠯ ᠤᠨ ᠶᠠᠰᠤ ᠴᠢᠨᠠᠷ ᠪᠠ ᠰᠣᠷᠣᠭᠴᠢ ᠶᠢᠨ ᠠᠵᠢᠯ | ᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠰᠤᠷᠭᠠᠨ ᠬᠥᠮᠦᠵᠢᠯ ᠤᠨ | ᠲᠣᠪᠴᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠠᠶᠢᠮᠠᠭ ᠤᠨ ᠡᠳ᠋ ᠤᠨ ᠵᠠᠰᠠᠭ ᠤᠨ | ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ︶ | ︵ᠲᠠᠪᠤ︶ ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠤᠨ᠎ᠠ | ᠬᠠᠷᠠᠯᠲᠠ ᠶᠢᠨ ᠴᠢᠭᠯᠡᠯ ᠢᠶᠠᠷ ᠬᠦᠴᠦᠯᠡᠨ ᠴᠢᠷᠮᠠᠶᠢᠵᠤ ᠪᠠᠶᠢᠭᠠᠳ ︽ᠬᠤᠤᠰ ᠬᠢᠷᠢ ᠬᠡᠮ ᠲᠠᠢ︾ ᠪᠠᠭᠰᠢ ᠶᠢᠨ | ᠡᠩᠨᠡᠭᠡ ᠶᠢᠨ ᠲᠦᠪᠰᠢᠨ ᠪᠣᠯᠤᠨ ᠬᠠᠷᠢᠴᠠᠯ ᠢ ᠳᠡᠭᠡᠭᠰᠢᠯᠡᠭᠦᠯᠦᠨ᠎ᠡ᠃ ᠨᠢᠭᠡ ᠳᠤ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢᠨ ᠣᠷᠣᠨ ᠲᠤᠭ᠎ᠠ ᠶᠢᠨ ᠶᠡᠷᠦᠩᠬᠡᠶ ᠲᠤᠭ᠎ᠠ ᠶᠢᠨ ᠡᠵᠡᠮᠳᠡᠯ ᠢ | ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠠᠯᠪᠠᠨ ᠠᠴᠠ ᠡᠷᠭᠢᠯᠡᠭᠰᠡᠨ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢ ᠬᠢᠨᠠᠨ ᠲᠣᠭᠲᠠᠭᠠᠬᠤ ᠪᠠᠷᠢᠮᠵᠢᠶ᠎ᠠ | ᠶᠣᠰᠣᠭᠠᠷ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠠᠭᠰᠢ ᠶᠢ ᠪᠦᠷᠢᠨ ᠪᠥᠭᠡᠳ ᠴᠢᠩᠭ᠎ᠠ | ᠳᠣᠭᠢᠷᠠᠭᠤᠯᠤᠨ᠎ᠠ᠃ ᠬᠤᠶᠠᠷ ᠲᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠡᠯᠰᠡᠬᠦ ᠡᠵᠡᠨ ᠮᠡᠳᠡᠬᠦ | ᠡᠷᠬᠡ ᠶᠢ ᠥᠷᠭᠡᠳᠬᠡᠵᠦ᠂ ᠲᠡᠳᠡᠨ ᠤ ᠪᠡᠶ᠎ᠡ ᠪᠠᠨ ᠳᠠᠭᠠᠭᠠᠵᠤ ᠤᠷᠢᠬᠤ ᠪᠤᠶᠤ ᠳᠡᠭᠡᠳᠦ ᠲᠠᠰ ᠳᠠᠪᠬᠤᠷᠭ᠎ᠠ ᠶᠢᠨ᠂ | ᠳᠡᠭᠡᠳᠦ ᠮᠡᠷᠭᠡᠵᠢᠯ ᠤᠨ᠂ ᠪᠠᠴᠢᠮ ᠬᠡᠷᠡᠭᠴᠡᠭᠡ ᠲᠠᠢ ᠪᠠ ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠶᠢ ᠵᠥᠪᠰᠢᠶᠡᠷᠡᠨ᠎ᠡ᠃ ᠠᠯᠪᠠᠨ ᠠᠴᠠ ᠡᠷᠭᠢᠯᠡᠭᠰᠡᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠠᠵᠤ ᠠᠬᠤᠶᠢᠯᠠᠯ ᠠᠴᠠ ᠪᠠᠭᠰᠢ ᠣᠷᠣᠭᠤᠯᠤᠨ ᠠᠪᠴᠢᠷᠠᠬᠤ ᠠᠷᠭ᠎ᠠ ᠶᠢ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠵᠢᠷᠭᠤᠭᠠᠨ ᠰᠠᠯᠠᠭ᠎ᠠ ᠮᠥᠴᠢᠷ ᠤᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠠᠵᠤ | ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠲᠠᠷᠬᠠᠭᠠᠬᠤ | ᠲᠤᠬᠠᠶ ᠮᠡᠳᠡᠭᠳᠡᠯ︾ ︵ᠥᠪᠥᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠠᠬᠢᠳᠠᠯ ︹ 2022 ︺ 69 | ᠳ᠋ᠦ᠋ᠭᠡᠷ ᠲᠣᠭᠠᠲᠤ︶ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠬᠢᠩᠭᠠᠨ ᠠᠶᠢᠮᠠᠭ ᠤᠨ ᠵᠠᠬᠢᠷᠭ᠎ᠠ ᠶᠢᠨ ︽ᠬᠢᠩᠭᠠᠨ | ᠠᠶᠢᠮᠠᠭ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠭᠠᠳᠠᠨ᠎ᠠ ᠠᠴᠠ ᠤᠷᠢᠯᠭ᠎ᠠ ᠮᠡᠷᠭᠡᠵᠢᠯ ᠴᠢᠳᠠᠪᠤᠷᠢ ᠶᠢᠨ | ᠬᠡᠯᠪᠡᠷᠢ ᠶᠢᠨ ᠪᠠᠭᠰᠢ ᠶᠢ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠬᠢᠩᠭᠠᠨ | ᠵᠠᠬᠢᠷᠭ᠎ᠠ ᠲᠠᠷᠬᠠᠭᠠᠭᠰᠠᠨ ︹ 2017 ︺ 87 ᠳ᠋ᠤᠭᠠᠷ ᠲᠣᠭᠠᠲᠤ︶ ᠢ ᠨᠠᠶᠢᠳᠠᠪᠤᠷᠢᠵᠢᠭᠤᠯᠵᠤ᠂ ᠠᠵᠢᠯ | ᠮᠡᠷᠭᠡᠵᠢᠯ ᠤᠨ ᠰᠤᠷᠭᠠᠭᠤᠯᠢ ᠨᠢ ᠲᠤᠰᠬᠠᠶ ᠮᠡᠷᠭᠡᠵᠢᠯ ᠤᠨ ᠵᠢᠭᠠᠨ ᠰᠤᠷᠭᠠᠯᠲᠠ ᠶᠢᠨ ᠬᠡᠷᠡᠭᠴᠡᠭᠡ ᠪᠠᠨ ᠦᠨᠳᠦᠰᠦᠯᠡᠨ᠂ | ᠣᠷᠣᠨ ᠲᠤᠭ᠎ᠠ ᠶᠢᠨ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠣᠷᠣᠨ ᠲᠤᠭ᠎ᠠ ᠶᠢᠨ ᠶᠡᠷᠦᠩᠬᠡᠶ ᠲᠤᠭ᠎ᠠ ᠶᠢᠨ | ᠳᠣᠲᠣᠷ᠎ᠠ ᠬᠤᠭᠤᠰᠣᠨ ᠣᠷᠣᠨ ᠲᠤᠭ᠎ᠠ ᠲᠠᠢ ᠪᠠᠶᠢᠬᠤ ᠤᠷᠢᠲᠠᠯ ᠳᠣᠤᠷ᠎ᠠ᠂ ᠣᠷᠣᠨ ᠲᠤᠭ᠎ᠠ ᠶᠢᠨ ᠲᠣᠭᠠᠨ ᠤ | 20% ᠠᠴᠠ ᠬᠡᠲᠦᠷᠡᠭᠦᠯᠬᠦ ᠥᠬᠡᠶ ᠪᠠᠷ ᠨᠡᠶᠢᠭᠡᠮ ᠳᠤ ᠬᠠᠨᠳᠤᠭᠤᠯᠤᠨ ᠲᠦᠷ ᠴᠠᠭ ᠪᠣᠳᠠᠲᠠᠶ ᠪᠣᠯᠪᠠᠰᠤᠷᠠᠭᠤᠯᠤᠯ ᠤᠨ | ᠵᠢᠭᠠᠨ ᠵᠢᠯᠣᠭᠤᠳᠬᠤ ᠪᠠᠭᠰᠢ ᠪᠤᠶᠤ ︽ᠬᠤᠤᠰ ᠬᠢᠷᠢ ᠬᠡᠮ ᠲᠠᠢ︾ ᠪᠠᠭᠰᠢ ᠶᠢ ᠤᠷᠢᠨ ᠲᠣᠮᠢᠯᠠᠵᠤ᠂ ᠪᠠᠭᠰᠢ | ᠨᠢᠭᠡᠪᠦᠷᠢ ᠶᠢ ᠵᠢᠯ ᠪᠦᠷᠢ 6 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠲᠣᠰ ᠱᠠᠲᠤᠨ ᠤ ᠡᠳ᠋ ᠤᠨ ᠵᠠᠰᠠᠭ ᠤᠨ | ᠲᠥᠰᠦᠪ ᠲᠤ ᠵᠢᠭᠰᠠᠭᠠᠨ ᠣᠷᠣᠭᠤᠯᠵᠤ᠂ ︽ᠲᠣᠭᠲᠠᠮᠠᠯ ᠠᠵᠢᠯ ᠤᠨ ᠪᠠᠶᠢᠷᠢ + ᠨᠡᠭᠦᠳᠡᠯ ᠠᠵᠢᠯ ᠤᠨ ᠪᠠᠶᠢᠷᠢ︾ | ᠶᠢᠨ ᠲᠤᠰᠬᠠᠶ ᠮᠡᠷᠭᠡᠵᠢᠯ ᠤᠨ ᠵᠢᠭᠠᠨ ᠰᠤᠷᠭᠠᠯᠲᠠ ᠶᠢᠨ ᠪᠦᠯᠬᠦᠮ ᠨᠡᠶᠢᠲᠡ ᠶᠢ ᠪᠦᠷᠢᠯᠳᠦᠭᠦᠯᠦᠨ᠎ᠡ᠃ ᠭᠤᠷᠪᠠ ᠳᠤ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠵᠢᠴᠢ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠪᠦᠯᠬᠦᠮ᠂ ᠨᠠᠷᠠᠲᠤ ᠪᠠᠭᠰᠢ ︵ᠨᠠᠷᠠᠲᠤ ᠳᠠᠷᠬᠠᠨ | ︶ ᠨᠠᠷᠠᠲᠤ ᠰᠤᠷᠭᠠᠭᠤᠯᠢ ᠶᠢᠨ ᠵᠠᠬᠢᠷᠤᠯ᠂ ᠶᠡᠭᠡ ᠪᠠᠭᠰᠢ ᠶᠢᠨ ᠠᠵᠢᠯᠯᠠᠬᠤ ᠲᠠᠰᠤᠭ ᠢ ᠬᠥᠮᠦᠵᠢᠭᠦᠯᠬᠦ ᠵᠡᠷᠭᠡ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠪᠣᠳᠠᠲᠠᠶ ᠬᠥᠮᠦᠵᠢᠭᠦᠯᠦᠭᠰᠡᠨ ᠦᠷ᠎ᠡ ᠪᠦᠲᠦᠮᠵᠢ ᠶᠢ | ᠦᠨᠳᠦᠰᠦᠯᠡᠨ ᠠᠵᠢᠯ ᠤᠨ ᠵᠠᠷᠤᠳᠠᠯ ᠤᠨ ᠳᠡᠮᠵᠢᠯᠭᠡ ᠦᠵᠡᠭᠦᠯᠵᠦ᠂ ᠴᠢᠳᠠᠪᠤᠷᠢᠲᠠᠨ ᠤ ︽ᠦᠢᠯᠡᠳᠪᠦᠷᠢᠯᠡᠬᠦ ᠵᠢᠭᠠᠬᠤ | ᠰᠤᠳᠤᠯᠬᠤ ᠡᠭᠦᠳᠦᠨ ᠪᠦᠲᠦᠭᠡᠬᠦ ᠪᠠ ᠬᠡᠷᠡᠭᠯᠡᠬᠦ︾ ᠲᠠᠯ᠎ᠠ ᠪᠠᠷ ᠬᠢ ᠲᠤᠯᠭᠠᠭᠤᠷᠢᠯᠠᠬᠤ ᠦᠢᠯᠡᠳᠦᠯ ᠢ ᠲᠠᠰᠤᠷᠠᠯᠲᠠ | ᠥᠬᠡᠶ ᠭᠦᠨᠵᠡᠭᠡᠶᠢᠷᠡᠭᠦᠯᠦᠨ᠎ᠡ᠃ 2025 ᠣᠨ ᠪᠣᠯᠬᠤ ᠳᠤ᠂ 20 ᠠᠶᠢᠮᠠᠭ ᠤᠨ ᠲᠠᠰ ᠤᠨ ᠮᠡᠷᠭᠡᠵᠢᠯ | ᠴᠢᠳᠠᠪᠤᠷᠢ ᠶᠢᠨ ᠨᠠᠷᠠᠲᠤ ᠪᠠᠭᠰᠢ᠂ 10 ᠲᠣᠭᠤᠷᠢᠭ ᠤᠨ ᠲᠠᠰ ᠤᠨ ᠵᠢᠭᠠᠨ ᠰᠤᠷᠭᠠᠯᠲᠠ ᠶᠢᠨ ᠴᠢᠳᠠᠪᠤᠷᠢᠲᠠᠨ᠂ 10 | ᠮᠡᠷᠭᠡᠵᠢᠯ ᠮᠡᠷᠭᠡᠵᠢᠯ ᠴᠢᠳᠠᠪᠤᠷᠢ ᠶᠢ ᠤᠯᠠᠮᠵᠢᠯᠠᠨ ᠰᠢᠨ᠎ᠡ ᠶᠢ ᠡᠭᠦᠳᠬᠦ ᠠᠵᠢᠯ ᠤᠨ ᠲᠠᠰᠤᠭ ︵ᠳ᠋ᠣᠺᠲ᠋ᠣᠷ᠂ ᠮᠡᠷᠭᠡᠵᠢᠯ | ᠴᠢᠳᠠᠪᠤᠷᠢ ᠶᠢᠨ ᠶᠡᠭᠡ ᠪᠠᠭᠰᠢ᠂ ᠨᠠᠷᠠᠲᠤ ᠳᠠᠷᠬᠠᠨ᠂ ᠵᠢᠭᠠᠨ ᠰᠤᠷᠭᠠᠯᠲᠠ ᠶᠢᠨ ᠨᠠᠷᠠᠲᠤ ᠪᠠᠭᠰᠢ᠂ ᠠᠳᠠᠯ ᠦᠢᠯᠡᠰ | ᠴᠣᠭᠴᠠᠯᠠᠬᠤ ᠵᠢᠯᠣᠭᠤᠳᠣᠭᠴᠢ ᠪᠠᠭᠰᠢ᠂ ᠨᠠᠷᠠᠲᠤ ᠰᠢᠯᠢᠳᠡᠭ ᠠᠩᠭᠢ ᠶᠢᠨ ᠡᠷᠬᠢᠯᠡᠭᠴᠢ᠂ ᠰᠤᠳᠤᠯᠤᠨ ᠨᠡᠭᠡᠭᠡᠬᠦ ᠨᠠᠷᠠᠲᠤ | ᠪᠠᠭᠰᠢ ᠪᠠᠭᠲᠠᠨ᠎ᠠ︶᠂ 3 ᠥᠨᠳᠥᠷ ᠬᠢᠷᠢ ᠲᠦᠪᠰᠢᠨ ᠪᠥᠬᠦᠶ ᠵᠢᠭᠠᠨ ᠰᠤᠷᠭᠠᠯᠲᠠ ᠶᠢᠨ ᠪᠦᠯᠬᠦᠮ ᠢ ᠬᠥᠮᠦᠵᠢᠭᠦᠯᠦᠨ᠎ᠡ | ᠃ ᠳᠥᠷᠪᠡ ᠳᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠬᠤᠤᠰ ᠬᠢᠷᠢ ᠬᠡᠮ ᠲᠠᠢ︾ ᠪᠠᠭᠰᠢ ᠶᠢ 5 | ᠵᠢᠯ ᠳᠤ ᠨᠢᠭᠡ ᠤᠳᠠᠭ᠎ᠠ ᠡᠭᠡᠯᠵᠢᠯᠡᠨ ᠪᠣᠯᠪᠠᠰᠤᠷᠠᠭᠤᠯᠬᠤ ᠲᠦᠷᠢᠮ ᠵᠢᠴᠢ ᠲᠤᠰᠬᠠᠶ ᠮᠡᠷᠭᠡᠵᠢᠯ ᠤᠨ ᠪᠠᠭᠰᠢ ᠶᠢ ᠵᠢᠯ | ᠪᠦᠷᠢ ᠨᠠᠭᠠᠳᠤ ᠵᠠᠬ᠎ᠠ ᠳᠠᠭᠠᠨ 1 ᠰᠠᠷ᠎ᠠ ᠠᠵᠤ ᠠᠬᠤᠶᠢᠯᠠᠯ ᠪᠤᠶᠤ ᠪᠣᠳᠠᠲᠠᠶ ᠪᠣᠯᠪᠠᠰᠤᠷᠠᠭᠤᠯᠤᠯ ᠤᠨ ᠰᠠᠭᠤᠷᠢᠨ | ᠭᠠᠵᠠᠷ ᠲᠤ ᠳᠠᠪᠲᠠᠨ ᠪᠣᠯᠪᠠᠰᠤᠷᠠᠭᠤᠯᠬᠤ ᠵᠡᠷᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠬᠤᠤᠰ ᠬᠢᠷᠢ | ᠬᠡᠮ ᠲᠠᠢ︾ ᠪᠠᠭᠰᠢ ᠶᠢᠨ ᠡᠩᠨᠡᠭᠡ ᠶᠢᠨ ᠲᠤᠰᠬᠠᠶᠢᠵᠢᠭᠰᠠᠨ ᠬᠢᠷᠢ ᠲᠦᠪᠰᠢᠨ ᠪᠠ ᠦᠶ᠋ᠯᠡᠳᠦᠯᠭᠡ ᠶᠢᠨ ᠴᠢᠳᠠᠪᠤᠷᠢ ᠶᠢᠨ | ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠤᠨ᠎ᠠ᠃ 2025 ᠣᠨ ᠪᠣᠯᠬᠤ ᠳᠤ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ︽ᠬᠤᠤᠰ ᠬᠢᠷᠢ ᠬᠡᠮ ᠲᠠᠢ︾ ᠪᠠᠭᠰᠢ ᠶᠢᠨ ᠡᠵᠡᠯᠡᠬᠦ ᠬᠠᠷᠢᠴᠠᠯ ᠢ 50% ᠳᠤ ᠬᠦᠷᠦᠭᠦᠯᠵᠦ᠂ | ᠴᠢᠨᠠᠷ ᠰᠠᠶᠢᠲᠠᠶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠬᠤᠤᠰ ᠬᠢᠷᠢ ᠬᠡᠮ ᠲᠠᠢ︾ | ᠪᠠᠭᠰᠢ ᠶᠢᠨ ᠡᠵᠡᠯᠡᠬᠦ ᠬᠠᠷᠢᠴᠠᠯ ᠢ 60% ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ | ᠰᠤᠷᠭᠠᠨ ᠬᠥᠮᠦᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶ | ︵ᠵᠢᠷᠭᠤᠭ᠎ᠠ︶ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠲᠣᠭᠠᠴᠢᠯᠠᠨ ᠴᠢᠳᠠᠪᠤᠷᠢ ᠣᠯᠭᠤᠬᠤ ᠶᠢ | ᠠᠬᠢᠭᠤᠯᠤᠨ᠎ᠠ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠣᠭᠠᠴᠢᠯᠠᠭᠰᠠᠨ ᠰᠤᠷᠭᠠᠭᠤᠯᠢ ᠶᠢᠨ ᠬᠦᠷᠢᠶᠡᠨ ᠤ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠡᠳᠡᠭᠡ | ᠵᠠᠩᠭᠢ ᠶᠢᠨ ᠬᠡᠷᠡᠭᠯᠡᠯᠲᠡ ᠬᠢᠭᠡᠳ ᠦᠢᠯᠡᠴᠢᠯᠡᠭᠡᠨ ᠤ ᠬᠢᠷᠢ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ | ᠬᠢᠭᠡᠳ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ 5G᠂ ᠲᠣᠮᠣ | ᠳ᠋ᠠᠶᠢᠲ᠋ᠠ᠂ ᠵᠣᠬᠢᠶᠠᠮᠠᠯ ᠣᠶᠤᠨᠴᠢ ᠪᠣᠳᠠᠰᠯᠢᠭ ᠬᠤᠯᠪᠣᠭᠠᠲᠤ ᠰᠦᠯᠵᠢᠶ᠎ᠡ ᠵᠡᠷᠭᠡ ᠣᠲᠣ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠢ ᠭᠦᠢᠴᠡᠳ ᠬᠡᠷᠡᠭᠯᠡᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ | ᠳᠠᠭᠤᠷᠢᠶᠠᠮᠠᠯ ᠳᠠᠳᠤᠯᠭ᠎ᠠ ᠪᠣᠯᠪᠠᠰᠤᠷᠠᠭᠤᠯᠤᠯ ᠤᠨ ᠲᠥᠪ ᠢ 3 ᠪᠠᠶᠢᠭᠤᠯᠵᠤ᠂ ᠲᠤᠰᠬᠠᠶ ᠮᠡᠷᠭᠡᠵᠢᠯ ᠤᠨ ᠬᠢᠴᠢᠶᠡᠯ ᠳᠠᠬᠢ | ᠳᠠᠭᠤᠷᠢᠶᠠᠮᠠᠯ ᠵᠢᠭᠠᠨ ᠰᠤᠷᠭᠠᠯᠲᠠ᠂ ᠲᠤᠭᠠᠵᠢᠭᠤᠯᠤᠭᠰᠠᠨ ᠳᠠᠳᠤᠯᠭ᠎ᠠ ᠪᠣᠯᠪᠠᠰᠤᠷᠠᠭᠤᠯᠤᠯ᠂ ᠠᠯᠤᠰ ᠠᠴᠠ ᠲᠤᠬᠠᠶ ᠶᠢᠨ | ᠴᠠᠭ ᠤᠨ ᠰᠤᠷᠭᠠᠨ ᠬᠥᠮᠦᠵᠢᠯ ᠵᠡᠷᠭᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ ᠮᠡᠳᠡᠭᠡ | ᠵᠠᠩᠭᠢ ᠶᠢᠨ ᠮᠡᠷᠭᠡᠵᠢᠯ ᠤᠨ ᠬᠢᠴᠢᠶᠡᠯ ᠢ ᠪᠣᠶ ᠪᠥᠬᠦᠶ ᠲᠤᠰᠬᠠᠶ ᠮᠡᠷᠭᠡᠵᠢᠯ ᠳᠤ ᠣᠷᠣᠭᠤᠯᠵᠤ᠂ ᠰᠤᠷᠤᠭᠴᠢᠳ ᠤᠨ | ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠪᠠ ᠰᠢᠨ᠎ᠡ ᠶᠢ ᠡᠭᠦᠳᠬᠦ ᠦᠵᠡᠯ ᠤᠬᠠᠮᠰᠠᠷ ᠢ ᠬᠦᠴᠦᠯᠡᠨ | ᠳᠡᠭᠡᠭᠰᠢᠯᠡᠭᠦᠯᠦᠨ᠎ᠡ᠃ ᠪᠠᠭᠰᠢ ᠶᠢᠨ ᠲᠣᠭᠠᠴᠢᠯᠠᠭᠰᠠᠨ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠶᠢᠨ | ᠴᠢᠳᠠᠪᠤᠷᠢ ᠶᠢ ᠳᠡᠭᠡᠭᠰᠢᠯᠡᠭᠦᠯᠵᠦ᠂ ᠲᠣᠭᠠᠴᠢᠯᠠᠭᠰᠠᠨ ᠵᠢᠭᠠᠨ ᠰᠤᠷᠭᠠᠯᠲᠠ ᠶᠢᠨ ᠰᠢᠨ᠎ᠡ ᠵᠠᠭᠪᠤᠷ ᠢ ᠲᠠᠰᠤᠷᠠᠯᠲᠠ ᠥᠬᠡᠶ | ᠰᠢᠨ᠎ᠡ ᠪᠠᠷ ᠡᠭᠦᠳᠦᠨ᠎ᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠣᠭᠠᠨ ᠤ ᠰᠠᠭᠤᠷᠢ ᠳᠤ ᠰᠠᠭᠤᠷᠢᠯᠠᠨ᠂ | ︽ᠢᠨᠲ᠋ᠧᠷ ᠰᠦᠯᠵᠢᠶ᠎ᠡ + ᠠᠵᠢᠯ ᠮᠡᠷᠭᠡᠵᠢᠯ ᠤᠨ ᠰᠤᠷᠭᠠᠨ ᠬᠥᠮᠦᠵᠢᠯ︾ ︽ᠣᠶᠤᠨ ᠴᠢᠳᠠᠪᠤᠷᠢ + ᠰᠤᠷᠭᠠᠨ | ᠬᠥᠮᠦᠵᠢᠯ︾ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠲᠤᠰᠬᠠᠶ ᠵᠦᠢᠯ ᠤᠨ ᠪᠠᠯᠠ ᠮᠥᠩᠭᠦ ᠶᠢ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠣᠭᠠᠴᠢᠯᠠᠭᠰᠠᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ | ᠨᠡᠭᠡᠭᠡᠯᠲᠡ ᠪᠠ ᠬᠡᠷᠡᠭᠯᠡᠯᠲᠡ ᠶᠢ ᠴᠢᠩᠭᠠᠳᠬᠠᠬᠤ ᠳᠤ ᠬᠡᠷᠡᠭᠯᠡᠵᠦ᠂ ᠰᠦᠯᠵᠢᠶᠡᠨ ᠳᠡᠭᠡᠷᠡᠬᠢ ᠰᠣᠳᠣᠨ ᠬᠢᠴᠢᠶᠡᠯ ᠤᠨ | ᠪᠠᠶᠢᠭᠤᠯᠤᠯᠲᠠ ᠶᠢ ᠭᠦᠨᠵᠡᠭᠡᠶ ᠥᠷᠨᠢᠭᠦᠯᠦᠨ᠎ᠡ᠃ 2025 ᠣᠨ ᠪᠣᠯᠬᠤ ᠳᠤ᠂ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠳᠤ ᠨᠠᠭᠠᠳᠤ ᠵᠠᠬ᠎ᠠ ᠳᠠᠭᠠᠨ 5 ᠲᠥᠷᠥᠯ ᠤᠨ ᠰᠦᠯᠵᠢᠶᠡᠨ ᠳᠡᠭᠡᠷᠡᠬᠢ ᠰᠣᠳᠣᠨ | ᠬᠢᠴᠢᠶᠡᠯ ᠢ ᠤᠯᠤᠰ ᠤᠨ ᠪᠤᠶᠤ ᠥᠪᠡᠷᠲᠡᠭᠡᠨ ᠵᠠᠰᠠᠬᠤ ᠣᠷᠣᠨ ᠤ ᠤᠶᠤᠨᠲᠤ ᠰᠤᠷᠭᠠᠨ ᠬᠥᠮᠦᠵᠢᠯ ᠤᠨ ᠲᠠᠪᠴᠠᠩ ᠳᠤ | ᠣᠷᠣᠭᠤᠯᠵᠤ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠶᠤᠨᠲᠤ ᠰᠤᠷᠭᠠᠭᠤᠯᠢ ᠶᠢᠨ | ᠬᠦᠷᠢᠶᠡᠨ ᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠠᠶᠢᠮᠠᠭ ᠤᠨ | ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ︶ | ︵ᠲᠤᠯᠤᠭ᠎ᠠ︶ ᠰᠤᠷᠭᠠᠭᠤᠯᠢ ᠠᠵᠤ ᠠᠬᠤᠶᠢᠯᠠᠯ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠠᠬᠢᠭᠤᠯᠤᠨ᠎ᠠ | ᠤᠷᠢᠳᠠᠪᠠᠷ ᠲᠤᠷᠰᠢᠯᠲᠠ ᠬᠢᠬᠦ᠂ ᠠᠯᠬᠤᠮ ᠠᠯᠬᠤᠮ ᠢᠶᠠᠷ ᠳᠡᠯᠭᠡᠷᠡᠭᠦᠯᠬᠦ ᠵᠠᠷᠴᠢᠮ ᠢ ᠪᠠᠷᠢᠮᠲᠠᠯᠠᠵᠤ᠂ ᠠᠵᠤ | ᠦᠢᠯᠡᠰ ᠪᠠ ᠰᠤᠷᠭᠠᠨ ᠬᠥᠮᠦᠵᠢᠯ ᠢ ᠠᠭᠤᠰᠤᠯᠴᠠᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠯᠴᠠᠬᠤ ︽ | ᠬᠤᠶᠠᠷ ᠲᠠᠯ᠎ᠠ ᠪᠠᠷ ᠬᠥᠮᠦᠨ ᠬᠥᠮᠦᠵᠢᠭᠦᠯᠬᠦ︾ ᠵᠠᠭᠪᠤᠷ ᠢ ᠠᠬᠢᠭᠤᠯᠤᠨ᠎ᠠ᠃ ᠨᠢᠭᠡ ᠳᠤ ᠵᠠᠰᠠᠭ ᠤᠨ ᠣᠷᠳᠣᠨ ᠠᠴᠠ | ᠲᠠᠪᠴᠠᠩ ᠪᠠᠶᠢᠭᠤᠯᠬᠤ ᠶᠢ ᠪᠠᠷᠢᠮᠲᠠᠯᠠᠵᠤ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠠᠶᠢᠮᠠᠭ ᠤᠨ ᠳᠣᠲᠣᠷ᠎ᠠ᠂ | ᠣᠷᠣᠨ ᠤ ᠳᠣᠲᠣᠷ᠎ᠠ ᠭᠠᠳᠠᠨᠠᠬᠢ ᠭᠤᠤᠯ ᠪᠣᠯᠬᠤ ᠠᠵᠤ ᠦᠢᠯᠡᠰ ᠤᠨ ᠠᠵᠤ ᠠᠬᠤᠶᠢᠯᠠᠯ ᠳᠤ ᠬᠠᠨᠳᠤᠭᠤᠯᠤᠨ ︽ | ᠣᠷᠤᠭ ᠬᠤᠯᠪᠣᠭᠠᠯᠠᠵᠤ︾ ᠰᠤᠷᠭᠠᠭᠤᠯᠢ ᠡᠷᠭᠢᠯᠡᠬᠦ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ | ᠲᠦᠷᠦᠭᠦᠯᠡᠵᠦ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠰᠠᠯᠠᠭ᠎ᠠ | ᠮᠥᠴᠢᠷ ᠤᠳ ᠬᠠᠮᠵᠢᠯᠴᠠᠨ ᠡᠯ᠎ᠡ ᠲᠥᠷᠥᠯ ᠤᠨ ᠦᠢᠯᠡᠳᠪᠦᠷᠢᠯᠡᠯ ᠪᠠ ᠰᠤᠷᠭᠠᠨ ᠬᠥᠮᠦᠵᠢᠯ ᠢ ᠠᠭᠤᠰᠤᠯᠴᠠᠭᠤᠯᠤᠨ | ᠵᠣᠯᠭᠠᠭᠤᠯᠵᠤ ᠳᠡᠯᠭᠡᠷᠡᠭᠦᠯᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠶᠠᠷ ᠲᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠠᠷᠪᠠᠨ ᠵᠢᠷᠭᠤᠭᠠᠨ | ᠰᠠᠯᠠᠭ᠎ᠠ ᠮᠥᠴᠢᠷ ᠤᠨ ︽ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠤᠯᠢᠮᠠᠭ ᠥᠮᠴᠢᠯᠡᠯ ᠤᠨ ᠳᠦᠷᠢᠮᠲᠦ | ᠰᠤᠷᠭᠠᠭᠤᠯᠢ ᠡᠷᠭᠢᠯᠡᠬᠦ ᠶᠢ ᠳᠥᠯᠭᠢᠨ ᠠᠬᠢᠭᠤᠯᠬᠤ ᠲᠤᠬᠠᠶ ᠵᠢᠯᠣᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶︾ ︵ | ᠥᠪᠥᠷ ᠰᠤᠷᠭᠠᠨ ᠲᠠᠷᠬᠠᠭᠠᠭᠰᠠᠨ ︹ 2022 ︺ 6 ᠳ᠋ᠤᠭᠠᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠵᠡᠷᠭᠡ ᠵᠢᠷᠭᠤᠭᠠᠨ ᠰᠠᠯᠠᠭ᠎ᠠ ᠮᠥᠴᠢᠷ ᠤᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ | ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠠᠬᠢᠭᠤᠯᠬᠤ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ︾ ︵ᠥᠪᠥᠷ ᠪᠠᠭᠰᠢ ᠠᠵᠢᠯ ᠮᠡᠷᠭᠡᠵᠢᠯ ᠤᠨ ᠵᠠᠬᠢᠳᠠᠯ ︹ 2022 ︺ 69 | ᠳ᠋ᠤᠭᠡᠷ ᠲᠣᠭᠠᠲᠤ︶ ᠢ ᠨᠠᠶᠢᠳᠠᠪᠤᠷᠢᠵᠢᠭᠤᠯᠤᠨ᠎ᠠ᠃ ᠰᠤᠷᠭᠠᠭᠤᠯᠢ ᠶᠢᠨ ᠲᠠᠯᠠᠪᠤᠷ ᠭᠠᠵᠠᠷ᠂ ᠲᠥᠬᠦᠭᠡᠷᠦᠮᠵᠢ᠂ ᠪᠠᠭᠰᠢ | ᠵᠡᠷᠭᠡ ᠬᠡᠯᠪᠡᠷᠢ ᠪᠠᠷ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠳᠤ ᠣᠷᠣᠯᠴᠠᠬᠤ ᠶᠢ ᠵᠣᠷᠢᠭᠵᠢᠭᠤᠯᠵᠤ | ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠯᠤᠭ᠎ᠠ ᠰᠣᠷᠣᠭᠴᠢ ᠡᠯᠰᠡᠵᠦ ᠠᠵᠢᠯ ᠣᠯᠭᠤᠬᠤ᠂ ᠴᠢᠳᠠᠪᠤᠷᠢᠲᠠᠨ | ᠬᠥᠮᠦᠵᠢᠭᠦᠯᠬᠦ ᠲᠥᠰᠦᠯ ᠲᠣᠭᠲᠠᠭᠠᠬᠤ᠂ ᠲᠤᠰᠬᠠᠶ ᠮᠡᠷᠭᠡᠵᠢᠯ ᠤᠨ ᠲᠥᠯᠥᠪᠵᠢᠭᠦᠯᠭᠡ᠂ ᠬᠢᠴᠢᠶᠡᠯ ᠤᠨ | ᠪᠠᠶᠢᠷᠢᠯᠠᠭᠤᠯᠤᠯᠲᠠ᠂ ᠵᠢᠭᠠᠬᠤ ᠮᠠᠲ᠋ᠧᠷᠢᠶᠠᠯ ᠤᠨ ᠨᠡᠭᠡᠭᠡᠯᠲᠡ᠂ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ᠂ | ᠪᠠᠭᠰᠢ ᠶᠢᠨ ᠪᠣᠯᠪᠠᠰᠤᠷᠠᠭᠤᠯᠤᠯ᠂ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ᠂ ᠶᠠᠰᠤ ᠴᠢᠨᠠᠷ ᠤᠨ ᠦᠨᠡᠯᠡᠯᠲᠡ᠂ | ᠮᠡᠷᠭᠡᠵᠢᠯ ᠤᠨ ᠦᠢᠯᠡᠴᠢᠯᠡᠭᠡ ᠵᠡᠷᠭᠡ ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠦᠨ᠎ᠡ᠃ ᠠᠵᠤ ᠠᠬᠤᠶᠢᠯᠠᠯ ᠤᠨ ᠲᠤᠰᠬᠠᠶ | ᠮᠡᠷᠭᠡᠵᠢᠯ ᠤᠨ ᠭᠤᠤᠯᠯᠠᠭᠴᠢ ᠬᠦᠴᠦᠨ ᠢ ᠲᠣᠮᠢᠯᠠᠨ ᠪᠥᠬᠦ ᠶᠠᠪᠤᠴᠠ ᠪᠠᠷ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠴᠢᠳᠠᠪᠤᠷᠢᠲᠠᠨ ᠬᠥᠮᠦᠵᠢᠭᠦᠯᠬᠦ ᠳᠤ ᠣᠷᠣᠯᠴᠠᠬᠤ ᠶᠢ ᠳᠡᠮᠵᠢᠨ᠎ᠡ᠃ ᠭᠤᠷᠪᠠ ᠳᠤ ᠳᠠᠳᠤᠯᠭ᠎ᠠ | ᠪᠣᠯᠪᠠᠰᠤᠷᠠᠯ ᠤᠨ ᠵᠢᠭᠠᠨ ᠰᠤᠷᠭᠠᠯᠲᠠ ᠶᠢᠨ ᠡᠭᠦᠷᠭᠡ ᠶᠢ ᠡᠭᠦᠷᠭᠡᠯᠡᠵᠦ ᠪᠠᠶᠢᠭ᠎ᠠ ᠰᠤᠷᠭᠠᠭᠤᠯᠢ ᠨᠤᠭᠤᠳ ᠰᠤᠷᠭᠠᠭᠤᠯᠢ | ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠳᠤᠮᠳᠠ ᠠᠴᠠ ᠣᠶᠤᠨ ᠤᠬᠠᠭᠠᠨ᠂ ᠲᠤᠰᠬᠠᠶ ᠠᠰᠢᠭ᠂ ᠰᠤᠷᠭᠠᠨ | ᠬᠥᠮᠦᠵᠢᠯ᠂ ᠬᠥᠳᠡᠯᠮᠦᠷᠢ ᠦᠢᠯᠡᠴᠢᠯᠡᠭᠡ ᠵᠡᠷᠭᠡ ᠶᠢᠨ ᠬᠥᠯᠥᠰᠥ ᠣᠯᠭᠤᠮᠵᠢ ᠣᠯᠵᠤ ᠪᠣᠯᠤᠨ᠎ᠠ᠃ ᠳᠥᠷᠪᠡ ᠳᠤ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ | ᠠᠵᠤ ᠠᠬᠤᠶᠢᠯᠠᠯ ᠤᠨ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ ᠤᠨ ᠬᠤᠯᠪᠣᠭ᠎ᠠ ᠶᠢ ᠠᠯᠬᠤᠮ | ᠠᠯᠬᠤᠮ ᠢᠶᠠᠷ ᠪᠠᠶᠢᠭᠤᠯᠵᠤ᠂ ᠣᠷᠣᠨ ᠪᠦᠰᠡ ᠶᠢᠨ ᠬᠥᠲᠥᠴᠢ ᠠᠵᠤ ᠠᠬᠤᠶᠢᠯᠠᠯ ᠬᠢᠭᠡᠳ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠳᠡᠮᠵᠢᠵᠦ᠂ ᠦᠢᠯᠡᠳᠪᠦᠷᠢᠯᠡᠯ ᠪᠠ ᠵᠢᠭᠠᠨ | ᠰᠤᠷᠭᠠᠯᠲᠠ ᠶᠢᠨ ᠠᠭᠤᠰᠤᠯᠴᠠᠯ ᠤᠨ ᠬᠡᠯᠪᠡᠷᠢ ᠶᠢᠨ ᠠᠵᠤ ᠠᠬᠤᠶᠢᠯᠠᠯ᠂ ᠦᠢᠯᠡᠳᠪᠦᠷᠢᠯᠡᠯ ᠪᠠ ᠵᠢᠭᠠᠨ | ᠰᠤᠷᠭᠠᠯᠲᠠ ᠶᠢᠨ ᠠᠭᠤᠰᠤᠯᠴᠠᠯ ᠤᠨ ᠬᠡᠯᠪᠡᠷᠢ ᠶᠢᠨ ᠳᠡᠭᠡᠳᠦ ᠰᠤᠷᠭᠠᠭᠤᠯᠢ ᠶᠢ ᠪᠤᠶᠢᠵᠢᠭᠤᠯᠤᠨ᠎ᠠ᠃ 2025 ᠣᠨ | ᠪᠣᠯᠬᠤ ᠳᠤ᠂ ᠬᠢᠩᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ 2----3 ᠲᠣᠭᠤᠷᠢᠭ ᠤᠨ ᠳᠡᠰ ᠤᠨ ᠠᠵᠤ | ᠦᠢᠯᠡᠰ ᠤᠨ ᠳᠡᠭᠡᠳᠦ ᠰᠤᠷᠭᠠᠭᠤᠯᠢ ᠶᠢ ᠪᠠᠶᠢᠭᠤᠯᠵᠤ᠂ ᠬᠢᠩᠭᠠᠨ ᠠᠶᠢᠮᠠᠭ ᠤᠨ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠪᠦᠲᠦᠭᠡᠨ ᠪᠠᠶᠢᠭᠤᠯᠤᠯᠲᠠ ᠶᠢᠨ ᠮᠠᠰᠢᠨ ᠤ ᠠᠵᠤ ᠦᠢᠯᠡᠰ ᠤᠨ | ᠳᠡᠭᠡᠳᠦ ᠰᠤᠷᠭᠠᠭᠤᠯᠢ ᠤᠯᠠᠭᠠᠨᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠪᠦᠲᠦᠭᠡᠨ | ᠪᠠᠶᠢᠭᠤᠯᠤᠯᠲᠠ ᠶᠢᠨ ᠪᠠᠭᠤᠳᠠᠯ ᠤᠨ ᠢᠳᠡᠭᠡᠨ ᠤᠮᠳᠠᠭᠠᠨ ᠤ ᠠᠵᠤ ᠦᠢᠯᠡᠰ ᠤᠨ ᠳᠡᠭᠡᠳᠦ ᠰᠤᠷᠭᠠᠭᠤᠯᠢ ᠪᠠ | ᠮᠠᠲ᠋ᠧᠷᠢᠶᠠᠯ ᠨᠡᠮᠡᠬᠦ ᠦᠢᠯᠡᠳᠬᠦ ᠠᠵᠤ ᠦᠢᠯᠡᠰ ᠤᠨ ᠳᠡᠭᠡᠳᠦ ᠰᠤᠷᠭᠠᠭᠤᠯᠢ᠂ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠳᠡᠭᠡᠳᠦ ᠰᠤᠷᠭᠠᠭᠤᠯᠢ᠂ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠥᠲᠥᠭᠡᠨ | ᠪᠠᠶᠢᠭᠤᠯᠤᠯᠲᠠ ᠶᠢᠨ ᠦᠨᠳᠦᠰᠦᠲᠡᠨ ᠤ ᠭᠠᠷ ᠤᠷᠠᠯᠠᠯ ᠤᠨ ᠠᠵᠤ ᠦᠢᠯᠡᠰ ᠤᠨ ᠳᠡᠭᠡᠳᠦ ᠰᠤᠷᠭᠠᠭᠤᠯᠢ᠂ ᠲᠦᠴᠢᠦᠸᠠᠨ | ᠰᠢᠶᠠᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ | ᠺᠣᠮᠫᠢᠦ᠋ᠲ᠋ᠧᠷ ᠤᠨ ᠠᠵᠤ ᠦᠢᠯᠡᠰ ᠤᠨ ᠳᠡᠭᠡᠳᠦ ᠰᠤᠷᠭᠠᠭᠤᠯᠢ᠂ ᠵᠠᠯᠠᠶᠢᠳ ᠬᠤᠰᠢᠭᠤᠨ ᠤ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠪᠥᠲᠥᠭᠡᠨ ᠶᠢᠨ ᠪᠠᠷᠢᠯᠭ᠎ᠠ ᠶᠢᠨ ᠠᠵᠦ ᠦᠢᠯᠡᠰ ᠤᠨ ᠲᠡᠭᠡᠳᠦ ᠰᠤᠷᠭᠠᠭᠤᠯᠦᠢ᠃ | ᠲᠠᠪᠤ ᠳᠤ᠂ ᠠᠵᠤ ᠠᠬᠤᠶᠢᠯᠠᠯ ᠤᠨ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠳᠤ ᠣᠷᠣᠯᠴᠠᠬᠤ ᠶᠢ | ᠠᠬᠢᠭᠤᠯᠬᠤ᠂ ᠮᠡᠷᠭᠡᠵᠢᠯ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠬᠥᠮᠦᠵᠢᠭᠦᠯᠬᠦ ᠶᠢ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠢᠶᠠᠷ ᠤᠷᠮᠠᠰᠢᠭᠤᠯᠬᠤ ᠲᠦᠷᠦ ᠶᠢᠨ ᠪᠤᠳᠤᠯᠭ᠎ᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢ ᠲᠣᠭᠲᠠᠭᠠᠬᠤ ᠴᠢᠬᠤᠯᠠ ᠠᠭᠤᠯᠭ᠎ᠠ ᠪᠣᠯᠭᠠᠨ᠎ᠠ᠃ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠦᠷ᠎ᠡ ᠪᠦᠲᠦᠮᠵᠢ ᠪᠠᠷ ᠢᠯᠡᠳᠲᠡ ᠮᠥᠷᠲᠡᠭᠡᠨ | ᠣᠷᠴᠢᠨ ᠠᠬᠤᠶ ᠶᠢᠨ ᠬᠠᠮᠠᠭᠠᠯᠠᠯᠲᠠ᠂ ᠠᠮᠤᠷ ᠲᠦᠪᠰᠢᠨ᠂ ᠶᠠᠰᠤ ᠴᠢᠨᠠᠷ ᠤᠨ ᠬᠦᠨᠳᠦ ᠶᠡᠭᠡ ᠠᠳᠡᠯ ᠥᠬᠡᠶ᠂ ᠰᠠᠶᠢᠨ | ᠰᠠᠶᠢᠬᠠᠨ ᠢᠲᠡᠭᠡᠯ ᠬᠦᠨᠳᠦ ᠶᠢᠨ ᠲᠡᠮᠳᠡᠭᠯᠡᠯ ᠲᠠᠢ᠂ ᠭᠠᠶᠢᠯᠢ ᠳᠤ ᠬᠤᠯᠪᠣᠭᠳᠠᠬᠤ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠡᠵᠡᠩᠨᠡᠯᠲᠡ ᠶᠢᠨ ᠦᠢᠯᠡ ᠠᠵᠢᠯᠯᠠᠭ᠎ᠠ ᠥᠬᠡᠶ ᠦᠢᠯᠡᠳᠪᠦᠷᠢᠯᠡᠯ ᠪᠠ ᠰᠤᠷᠭᠠᠨ ᠬᠥᠮᠦᠵᠢᠯ ᠢ | ᠠᠭᠤᠰᠤᠯᠴᠠᠭᠤᠯᠬᠤ ᠬᠡᠯᠪᠡᠷᠢ ᠶᠢᠨ ᠲᠤᠷᠰᠢᠯᠲᠠ ᠶᠢᠨ ᠠᠵᠤ ᠠᠬᠤᠶᠢᠯᠠᠯ ᠳᠤ ︽ᠮᠥᠩᠭᠦᠨ ᠭᠦᠢᠯᠭᠡᠭᠡ + ᠡᠳ᠋ ᠤᠨ | ᠵᠠᠰᠠᠭ + ᠭᠠᠵᠠᠷ ᠰᠢᠷᠣᠶ + ᠢᠲᠡᠭᠡᠮᠵᠢ︾ ᠶᠢᠨ ᠬᠠᠮ ᠬᠡᠯᠪᠡᠷᠢ ᠶᠢᠨ ᠤᠷᠮᠠᠰᠢᠭᠤᠯᠤᠯ ᠣᠯᠭᠤᠨ᠎ᠠ᠃ ︵ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠤᠷᠭᠠᠨ | ᠬᠥᠮᠦᠵᠢᠯ ᠤᠨ ᠲᠣᠪᠴᠢᠶ᠎ᠠ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠮᠥᠩᠭᠦᠨ ᠭᠦᠢᠯᠭᠡᠭᠡᠨ ᠤ ᠠᠯᠪᠠᠨ ᠬᠡᠷ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶ | ︵ᠨᠠᠢᠮᠠ︶ ᠠᠵᠢᠯ ᠮᠡᠷᠭᠡᠵᠢᠯ ᠤᠨ ᠪᠣᠯᠪᠠᠰᠤᠷᠠᠯ ᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠨ᠎ᠡ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠥᠷᠨᠢᠭᠦᠯᠬᠦ ᠬᠠᠤᠯᠢ ᠪᠠᠷ ᠲᠣᠭᠲᠠᠭᠠᠭᠰᠠᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠨᠢᠭᠡ ᠳᠤ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ᠂ ᠮᠠᠯᠴᠢᠨ ᠲᠠᠷᠢᠶᠠᠴᠢᠨ | ᠬᠦᠴᠦ ᠶᠠᠪᠤᠭᠰᠠᠳ᠂ ᠮᠠᠯᠵᠢᠬᠤ ᠲᠠᠷᠢᠶᠠᠯᠠᠬᠤ ᠣᠷᠣᠨ ᠤ ᠰᠢᠯᠵᠢᠭᠰᠡᠨ ᠬᠥᠳᠡᠯᠮᠦᠷᠢ ᠬᠦᠴᠦ᠂ ᠰᠢᠨ᠎ᠡ ᠬᠡᠯᠪᠡᠷᠢ ᠶᠢᠨ | ᠮᠠᠯᠴᠢᠨ ᠲᠠᠷᠢᠶᠠᠴᠢᠨ᠂ ᠬᠤᠲᠠ ᠪᠠᠯᠭᠠᠰᠤᠨ ᠤ ᠬᠥᠯᠥᠰᠥᠨ ᠠᠵᠢᠯ ᠬᠢᠭᠰᠡᠳ᠂ ᠴᠡᠷᠢᠭ ᠠᠴᠠ ᠬᠠᠯᠠᠭᠳᠠᠭᠰᠠᠳ᠂ | ᠵᠡᠮᠳᠡᠭᠴᠦᠳ ᠲᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠪᠣᠯᠪᠠᠰᠤᠷᠠᠯ ᠪᠠ ᠬᠢᠨᠠᠨ ᠲᠣᠭᠲᠠᠭᠠᠬᠤ ᠠᠵᠢᠯ | ᠥᠷᠨᠢᠭᠦᠯᠬᠦ ᠶᠢ ᠠᠬᠢᠭᠤᠯᠤᠨ᠎ᠠ᠃ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠲᠡᠷᠢᠭᠦᠨ ᠤ ᠦᠢᠯᠡᠳᠬᠦ | ᠦᠢᠯᠡᠰ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ | ᠪᠣᠶ ᠪᠣᠯᠤᠭᠰᠠᠨ ᠠᠵᠤ ᠦᠢᠯᠡᠰ ᠤᠨ ᠲᠣᠭᠤᠷᠢᠨ ᠳᠤ ᠤᠷ᠎ᠠ ᠮᠡᠷᠭᠡᠵᠢᠯ ᠤᠨ ᠪᠣᠯᠪᠠᠰᠤᠷᠠᠭᠤᠯᠤᠯ ᠢ ᠭᠤᠤᠯᠳᠠᠯᠭ᠎ᠠ ᠲᠠᠢ | ᠥᠷᠨᠢᠭᠦᠯᠵᠦ᠂ ᠪᠥᠬᠦ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠵᠢᠯ ᠪᠦᠷᠢ 8000 | ᠬᠥᠮᠦᠨ ᠤᠳᠠᠭ᠎ᠠ ᠠᠴᠠ ᠳᠡᠭᠡᠭᠰᠢ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠵᠦ᠂ ︽ᠬᠥᠮᠦᠨ ᠪᠣᠯᠭᠠᠨ | ᠦᠨᠡᠮᠯᠡᠯ ᠲᠠᠢ᠂ ᠤᠷ᠎ᠠ ᠮᠡᠷᠭᠡᠵᠢᠯ ᠤᠨ ᠬᠢᠩᠭᠠᠨ︾ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠬᠤᠶᠠᠷ ᠲᠤ | ᠡᠯ᠎ᠡ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢ ᠲᠣᠰ ᠭᠠᠵᠠᠷ ᠣᠷᠣᠨ ᠤ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠭᠠᠷᠴᠠᠭ ᠤᠨ ᠨᠠᠷᠢᠨ ᠬᠠᠭᠤᠳᠠᠰᠤ ᠳᠤ ᠣᠷᠣᠭᠤᠯᠵᠤ᠂ | ᠪᠣᠯᠪᠠᠰᠤᠷᠠᠭᠤᠯᠤᠯ ᠤᠨ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠯᠦᠭᠡ ᠬᠠᠮᠵᠢᠯᠴᠠᠨ ᠪᠣᠯᠪᠠᠰᠤᠷᠠᠭᠤᠯᠤᠯ ᠤᠨ ᠲᠦᠯᠦᠪᠯᠡᠭᠡ ᠶᠢ ᠪᠠᠭᠤᠯᠭᠠᠨ᠎ᠠ᠃ ᠭᠤᠷᠪᠠ ᠳᠤ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠥᠷᠨᠢᠭᠦᠯᠵᠦ᠂ ᠨᠡᠶᠢᠭᠡᠮ ᠤᠨ ᠦᠢᠯᠡᠴᠢᠯᠡᠭᠡ ᠬᠠᠩᠭᠠᠬᠤ ᠪᠤᠶᠤ ᠳᠠᠳᠤᠯᠭ᠎ᠠ ᠪᠣᠯᠪᠠᠰᠤᠷᠠᠯ ᠬᠢᠬᠦ ᠵᠣᠷᠢᠯᠭ᠎ᠠ ᠪᠠᠷ ᠠᠵᠤ | ᠠᠬᠤᠶᠢᠯᠠᠯ ᠡᠷᠬᠢᠯᠡᠵᠦ᠂ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠭᠡᠳ ᠣᠯᠤᠭᠰᠠᠨ ᠣᠷᠣᠯᠭ᠎ᠠ ᠪᠠᠨ ᠰᠤᠷᠭᠠᠭᠤᠯᠢ | ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠳᠤ ᠬᠡᠷᠡᠭᠯᠡᠨ᠎ᠡ︔ | ᠠᠵᠢᠯ ᠮᠡᠷᠭᠡᠵᠢᠯ ᠤᠨ ᠪᠣᠯᠪᠠᠰᠤᠷᠠᠭᠤᠯᠤᠯ᠂ ᠮᠡᠷᠭᠡᠵᠢᠯ ᠤᠨ ᠴᠢᠳᠠᠪᠤᠷᠢ ᠶᠢᠨ ᠬᠢᠨᠠᠨ ᠲᠣᠭᠲᠠᠭᠠᠯᠲᠠ ᠬᠢᠭᠡᠳ | ᠣᠯᠤᠭᠰᠠᠨ ᠣᠷᠣᠯᠭ᠎ᠠ ᠶᠢ ᠡᠳ᠋ ᠤᠨ ᠵᠠᠰᠠᠭ ᠤᠨ ᠲᠤᠰᠬᠠᠶ ᠲᠠᠩᠰᠠᠨ ᠡᠷᠥᠭᠡ ᠳᠤ ᠣᠷᠣᠭᠤᠯᠵᠤ᠂ ᠣᠷᠣᠯᠭ᠎ᠠ | ᠵᠠᠷᠤᠯᠭ᠎ᠠ ᠶᠢ ᠠᠰ ᠠᠰ ᠲᠤᠨᠢ ᠬᠠᠮᠢᠶᠠᠷᠴᠤ᠂ 50% ᠠᠴᠠ ᠳᠣᠣᠷ᠎ᠠ ᠥᠭᠡᠢ ᠣᠷᠣᠯᠭ᠎ᠠ ᠶᠢ ᠪᠠᠭᠰᠢ᠂ ᠠᠵᠤ | ᠠᠬᠤᠶᠢᠯᠠᠯ ᠤᠨ ᠲᠤᠰᠬᠠᠶ ᠮᠡᠷᠭᠡᠵᠢᠯᠲᠡᠨ᠂ ᠭᠠᠳᠠᠨ᠎ᠠ ᠠᠴᠠ ᠤᠷᠢᠭᠳᠠᠭᠰᠠᠨ ᠬᠥᠮᠦᠰ ᠪᠣᠯᠤᠨ ᠰᠤᠷᠭᠠᠨ ᠬᠥᠮᠦᠵᠢᠯ | ᠬᠥᠷᠳᠡᠭᠰᠡᠳ ᠲᠤ ᠬᠥᠳᠡᠯᠮᠦᠷᠢ ᠶᠢᠨ ᠬᠥᠯᠥᠰᠥ ᠣᠯᠭᠤᠮᠵᠢ ᠣᠯᠭᠤᠬᠤ ᠳᠤ ᠬᠡᠷᠡᠭᠯᠡᠵᠦ ᠪᠣᠯᠤᠨ᠎ᠠ᠂ ᠪᠠᠰᠠ ᠠᠮᠵᠢᠯᠲᠠ | ᠪᠦᠲᠦᠮᠵᠢ ᠶᠢᠨ ᠴᠠᠯᠢᠩ ᠤᠨ ᠢᠷᠡᠯᠳᠡ ᠪᠣᠯᠭᠠᠵᠤ ᠪᠣᠯᠤᠨ᠎ᠠ᠂ ᠤᠯᠤᠰ ᠤᠨ ᠲᠣᠭᠲᠠᠭᠠᠯ ᠳᠤ ᠨᠡᠶᠢᠴᠡᠵᠦ ᠪᠠᠶᠢᠪᠠᠯ᠂ | ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶᠡᠨ ᠳᠤ ᠬᠢᠵᠠᠭᠠᠷᠯᠠᠭᠳᠠᠬᠤ ᠥᠭᠡᠢ ᠪᠠᠶᠢᠵᠤ ᠪᠣᠯᠤᠨ᠎ᠠ᠃ ︵ | ᠬᠠᠷᠢᠭᠤᠴᠠᠯᠭᠠᠲᠤ ᠨᠢᠭᠡᠴᠢ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ | ᠂ ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶ | ᠳᠥᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠬᠠᠮᠲᠤᠷᠠᠭᠰᠠᠨ ᠬᠤᠷᠠᠯ ᠤᠨ ᠲᠣᠭᠲᠠᠴᠠ ᠶᠢ ᠪᠠᠶᠢᠭᠤᠯᠤᠨ᠎ᠠ᠃ ᠠᠶᠢᠮᠠᠭ ᠤᠨ ᠵᠠᠬᠢᠷᠭ᠎ᠠ ᠶᠢᠨ | ᠬᠤᠪᠢᠳᠠᠨ ᠬᠠᠮᠢᠶᠠᠷᠴᠤ ᠪᠠᠶᠢᠭ᠎ᠠ ᠠᠶᠢᠮᠠᠭ ᠤᠨ ᠳᠡᠳ᠋ ᠳᠠᠷᠤᠭ᠎ᠠ ᠠᠴᠠ ᠶᠡᠷᠦᠩᠬᠡᠶ ᠴᠤᠭᠯᠠᠭᠤᠯᠤᠭᠴᠢ ᠶᠢᠨ ᠲᠤᠰᠢᠶᠠᠯ ᠢ | ᠡᠭᠦᠷᠭᠡᠯᠡᠵᠦ᠂ ᠬᠥᠭᠵᠢᠭᠦᠯᠦᠯᠲᠡ ᠥᠭᠡᠷᠡᠴᠢᠯᠡᠯᠲᠡ᠂ ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠳᠡᠳ᠋ ᠶᠡᠷᠦᠩᠬᠡᠶ | ᠴᠤᠭᠯᠠᠭᠤᠯᠤᠭᠴᠢ ᠶᠢᠨ ᠲᠤᠰᠢᠶᠠᠯ ᠢ ᠡᠭᠦᠷᠭᠡᠯᠡᠵᠦ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | ᠂ ᠠᠷᠠᠳ ᠤᠨ ᠶᠠᠪᠤᠳᠠᠯ ᠤᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ | ᠬᠢᠨᠠᠨ ᠪᠤᠳᠤᠬᠤ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠬᠡᠷ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠵᠢᠴᠢ ᠬᠦᠷᠢᠶᠡᠯᠡᠩ ᠲᠣᠭᠤᠷᠢᠭ᠂ ᠠᠵᠢᠯ ᠲᠥᠷᠥᠯ᠂ ᠠᠵᠤ ᠠᠬᠤᠶᠢᠯᠠᠯ ᠪᠠ ᠡᠯ᠎ᠡ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠨᠤᠭᠤᠳ ᠬᠠᠮᠲᠤᠪᠠᠷ ᠣᠷᠣᠯᠴᠠᠭᠰᠠᠨ ᠪᠥᠬᠦ ᠠᠶᠢᠮᠠᠭ ᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠮᠲᠤᠷᠠᠭᠰᠠᠨ ᠬᠤᠷᠠᠯ ᠤᠨ ᠲᠣᠭᠲᠠᠴᠠ ᠨᠢ ᠤᠯᠤᠰ᠂ ᠥᠪᠡᠷᠲᠡᠭᠡᠨ | ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠬᠠᠶ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠲᠤᠭᠤᠰᠢᠯᠠᠭᠤᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠬᠥᠭᠵᠢᠯᠲᠡ ᠶᠢᠨ ᠳᠤᠮᠳᠠ ᠲᠤᠯᠭᠠᠷᠠᠭᠰᠠᠨ ᠲᠣᠪᠤᠶᠢᠮ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠡᠯ᠎ᠡ | ᠰᠠᠯᠠᠭ᠎ᠠ ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢ ᠢᠵᠢ ᠪᠥᠷᠢᠳᠦᠭᠦᠯᠦᠨ ᠵᠣᠯᠭᠠᠭᠤᠯᠬᠤ ᠶᠢ ᠰᠠᠶᠢᠲᠤᠷ ᠬᠢᠵᠦ᠂ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠦᠨ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ ᠬᠠᠮᠲᠤᠷᠠᠭᠰᠠᠨ ᠬᠤᠷᠠᠯ ᠤᠨ ᠠᠯᠪᠠᠨ ᠬᠡᠷ ᠢ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ | ᠪᠠᠶᠢᠷᠢᠯᠠᠭᠤᠯᠵᠤ᠂ ᠪᠥᠬᠦ ᠠᠶᠢᠮᠠᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠲᠤᠰᠢᠶᠠᠨ | ᠰᠢᠶ᠋ᠳᠪᠦᠷᠢᠯᠡᠭᠦᠯᠦᠭᠰᠡᠨ ᠡᠯ᠎ᠡ ᠵᠦᠶ᠋ᠯ ᠤᠨ ᠠᠵᠢᠯ ᠤᠨ ᠡᠭᠦᠷᠭᠡ ᠶᠢ ᠪᠡᠶᠡᠯᠡᠭᠦᠯᠦᠨ᠎ᠡ᠃ | ︵ᠬᠤᠶᠠᠷ︶ ᠣᠷᠣᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠵᠤ᠂ ᠵᠠᠰᠠᠭ ᠤᠨ ᠣᠷᠳᠣᠨ ᠤ | ᠣᠷᠣᠭᠤᠯᠤᠯᠲᠠ ᠪᠠᠷ ᠭᠤᠤᠯ ᠪᠣᠯᠭᠠᠵᠤ᠂ ᠠᠵᠢᠯ ᠲᠥᠷᠥᠯ ᠠᠵᠤ ᠠᠬᠤᠶᠢᠯᠠᠯ ᠵᠡᠷᠭᠡ ᠣᠯᠠᠨ ᠠᠷᠭ᠎ᠠ ᠵᠠᠮ ᠢᠶᠠᠷ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠵᠠᠷᠤᠳᠠᠯ ᠢ ᠴᠤᠭᠯᠠᠭᠤᠯᠬᠤ ᠪᠠᠶᠢᠭᠤᠯᠤᠯ ᠢ ᠰᠤᠷᠭᠠᠨ ᠬᠥᠮᠦᠵᠢᠯ ᠤᠨ | ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠰᠢᠨ᠎ᠡ ᠪᠠᠷ ᠨᠡᠮᠡᠭᠳᠡᠭᠰᠡᠨ ᠰᠤᠷᠭᠠᠨ ᠬᠥᠮᠦᠵᠢᠯ ᠤᠨ ᠵᠠᠷᠤᠳᠠᠯ ᠢ | ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠠᠰᠢ ᠬᠡᠯᠪᠠᠶᠢᠯᠭᠡᠵᠦ᠂ 2025 ᠣᠨ ᠪᠣᠯᠬᠤ ᠳᠤ ᠰᠤᠷᠭᠠᠨ | ᠬᠥᠮᠦᠵᠢᠯ ᠤᠨ ᠨᠡᠮᠡᠯᠲᠡ ᠵᠠᠷᠤᠳᠠᠯ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠡᠷᠡᠭᠯᠡᠬᠦ ᠬᠠᠷᠢᠴᠠᠯ ᠢ | 30% ᠠᠴᠠ ᠳᠣᠤᠷ᠎ᠠ ᠪᠠᠶᠢᠯᠭᠠᠬᠤ ᠥᠬᠡᠶ᠃ ᠡᠯ᠎ᠡ ᠭᠠᠵᠠᠷ ᠤᠨ ᠬᠢᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠥᠭᠵᠢᠯᠲᠡ ᠳᠤ ᠬᠡᠷᠡᠭᠰᠡᠬᠦ ᠲᠤᠰᠬᠠᠶ ᠪᠠᠯᠠ ᠮᠥᠩᠭᠦ ᠶᠢ ᠲᠣᠰ ᠱᠠᠲᠤᠨ ᠤ ᠡᠳ᠋ ᠤᠨ ᠵᠠᠰᠠᠭ ᠤᠨ | ᠲᠥᠰᠦᠪ ᠲᠡᠭᠡᠨ ᠣᠷᠣᠭᠤᠯᠵᠤ᠂ ᠠᠶᠢᠮᠠᠭ ᠤᠨ ᠱᠠᠲᠤᠨ ᠤ ᠡᠳ᠋ ᠤᠨ ᠵᠠᠰᠠᠭ ᠠᠴᠠ ᠵᠢᠯ ᠪᠦᠷᠢ 500 ᠲᠦᠮᠡᠨ | ᠲᠥᠭᠦᠷᠢᠭ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠭᠠᠷᠭᠠᠵᠤ | ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠤᠳ ᠲᠤᠰᠬᠠᠶ ᠮᠡᠷᠭᠡᠵᠢᠯ ᠤᠨ ᠶᠡᠭᠡ ᠲᠥᠷᠥᠯ ᠳᠤ ᠰᠠᠭᠤᠷᠢᠯᠠᠭᠰᠠᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠵᠥᠷᠢᠶᠡᠲᠦ ᠰᠣᠷᠣᠭᠴᠢ ᠳᠤ ᠲᠡᠭᠰᠢᠳᠬᠡᠨ ᠵᠣᠭᠤᠰ ᠰᠠᠯᠭᠠᠨ ᠥᠭᠬᠦ ᠲᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠬᠡᠷᠡᠭᠲᠡᠶ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠣᠲᠣᠷ᠎ᠠ ᠪᠠᠨ ᠢᠵᠢ ᠪᠥᠷᠢᠳᠦᠭᠦᠯᠦᠨ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ | ᠬᠥᠭᠵᠢᠯᠲᠡ ᠶᠢ ᠳᠡᠮᠵᠢᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠤᠷᠭᠠᠨ ᠬᠥᠮᠦᠵᠢᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠡᠯ᠎ᠡ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶ | ︵ᠭᠤᠷᠪᠠ︶ ᠶᠠᠰᠤ ᠴᠢᠨᠠᠷ ᠢ ᠬᠢᠨᠠᠨ ᠬᠡᠮᠵᠢᠵᠦ ᠦᠨᠡᠯᠡᠬᠦ ᠲᠣᠭᠲᠠᠴᠠ ᠶᠢ ᠪᠠᠶᠢᠭᠤᠯᠤᠨ᠎ᠠ᠃ ᠵᠠᠰᠠᠭ ᠤᠨ | ᠣᠷᠳᠣᠨ᠂ ᠠᠵᠢᠯ ᠲᠥᠷᠥᠯ᠂ ᠠᠵᠤ ᠠᠬᠤᠶᠢᠯᠠᠯ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠬᠠᠮᠲᠤᠪᠠᠷ | ᠣᠷᠣᠯᠴᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠤᠨ ᠦᠨᠡᠯᠡᠯᠲᠡ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠮᠣᠷᠠᠯ ᠮᠡᠷᠭᠡᠵᠢᠯ ᠢ ᠵᠡᠷᠭᠡᠪᠡᠷ ᠰᠤᠷᠤᠯᠴᠠᠬᠤ᠂ ᠲᠤᠰᠬᠠᠶ ᠮᠡᠷᠭᠡᠵᠢᠯ ᠤᠨ ᠪᠠᠶᠢᠭᠤᠯᠤᠯᠲᠠ ᠬᠢᠭᠡᠳ | ᠵᠢᠭᠠᠨ ᠰᠤᠷᠭᠠᠯᠲᠠ ᠶᠢᠨ ᠥᠭᠡᠷᠡᠴᠢᠯᠡᠯᠲᠡ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢ ᠠᠭᠤᠰᠤᠯᠴᠠᠭᠤᠯᠬᠤ | ᠬᠢᠭᠡᠳ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ᠂ ︽ᠬᠤᠤᠰ ᠬᠢᠷᠢ ᠬᠡᠮ ᠤᠨ ᠬᠡᠯᠪᠡᠷᠢ︾ ᠶᠢᠨ ᠪᠠᠭᠰᠢ ᠶᠢᠨ | ᠡᠩᠨᠡᠭᠡ ᠬᠢᠭᠡᠳ ᠪᠠᠭᠰᠢ ᠶᠢᠨ ᠬᠥᠭᠵᠢᠯᠲᠡ ᠪᠠᠶᠢᠭᠤᠯᠤᠯᠲᠠ ᠵᠡᠷᠭᠡ ᠪᠠᠷ ᠭᠤᠤᠯᠳᠠᠯᠭ᠎ᠠ ᠪᠣᠯᠭᠠᠭᠰᠠᠨ ᠶᠠᠰᠤ ᠴᠢᠨᠠᠷ ᠤᠨ | ᠦᠨᠡᠯᠡᠯᠲᠡ ᠶᠢᠨ ᠰᠢᠰᠲ᠋ᠧᠮᠵᠢ ᠪᠠ ᠬᠢᠨᠠᠨ ᠵᠢᠯᠣᠭᠤᠳᠴᠤ ᠦᠨᠡᠯᠡᠨ ᠵᠢᠱᠢᠬᠦ ᠲᠦᠷᠢᠮ ᠢ ᠪᠠᠶᠢᠭᠤᠯᠤᠨ᠎ᠠ᠃ ︽ᠬᠢᠩᠭᠠᠨ | ᠠᠶᠢᠮᠠᠭ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠢ | ᠶᠡᠷᠦᠩᠬᠡᠶᠢᠯᠡᠨ ᠦᠨᠡᠯᠡᠨ ᠵᠢᠱᠢᠬᠦ ᠭᠦᠢᠴᠡᠳᠭᠡᠯ ᠲᠣᠭᠠᠨ ᠤ ᠰᠢᠰᠲ᠋ᠧᠮᠵᠢ︾ ᠶᠢ ᠨᠡᠶᠢᠲᠡᠯᠡᠵᠦ᠂ ᠦᠨᠡᠯᠡᠨ ᠵᠢᠱᠢᠭᠰᠡᠨ | ᠦᠷ᠎ᠡ ᠳ᠋ᠦᠩ ᠢ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯ ᠤᠨ ᠠᠮᠵᠢᠯᠲᠠ ᠪᠦᠲᠦᠮᠵᠢ ᠶᠢᠨ ᠱᠠᠩᠨᠠᠯ ᠤᠨ | ᠪᠠᠯᠠ ᠮᠥᠩᠭᠦ ᠶᠢ ᠰᠠᠯᠭᠠᠨ ᠥᠭᠬᠦ ᠶᠢᠨ ᠦᠨᠳᠦᠰᠦᠯᠡᠯ ᠪᠣᠯᠭᠠᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠴᠢᠨᠠᠷ ᠰᠠᠶᠢᠲᠠᠶ ᠬᠥᠭᠵᠢᠯᠲᠡ ᠶᠢ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠤᠷᠭᠠᠨ | ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠬᠢᠨᠠᠨ ᠵᠢᠯᠣᠭᠤᠳᠴᠤ ᠣᠨ ᠤ ᠶᠠᠰᠤ ᠴᠢᠨᠠᠷ ᠤᠨ | ᠮᠡᠳᠡᠭᠦᠯᠦᠯᠲᠡ ᠶᠢ ᠨᠡᠶᠢᠲᠡᠯᠡᠬᠦ ᠲᠦᠷᠢᠮ ᠢ ᠰᠢᠯᠢᠳᠡᠭᠵᠢᠭᠦᠯᠵᠦ᠂ ᠣᠨ ᠤ ᠮᠡᠳᠡᠭᠦᠯᠦᠯᠲᠡ ᠶᠢ ᠭᠤᠷᠪᠠᠳᠠᠬᠢ | ᠡᠲᠡᠭᠡᠳ ᠠᠴᠠ ᠦᠨᠡᠯᠡᠵᠦ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠠᠶᠢᠮᠠᠭ ᠵᠠᠬᠢᠷᠭ᠎ᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ᠂ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ︶ | ᠲᠤᠰ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | | |