ᠲᠤᠶᠠᠭ᠎ᠠ᠄ ᠰᠢᠨᠵᠢᠯᠡᠬᠦ ᠤᠬᠠᠭᠠᠨ ᠮᠡᠷᠭᠡᠵᠢᠯ ᠢᠶᠠᠷ ᠪᠠᠶᠠᠵᠢᠭᠰᠠᠨ ᠨᠢᠭᠡᠨ ᠠᠯᠳᠠᠷᠲᠤ ᠡᠮᠡᠭᠲᠡᠶ ᠴᠢᠳᠠᠪᠤᠷᠢᠲᠠᠨ
ᠨᠡᠶᠢᠲᠡᠯᠡᠭᠰᠡᠨ ᠴᠠᠭ᠄
2023/5/4
   ᠵᠠᠯᠠᠶᠢᠳ ᠬᠤᠰᠢᠭᠤᠨ ᠤ  ᠠᠯᠳᠠᠷ ᠰᠤᠮᠤᠨ ᠤ ᠠᠯᠳᠠᠷ ᠭᠠᠴᠠᠭᠠᠨ ᠳᠤ ᠰᠢᠨᠵᠢᠯᠡᠬᠦ ᠤᠬᠠᠭᠠᠨ ᠮᠡᠷᠭᠡᠵᠢᠯ ᠢᠶᠠᠷ ᠪᠠᠶᠠᠵᠢᠭᠰᠠᠨ ᠨᠢᠭᠡᠨ ᠠᠯᠳᠠᠷᠲᠤ ᠡᠮᠡᠭᠲᠡᠶ ᠴᠢᠳᠠᠪᠤᠷᠢᠲᠠᠨ ᠲᠤᠶᠠᠭ᠎ᠠ ᠪᠠᠶᠢᠳᠠᠭ᠂ ᠲᠡᠷᠡ ᠲᠦᠷᠭᠡᠨ ᠬᠦᠷᠭᠡᠯᠲᠡ ᠶᠢᠨ ᠳᠡᠯᠭᠡᠭᠦᠷ᠂ ᠮᠧᠢ ᠲᠤᠸᠠᠨ  ᠰᠢᠯᠢᠳᠡᠭ ᠰᠢᠭᠤᠳ ᠡᠵᠡᠩᠨᠡᠯᠲᠡ ᠶᠢᠨ ᠳᠡᠯᠭᠡᠭᠦᠷ᠂ ᠲᠡᠵᠢᠭᠡᠯ ᠪᠣᠷᠳᠣᠭᠠᠨ ᠤ ᠳᠡᠯᠭᠡᠭᠦᠷ ᠡᠵᠡᠩᠨᠡᠵᠦ᠂ ᠮᠠᠶᠢᠮᠠᠶ ᠨᠢ ᠮᠠᠰᠢ ᠰᠠᠶᠢᠨ᠂ ᠡᠷᠭᠢᠵᠦ ᠢᠷᠡᠭᠰᠡᠨ ᠵᠣᠴᠢᠨ ᠮᠠᠰᠢ ᠣᠯᠠᠨ ᠪᠠᠶᠢᠳᠠᠭ᠃    ︽5156᠂ 2705 ᠁︾ ᠥᠷᠯᠥᠭᠡ ᠡᠷᠲᠡ ᠲᠤᠶᠠᠭ᠎ᠠ ᠶᠠᠭᠠᠷᠠᠯᠳᠤᠨ᠂ ᠲᠡᠷᠡ ᠲᠦᠷᠭᠡᠨ ᠬᠦᠷᠭᠡᠬᠦ ᠵᠦᠢᠯ ᠢ ᠰᠢᠷᠪᠢᠬᠦ ᠶᠢᠨ ᠬᠠᠮᠲᠤ ᠰᠢᠰᠲ᠋ᠧᠮ ᠳᠤ ᠣᠷᠣᠭᠤᠯᠵᠤ᠂ ᠲᠦᠷᠭᠡᠨ ᠬᠦᠷᠭᠡᠬᠦ ᠵᠦᠢᠯ ᠤᠨ ᠬᠤᠭᠤᠰᠣᠨ ᠭᠠᠵᠠᠷ ᠲᠤ 4 ᠣᠷᠣᠨᠲᠤ ᠭᠠᠷ ᠤᠲᠠᠰᠤᠨ ᠤ ᠰᠡᠬᠦᠯ ᠤᠨ ᠨᠣᠮᠧᠷ ᠢ ᠤᠭᠰᠠᠷᠠᠭᠤᠯᠤᠨ ᠪᠢᠴᠢᠵᠦ᠂ ᠲᠡᠰ ᠳᠠᠷᠠᠭᠠᠯᠠᠯ ᠢᠶᠠᠷ  ᠨᠢ ᠲᠡᠷᠢ ᠲᠡᠭᠰᠢ ᠲᠠᠯᠪᠢᠪᠠ᠃ ᠲᠤᠶᠠᠭ᠎ᠠ ᠡᠨᠡ ᠵᠢᠯ 38 ᠨᠠᠰᠤᠲᠠᠢ᠂ ᠨᠢᠭᠡᠨ ᠡᠭᠡᠯ ᠵᠢᠷ ᠤᠨ ᠬᠥᠳᠡᠭᠡ ᠶᠢᠨ ᠡᠮᠡᠭᠲᠡᠢ᠂ ᠥᠩᠭᠡᠷᠡᠭᠰᠡᠨ ᠳᠤ ᠠᠯᠳᠠᠷ ᠰᠤᠮᠤ ᠶᠢᠨ ᠠᠷᠠᠳ ᠤᠨ ᠵᠠᠰᠠᠭ ᠤᠨ ᠣᠷᠳᠣᠨ ᠤ ᠬᠤᠭᠤᠯᠠᠨ ᠭᠡᠷ ᠲᠤ ᠦᠢᠯᠡᠴᠢᠯᠡᠭᠴᠢ ᠪᠤᠯᠵᠦ ᠪᠠᠶᠢᠵᠠᠢ᠃ ᠨᠢᠭᠡ ᠤᠳᠠᠭᠠᠨ ᠤ ᠭᠡᠨᠡᠳᠲᠡ ᠶᠢᠨ ᠲᠣᠬᠢᠶᠠᠯ ᠢᠶᠠᠷ᠂ ᠲᠤᠶᠠᠭ᠎ᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠮᠧᠢ ᠲᠤᠸᠠᠨ ᠰᠢᠯᠢᠳᠡᠭ ᠢ ᠰᠣᠩᠭᠤᠬᠤ ᠶᠢ ᠣᠶᠢᠯᠠᠭᠠᠭᠰᠠᠨ ᠤ ᠳᠠᠷᠠᠭ᠎ᠠ ᠂ ᠲᠡᠷᠡ ᠮᠧᠢ ᠲᠤᠸᠠᠨ ᠰᠢᠯᠢᠳᠡᠭ ᠢ ᠰᠣᠩᠭᠤᠬᠤ ᠶᠡᠷᠦᠩᠬᠡᠶ ᠺᠣᠮᠫᠠᠨᠢ ᠳᠤ ᠭᠤᠶᠤᠴᠢᠯᠠᠯ ᠭᠠᠷᠭᠠᠵᠤ᠂ ᠬᠠᠮᠤᠭ ᠤᠨ ᠲᠦᠷᠦᠭᠦᠨ ᠳᠤ ᠠᠯᠠᠳᠠᠷ ᠰᠤᠮᠤᠨ ᠳᠤ ᠮᠧᠢ ᠲᠤᠸᠠᠨ ᠰᠢᠯᠢᠳᠡᠭ ᠢ ᠰᠣᠩᠭᠤᠬᠤ ᠰᠢᠨ᠎ᠡ ᠴᠠᠭ ᠦᠶ᠎ᠡ ᠶᠢᠨ ᠰᠢᠭᠤᠳ ᠡᠵᠡᠩᠨᠡᠯᠲᠡ ᠶᠢᠨ ᠳᠡᠯᠭᠡᠭᠦᠷ ᠨᠡᠭᠡᠭᠡᠵᠡᠶ᠃ 2022 ᠣᠨ ᠤ 10 ᠰᠠᠷ᠎ᠠ ᠠᠴᠠ ᠡᠬᠢᠯᠡᠨ᠂ ᠲᠤᠶᠠᠭ᠎ᠠ ᠪᠠᠰᠠ ᠪᠣᠷᠳᠤᠭ᠎ᠠ ᠬᠤᠳᠠᠯᠳᠤᠵᠤ ᠡᠬᠢᠯᠡᠪᠡ᠃ ᠡᠨᠡ ᠵᠢᠯ ᠤᠨ 3 ᠰᠠᠷ᠎ᠠ ᠠᠴᠠ ᠡᠬᠢᠯᠡᠨ᠂ ᠲᠡᠷᠡ ᠪᠠᠰᠠ ᠲᠦᠷᠭᠡᠨ ᠬᠦᠷᠭᠡᠯᠲᠡ ᠶᠢᠨ ᠬᠡᠲᠦ ᠳᠡᠯᠭᠡᠭᠦᠷ ᠡᠵᠡᠩᠨᠡᠵᠦ᠂ ᠣᠷᠣᠯᠭ᠎ᠠ ᠨᠢ ᠵᠢᠯ ᠳᠠᠷᠠᠭᠠᠯᠠᠨ ᠨᠡᠮᠡᠭᠳᠡᠪᠡ᠃    ᠲᠤᠶᠠᠭ᠎ᠠ ᠶᠠᠭᠠᠷᠠᠨ ᠲᠢᠭᠯᠡᠬᠦ ᠶᠢᠨ ᠵᠡᠷᠭᠡ ᠪᠠᠷ ᠬᠥᠮᠦᠰ ᠬᠤᠶᠢᠨ᠎ᠠ ᠬᠤᠶᠢᠨ᠎ᠠ ᠠᠴᠠ ᠪᠠᠨ ᠢᠷᠡᠵᠦ ᠪᠠᠷᠠᠭ᠎ᠠ ᠪᠠᠨ ᠭᠠᠷᠭᠠᠨ ᠠᠪᠴᠤ ᠪᠠᠶᠢᠯ᠎ᠠ᠃  ︽ᠣᠳᠣᠬᠠᠨ ᠳᠤ ᠰᠦᠯᠵᠢᠶᠡᠨ ᠳᠡᠭᠡᠷ᠎ᠡ ᠠᠴᠠ ᠶᠠᠭᠤᠮ᠎ᠠ ᠬᠤᠳᠠᠯᠳᠤᠨ ᠠᠪᠬᠤ ᠶᠠᠪᠤᠳᠠᠯ ᠮᠠᠰᠢ ᠲᠦᠭᠡᠮᠡᠯ ᠣᠷᠣᠰᠢᠵᠤ ᠪᠠᠶᠢᠨ᠎ᠠ᠂ ᠵᠢᠮᠢᠰ ᠨᠣᠭᠤᠭ᠎ᠠ᠂ ᠡᠳᠦᠷ ᠲᠤᠲᠤᠮ ᠤᠨ ᠬᠡᠷᠡᠭᠯᠡᠭᠡᠨ ᠤ ᠪᠠᠷᠠᠭ᠎ᠠ ᠶᠠᠭᠤ ᠴᠤ ᠪᠦᠷ ᠪᠠᠶᠢᠨ᠎ᠠ᠂ ᠡᠨᠡ ᠨᠢ ᠪᠣᠳᠠᠲᠤ ᠳᠡᠯᠭᠡᠭᠦᠷ ᠠᠴᠠ ᠬᠤᠯᠠ ᠢᠯᠡᠭᠦᠦ ᠬᠢᠮᠳᠠ ᠪᠠᠶᠢᠳᠠᠭ᠂ ᠭᠠᠷ ᠬᠥᠳᠡᠯᠦᠨ ᠬᠤᠳᠠᠯᠳᠤᠨ ᠠᠪᠤᠪᠠᠯ᠂ ᠳᠥᠷᠪᠡ ᠲᠠᠪᠤᠨ ᠡᠳᠦᠷ ᠤᠨ ᠳᠠᠷᠠᠭ᠎ᠠ ᠲᠦᠷᠭᠡᠨ ᠬᠦᠷᠭᠡᠯᠲᠡ ᠶᠢᠨ ᠪᠠᠷᠠᠭ᠎ᠠ ᠬᠦᠷᠴᠦ ᠢᠷᠡᠨ᠎ᠡ ᠂ ᠦᠨᠡᠬᠡᠷ ᠵᠣᠭᠤᠰᠣᠨ ᠳᠤ ᠠᠷᠪᠢᠲᠠᠶ᠂ ᠴᠠᠭ ᠲᠤ ᠠᠷᠪᠢᠲᠠᠶ ᠮᠥᠷᠲᠡᠭᠡᠨ ᠳᠥᠭᠦᠮ ᠪᠣᠯᠤᠨ᠎ᠠ︾  ᠪᠠᠷᠠᠭ᠎ᠠ ᠪᠠᠨ ᠠᠪᠬᠤ ᠪᠠᠷ ᠢᠷᠡᠭᠰᠡᠨ ᠮᠧᠶ ᠷᠦᠩ ᠪᠠᠶᠠᠷᠲᠠᠶ ᠪᠠᠷ ᠬᠡᠯᠡᠪᠡ᠃ ᠣᠯᠠᠨ ᠲᠦᠮᠡᠨ ᠳᠤ ᠲᠥᠬᠦᠮ ᠪᠥᠭᠡᠳ ᠨᠠᠩ ᠰᠠᠶᠢᠨ  ᠦᠢᠡᠯᠴᠢᠯᠡᠭᠡ ᠬᠠᠩᠭᠠᠬᠤ ᠶᠢᠨ ᠲᠥᠯᠥᠭᠡ᠂ ᠳᠡᠯᠭᠡᠭᠦᠷ ᠲᠤ ᠤᠲᠠᠰᠤ ᠥᠬᠡᠶ ᠰᠦᠯᠵᠢᠶ᠎ᠡ ᠬᠠᠩᠭᠠᠵᠤ᠂ ᠲᠤᠶᠠᠭ᠎ᠠ ᠪᠠᠰᠠ ᠠᠵᠢᠯᠯᠠᠵᠤ ᠴᠢᠳᠠᠬᠤ ᠥᠬᠡᠶ ᠣᠯᠠᠨ ᠲᠦᠮᠡᠨ ᠳᠤ ᠨᠠᠷᠢᠨ ᠨᠢᠮᠪᠠᠶ ᠲᠠᠶᠢᠯᠪᠤᠷᠢᠯᠠᠨ ᠥᠭᠴᠦ᠂ ᠬᠦᠯᠢᠴᠡᠩᠭᠦᠶ ᠪᠠᠷ  ᠦᠢᠯᠡᠴᠢᠯᠡᠵᠦ ᠪᠠᠶᠢᠨ᠎ᠠ᠃    ︽ᠬᠡᠷ ᠤᠨ ᠬᠥᠮᠦᠰ ᠲᠡᠭᠡᠨ ᠲᠦᠢᠯ ᠢᠶᠠᠷ ᠲᠠᠯᠠᠷᠬᠠᠵᠤ ᠪᠠᠶᠢᠨ᠎ᠠ᠂ ᠲᠡᠳᠡᠨ ᠤ ᠳᠡᠮᠵᠢᠯᠭᠡ ᠪᠠᠶᠢᠮᠠᠨᠵᠢᠨ ᠪᠢ ᠰᠠᠶ᠋ᠢ ᠵᠣᠷᠢᠭᠲᠠᠶ ᠪᠠᠷ  ᠦᠢᠯᠡᠰ ᠴᠣᠭᠴᠠᠯᠠᠵᠤ ᠴᠢᠳᠠᠨ᠎ᠠ︾  ᠭᠡᠵᠦ ᠲᠤᠶᠠᠭ᠎ᠠ  ᠬᠡᠯᠡᠨ᠎ᠡ᠃ 2022 ᠣᠨ ᠳᠤ᠂ ᠲᠤᠶᠠᠭ᠎ᠠ ᠬᠤᠰᠢᠭᠤᠨ ᠤ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠪᠠᠶᠠᠵᠢᠭᠰᠠᠨ ᠡᠮᠡᠭᠲᠡᠢ ᠴᠢᠳᠠᠪᠤᠷᠢᠲᠠᠨ︾ ᠢᠶᠠᠷ ᠦᠨᠡᠯᠡᠭᠳᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号