ᠬᠢᠩᠭᠠᠨ ᠠᠶᠢᠮᠠᠭ ᠤᠨ ᠵᠠᠬᠢᠷᠭ᠎ᠠ ︽5.1︾ ᠤ ᠠᠮᠠᠷᠠᠯᠲᠠ ᠶᠢᠨ ᠬᠤᠭᠤᠴᠠᠭᠠᠨ ᠤ ᠵᠠᠰᠠᠭ ᠤᠨ ᠶᠠᠪᠤᠳᠠᠯ ᠤᠨ ᠵᠢᠵᠢᠭᠦᠷ ᠤᠨ  ᠸᠢᠳᠢᠤ᠋ ᠬᠡᠯᠪᠡᠷᠢ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/4
  5 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠸᠢᠳᠢᠤ᠋   ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠲᠠ ᠪᠣᠯᠤᠨ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠤᠯᠪᠣᠭᠳᠠᠭᠤᠯᠤᠨ᠂ ᠠᠮᠠᠷᠠᠯᠲᠠ ᠶᠢᠨ ᠬᠤᠭᠤᠴᠠᠭᠠᠨ ᠤ ᠵᠠᠰᠠᠭ ᠤᠨ ᠶᠠᠪᠤᠳᠠᠯ ᠤᠨ ᠵᠢᠵᠢᠭᠦᠷ ᠤᠨ ᠪᠠᠶᠢᠳᠠᠯ ᠢ ᠪᠠᠶᠢᠴᠠᠭᠠᠨ ᠲᠣᠬᠢᠷᠠᠭᠤᠯᠵᠤ᠂ ᠵᠢᠵᠢᠭᠦᠷᠯᠡᠨ ᠰᠠᠬᠢᠵᠤ ᠪᠠᠶᠢᠭ᠎ᠠ ᠬᠥᠮᠦᠰ ᠢ ᠲᠣᠬᠤᠨᠢᠭᠤᠯᠪᠠ᠃ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠯᠢᠶᠠᠩ ᠶᠠᠨ ᠵᠢᠶᠦ᠋ᠨ ᠬᠤᠷᠠᠯ ᠳᠤ ᠣᠷᠣᠯᠴᠠᠪᠠ᠃    ᠬᠤᠷᠠᠯ ᠠᠴᠠ᠂ ︽5 · 1︾ ᠤ ᠠᠮᠠᠷᠠᠯᠲᠠ ᠶᠢᠨ ᠬᠤᠭᠤᠴᠠᠭᠠᠨ ᠤ ᠠᠶᠠᠨᠴᠢᠳ ᠤᠨ ᠤᠷᠤᠰᠬᠠᠯ᠂ ᠮᠠᠰᠢᠨ ᠲᠡᠷᠭᠡᠨ ᠤ ᠤᠷᠤᠰᠬᠠᠯ᠂ ᠡᠳ᠋ ᠪᠠᠷᠠᠭᠠᠨ ᠤ ᠭᠦᠢᠯᠭᠡᠭᠡ ᠲᠦᠷᠭᠡᠨ ᠢᠶᠠᠷ ᠨᠡᠮᠡᠭᠳᠡᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠨᠡᠮᠡᠭᠳᠡᠵᠦ᠂ ᠠᠶᠤᠯᠭᠦᠢ ᠦᠢᠯᠡᠳᠪᠦᠷᠢᠯᠡᠯ ᠤᠨ ᠠᠳᠡᠯ ᠮᠠᠰᠢ ᠠᠮᠠᠷᠬᠠᠨ ᠭᠠᠷᠤᠨ᠎ᠠ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠵᠠᠷᠴᠢᠮ ᠢ ᠪᠠᠷᠢᠮᠲᠠᠯᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠴᠥᠬᠦᠷᠡᠰᠢ ᠦᠭᠡᠢ ᠴᠢᠩᠭ᠎ᠠ ᠠᠳᠬᠤᠵᠤ᠂ ᠯᠠᠪᠳᠠᠭᠤᠨ ᠪᠠᠲᠤᠲᠠᠢ ᠠᠵᠢᠯ ᠤᠨ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠮᠠᠷᠠᠯᠲᠠ ᠶᠢᠨ ᠬᠤᠭᠤᠴᠠᠭᠠᠨ ᠤ ᠠᠶᠤᠯ ᠥᠬᠡᠶ  ᠦᠢᠯᠡᠳᠪᠦᠷᠢᠯᠡᠯ ᠤᠨ ᠠᠵᠢᠯ ᠤᠨ ᠣᠨᠴᠠᠯᠢᠭ ᠲᠠᠢ ᠤᠶᠠᠯᠳᠤᠭᠤᠯᠤᠨ᠂ ᠦᠵᠡᠮᠵᠢ ᠶᠢᠨ ᠣᠷᠣᠨ ᠦᠵᠡᠮᠵᠢ ᠶᠢᠨ ᠭᠠᠵᠠᠷ᠂ ᠣᠶ ᠰᠢᠭᠤᠶ ᠶᠢᠨ ᠭᠠᠯ ᠰᠡᠷᠭᠡᠶᠢᠯᠡᠬᠦ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ ᠲᠥᠷᠥᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ᠃ ᠤᠳᠤᠷᠢᠳᠤᠯᠭ᠎ᠠ ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠡᠨᠡᠳᠲᠡ ᠶᠢᠨ ᠬᠡᠷᠡᠭ ᠡᠭᠦᠰᠬᠦ ᠳᠤ ᠬᠦᠷᠪᠡᠯ᠂ ᠲᠡᠷᠡ ᠳᠠᠷᠤᠢ ᠳᠤᠨᠢ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ  ᠬᠡᠮᠵᠢᠶ᠎ᠡ ᠪᠠᠷ ᠪᠠᠲᠤᠯᠠᠬᠤ ᠬᠡᠷᠡᠭᠲᠡᠢ᠃    ᠬᠤᠷᠠᠯ ᠠᠴᠠ ᠪᠠᠰᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ᠪᠠᠶᠢᠷᠢᠯᠠᠭᠤᠯᠤᠯᠲᠠ ᠬᠢᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号