ᠵᠠᠩ ᠰᠢᠶᠤᠤ ᠪᠢᠩ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠤᠴᠠ ᠪᠠᠷ ᠪᠠᠶᠢᠴᠠᠭᠠᠯᠲᠠ ᠬᠢᠪᠠ
ᠨᠡᠶᠢᠲᠡᠯᠡᠭᠰᠡᠨ ᠴᠠᠭ᠄
2023/5/4
  4 ᠰᠠᠷ᠎ᠠ ᠶᠢᠨ 28 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ︽ᠳᠥᠷᠪᠡᠨ ᠪᠢᠰᠢ ᠬᠤᠶᠠᠷ ᠰᠢᠯᠤᠭᠤᠨ︾ ᠬᠡᠯᠪᠡᠷᠢ ᠪᠠᠷ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠬᠦᠷᠢᠶᠡᠨ ᠳᠤ ᠠᠶᠤᠯᠭᠦᠶ  ᠦᠢᠯᠡᠳᠪᠦᠷᠢᠯᠡᠯ ᠤᠨ ᠲᠤᠬᠠᠶ ᠨᠢᠭᠤᠴᠠ ᠪᠠᠷ ᠰᠤᠷᠪᠤᠯᠵᠢᠯᠠᠨ ᠪᠠᠶᠢᠴᠠᠭᠠᠯᠲᠠ ᠬᠢᠪᠠ᠃ ᠤᠯᠠᠭᠠᠨᠬᠤᠳᠠ ᠪᠤᠯᠤᠳ ᠲᠡᠮᠤᠷ ᠤᠨ ᠦᠢᠯᠡᠳᠪᠦᠷᠢ ᠶᠢᠨ ᠲᠣᠭᠤᠷᠢᠭ ᠲᠤ᠂ ᠵᠠᠩ ᠰᠢᠶᠤᠤ ᠪᠢᠩ ᠰᠢᠭᠤᠳ ᠪᠠᠶᠢᠭᠤᠯᠵᠤ ᠪᠠᠶᠢᠭ᠎ᠠ ᠲᠡᠮᠦᠷ ᠬᠠᠶᠢᠯᠤᠭᠤᠯᠬᠤ ᠥᠨᠳᠥᠷ ᠵᠤᠤᠬ᠎ᠠ ᠳᠤ ᠭᠠᠷᠴᠤ᠂ ᠪᠠᠷᠢᠯᠭ᠎ᠠ ᠶᠢᠨ ᠣᠷᠴᠢᠨ ᠲᠣᠭᠤᠷᠢᠨ ᠢ ᠪᠠᠶᠢᠴᠠᠭᠠᠵᠤ᠂ ᠠᠮᠤᠷ ᠲᠦᠪᠰᠢᠨ ᠢᠶᠠᠷ ᠠᠵᠢᠯᠯᠠᠭᠰᠠᠨ ᠲᠡᠮᠳᠡᠭᠯᠡᠯ ᠢ ᠪᠠᠶᠢᠴᠠᠭᠠᠨ ᠦᠵᠡᠪᠡ᠃ ᠰᠢᠲᠠᠭᠠᠨ ᠪᠠᠷᠢᠯᠳᠤᠭᠤᠯᠵᠤ ᠥᠭᠡᠷᠡᠴᠢᠯᠡᠨ ᠪᠠᠶᠢᠭᠤᠯᠬᠤ ᠠᠵᠢᠯ ᠤᠨ ᠲᠤᠬᠠᠢ ᠶᠢᠨ ᠲᠠᠯᠠᠪᠠᠢ ᠳᠤ᠂ ᠵᠠᠩ ᠰᠢᠶᠤᠤ ᠪᠢᠩ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠲᠡᠷᠭᠡ ᠬᠥᠰᠬᠡ ᠶᠢᠨ ᠠᠶᠠᠯᠠᠬᠤ᠂ ᠲᠤᠨᠤᠭ ᠲᠥᠬᠦᠭᠡᠷᠦᠮᠵᠢ ᠤᠭᠰᠠᠷᠠᠬᠤ᠂ ᠡᠳ᠋ ᠮᠠᠲ᠋ᠧᠷᠢᠶᠠᠯ ᠣᠪᠣᠭᠠᠯᠠᠬᠤ ᠪᠠ ᠥᠨᠳᠥᠷ ᠳᠡᠭᠡᠷ᠎ᠡ ᠠᠵᠢᠯᠯᠠᠬᠤ ᠶᠢ ᠵᠢᠷᠤᠮᠵᠢᠭᠤᠯᠬᠤ ᠶᠢᠨ ᠬᠠᠮᠲᠤ ᠦᠢᠯᠡᠳᠪᠦᠷᠢᠯᠡᠯ ᠠᠵᠢᠯᠯᠠᠭᠠᠨ ᠢ ᠴᠢᠩᠭ᠎ᠠ ᠵᠢᠷᠤᠮᠵᠢᠭᠤᠯᠵᠤ᠂ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠤᠯᠠᠭᠠᠨᠬᠤᠲᠠ ᠶᠢᠨ ᠾᠧ ᠫᠢᠩ ᠵᠡᠭᠡᠯᠢ ᠶᠢᠨ ᠬᠤᠩ ᠫᠦ᠋ ᠨᠡᠶᠢᠭᠡᠮ ᠲᠣᠭᠤᠷᠢᠭ ᠲᠤ᠂ ᠵᠠᠩ ᠰᠢᠶᠤᠤ ᠪᠢᠩ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠭᠡᠷ ᠪᠠᠷᠢᠬᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠵᠤ᠂ ᠪᠦᠲᠦᠴᠡ ᠶᠢᠨ ᠠᠮᠤᠷ ᠲᠦᠪᠰᠢᠨ᠂ ᠡᠵᠡᠩᠨᠡᠯᠲᠡ ᠶᠢᠨ ᠠᠮᠤᠷ ᠲᠦᠪᠰᠢᠨ ᠪᠠ ᠭᠠᠯ ᠤᠨᠲᠠᠷᠠᠭᠠᠬᠤ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠭᠤᠣᠯᠳᠠᠯᠭ᠎ᠠ ᠪᠣᠯᠭᠠᠵᠤ᠂ ᠢᠨᠵᠧᠨᠧᠷᠢᠩ ᠤᠨ ᠠᠷᠭ᠎ᠠ ᠬᠡᠮᠵᠢᠶ᠎ᠡ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠵᠤ᠂ ᠲᠤᠰᠬᠠᠢ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠲᠠᠰᠤᠷᠠᠯᠳᠠ ᠦᠭᠡᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠳᠤᠮᠳᠠᠳᠤ ᠤᠯᠤᠰ ᠤᠨ ᠴᠢᠯᠠᠭᠤᠨ ᠲᠣᠰᠣᠨ ᠤ ᠥᠪᠥᠷ ᠮᠣᠩᠭᠤᠯ ᠤᠨ ᠬᠢᠩᠭᠠᠨ ᠬᠤᠲᠠ ᠶᠢᠨ ᠪᠣᠷᠣᠯᠠᠭᠤᠯᠭ᠎ᠠ ᠶᠢᠨ ᠬᠤᠪᠢᠶᠠᠷᠢ ᠺᠣᠮᠫᠠᠨᠢ ᠶᠢᠨ ᠤᠯᠠᠭᠠᠨᠬᠤᠲᠠ ᠶᠢᠨ ᠲᠣᠰᠣᠨ ᠤ ᠬᠥᠮᠥᠷᠭᠡ ᠳᠤ᠂ ᠵᠠᠩ ᠰᠢᠶᠤᠤ ᠪᠢᠩ ᠤᠷᠢᠳ ᠬᠤᠵᠢᠳ ᠲᠣᠰᠣᠨ ᠤ  ᠵᠦᠢᠯ ᠢ ᠲᠤᠰᠴᠤ ᠪᠠᠭᠤᠯᠭᠠᠬᠤ ᠣᠷᠣᠨ᠂ ᠰᠠᠪᠠ ᠬᠠᠳᠠᠭᠠᠯᠠᠬᠤ ᠣᠷᠣᠨ ᠪᠠ ᠭᠠᠯ ᠤᠨᠲᠠᠷᠠᠭᠠᠬᠤ ᠬᠥᠭᠡᠷᠭᠡ ᠶᠢᠨ ᠬᠡᠷ ᠤᠨ ᠲᠤᠬᠠᠶ ᠶᠢᠨ ᠲᠠᠯᠠᠪᠤᠷ ᠲᠤ ᠭᠦᠨᠵᠡᠭᠡᠶᠢᠷᠡᠨ ᠪᠠᠶᠢᠴᠠᠭᠠᠯᠲᠠ ᠬᠢᠵᠦ᠂ ᠠᠵᠤ ᠠᠬᠤᠶᠢᠯᠠᠯ ᠢ ᠵᠢᠷᠤᠮᠵᠢᠭᠤᠯᠤᠨ ᠠᠵᠢᠯᠯᠠᠭᠤᠯᠵᠤ᠂ ᠲᠣᠭᠲᠠᠭᠠᠯ ᠳᠤ ᠨᠡᠶᠢᠴᠡᠭᠦᠯᠦᠨ ᠬᠠᠮᠢᠶᠠᠷᠴᠤ᠂ ᠠᠮᠤᠷ ᠲᠦᠪᠰᠢᠨ ᠢᠶᠠᠷ ᠠᠵᠢᠯᠯᠠᠭᠤᠯᠵᠤ᠂ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠲᠠᠢ ᠬᠠᠮᠲᠤᠷᠠᠨ ᠡᠷᠬᠢᠨ ᠲᠣᠭᠤᠷᠢᠨ ᠤ ᠭᠠᠯ ᠤᠨ ᠠᠶᠤᠯ ᠢ ᠴᠢᠩᠭ᠎ᠠ ᠰᠡᠷᠭᠡᠶᠢᠯᠡᠨ᠂ ᠲᠣᠰᠣᠨ ᠤ ᠬᠥᠮᠥᠷᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠱᠠᠭᠠᠷᠳᠠᠪᠠ᠃    ᠵᠠᠩ ᠰᠢᠶᠤᠤ ᠪᠢᠩ᠂ ᠠᠶᠤᠯᠭᠦᠢ ᠦᠢᠯᠡᠳᠪᠦᠷᠢᠯᠡᠯ ᠪᠣᠯ ᠬᠥᠮᠦᠨ ᠤ ᠠᠮᠢ ᠨᠠᠰᠤᠨ ᠳᠤ ᠬᠤᠯᠪᠣᠭᠳᠠᠬᠤ ᠶᠡᠭᠡ ᠶᠠᠪᠤᠳᠠᠯ ᠮᠥᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡ ᠮᠥᠴᠡ ᠴᠦ ᠰᠤᠯᠠᠷᠠᠭᠤᠯᠵᠤ ᠪᠣᠯᠬᠤ ᠦᠭᠡᠢ᠃ ︽5 · 1︾ ᠤ ᠠᠮᠠᠷᠠᠯᠲᠠ ᠶᠢᠨ ᠬᠤᠭᠤᠴᠠᠭ᠎ᠠ ᠣᠶᠢᠷᠠᠳᠴᠤ ᠪᠠᠶᠢᠭ᠎ᠠ ᠪᠣᠯᠬᠤᠷ᠂ ᠡᠯ᠎ᠡ ᠱᠠᠲᠤᠨ ᠤ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠪᠠᠨ ᠤᠯᠠᠮ ᠴᠢᠨᠠᠭᠰᠢᠳᠠ ᠴᠢᠩᠭᠠᠷᠠᠭᠤᠯᠵᠤ᠂ ᠠᠵᠠ ᠵᠠᠪᠰᠢᠶᠠᠨ ᠢ ᠡᠷᠢᠬᠦ ᠪᠤᠳᠤᠯ᠂ ᠮᠢᠨᠴᠦᠭᠦᠷᠡᠬᠦ ᠪᠤᠳᠤᠯ ᠢᠶᠠᠨ ᠲᠡᠪᠴᠢᠵᠦ᠂ ᠪᠠᠷᠢᠯᠭ᠎ᠠ ᠶᠢᠨ ᠠᠵᠢᠯ᠂ ᠵᠠᠮ ᠬᠠᠷᠢᠯᠴᠠᠭ᠎ᠠ᠂ ᠠᠶᠤᠯᠲᠠᠢ ᠬᠢᠮᠢ ᠶᠢᠨ ᠪᠣᠳᠠᠰ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠶᠡᠬᠡᠪᠡᠷ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠬᠤ ᠬᠡᠷᠡᠭᠲᠡᠢ᠃ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠪᠠᠳᠠᠯᠭ᠎ᠠ ᠪᠠᠷ ᠱᠠᠯᠠᠪᠳᠠᠭᠤᠯᠤᠨ ᠰᠢᠢᠳᠪᠦᠷᠢᠯᠡᠵᠦ᠂ ᠠᠰᠠᠭᠤᠳᠠᠯ ᠢ ᠰᠠᠶᠢᠲᠤᠷ ᠠᠩᠬᠠᠷᠴᠤ᠂ ᠲᠤᠤᠱᠲᠠᠢ ᠪᠠᠶᠢᠴᠠᠭᠠᠵᠤ ᠲᠤᠤᠱᠲᠠᠢ ᠥᠭᠡᠷᠡᠴᠢᠯᠡᠵᠦ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠬᠤ ᠬᠡᠷᠡᠭᠲᠡᠢ  ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号