【 ᠬᠤᠪᠢᠰᠬᠠᠯ ᠤᠨ ᠨᠥᠭᠴᠢᠭᠰᠡᠨ ᠪᠠᠭᠠᠲᠤᠷ 】 ᠬᠦᠷᠡᠩᠪᠠᠷᠰ
ᠨᠡᠶᠢᠲᠡᠯᠡᠭᠰᠡᠨ ᠴᠠᠭ᠄
2023/5/4
   ᠬᠦᠷᠡᠩᠪᠠᠷᠰ ︵1962 — 1993︶ ᠡᠷᠡᠭᠲᠡᠶ᠂ ᠮᠣᠩᠭᠤᠯ ᠦᠨᠳᠦᠰᠦᠲᠡᠨ᠂ 1962 ᠣᠨ ᠳᠤ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠴᠠᠷᠰᠤᠨ ᠪᠠᠯᠭᠠᠰᠤᠨ ᠤ ᠴᠢᠶᠠᠨ ᠶᠢᠨ ᠭᠠᠴᠠᠭ᠎ᠠ ᠳᠤ ᠳᠦᠷᠦᠵᠦ᠂ 1980 ᠣᠨ ᠤ 11 ᠰᠠᠷ᠎ᠠ ᠳᠤ ᠴᠡᠷᠢᠭ ᠲᠤ ᠡᠯᠰᠡᠭᠳᠡᠨ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠲᠤ ᠣᠷᠣᠵᠤ᠂ ᠬᠥᠯᠥᠨ ᠪᠤᠶᠢᠷ ᠤᠨ ᠴᠡᠷᠢᠭ ᠤᠨ ᠬᠤᠪᠢᠶᠠᠷᠢ ᠲᠣᠭᠤᠷᠢᠭ ᠤᠨ ᠨᠢᠭᠡᠨ ᠴᠡᠷᠢᠭ ᠠᠩᠭᠢ ᠳᠤ ᠠᠯᠪᠠ ᠬᠠᠭᠠᠵᠠᠶ᠃ 1983 ᠣᠨ ᠳᠤ ᠴᠡᠷᠢᠭ ᠠᠴᠠ ᠪᠠᠨ ᠬᠠᠯᠠᠭᠳᠠᠵᠤ ᠨᠤᠲᠤᠭ ᠲᠠᠭᠠᠨ ᠪᠤᠴᠠᠵᠤ ᠴᠢᠶᠠᠨ ᠶᠢᠨ ᠭᠠᠴᠠᠭᠠᠨ ᠤ ᠡᠷᠦᠬᠡ ᠶᠢᠨ ᠴᠡᠷᠢᠭ ᠤᠨ ᠰᠠᠯᠠᠭᠠᠨ ᠳᠠᠷᠤᠭ᠎ᠠ ᠪᠣᠯᠪᠠ᠃ 1993 ᠣᠨ ᠤ 4 ᠰᠠᠷ᠎ᠠ ᠶᠢᠨ 6 ᠤ ᠡᠳᠦᠷ ᠤᠰᠤᠨ ᠳᠤ ᠤᠨᠠᠭᠰᠠᠨ 4 ᠪᠠᠭᠠᠴᠤᠳ ᠢ ᠠᠪᠤᠷᠠᠬᠤ ᠶᠢᠨ ᠲᠥᠯᠥᠭᠡ ᠪᠡᠶ᠎ᠡ ᠦᠷᠡᠭᠳᠡᠪᠡ᠂ ᠲᠤᠬᠠᠶ ᠶᠢᠨ ᠦᠶ᠎ᠡ ᠳᠤ ᠰᠠᠶ᠋ᠢ 32 ᠨᠠᠰᠤᠲᠠᠶ ᠪᠠᠶᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠡᠭᠦᠨ ᠢ ᠬᠤᠪᠢᠰᠬᠠᠯ ᠤᠨ ᠦᠷᠡᠭᠳᠡᠭᠰᠡᠨ ᠪᠠᠭᠠᠲᠤᠷ ᠢᠶᠠᠷ ᠵᠥᠪᠰᠢᠶᠡᠷᠡᠵᠦ᠂ ᠬᠢᠩᠭᠠᠨ ᠴᠡᠷᠢᠭ ᠤᠨ ᠬᠤᠪᠢᠶᠠᠷᠢ ᠲᠣᠭᠤᠷᠢᠭ ᠤᠨ ᠬᠢᠨ ᠲᠡᠭᠦᠨ ᠳᠤ ᠬᠤᠶᠠᠳᠤᠭᠠᠷ ᠳᠡᠰ ᠤᠨ ᠭᠠᠪᠢᠶ᠎ᠠ ᠨᠡᠬᠡᠮᠵᠢᠯᠡᠨ ᠲᠡᠮᠳᠡᠭᠯᠡᠵᠦ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠬᠢᠨ ᠲᠡᠭᠦᠨ ᠳᠤ ᠨᠢᠭᠡᠳᠦᠭᠡᠷ ᠳᠡᠰ ᠤᠨ ᠭᠠᠪᠢᠶ᠎ᠠ ᠨᠡᠬᠡᠮᠵᠢᠯᠡᠨ ᠲᠡᠮᠳᠡᠭᠯᠡᠪᠡ᠃    
 
ᠢᠷᠡᠯᠲᠡ᠄ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号