ᠪᠦᠦ ᠢᠦᠶ ᡁᠢ ︵1973 — 1997︶ ᠡᠮᠡᠭᠲᠡᠶ᠂ ᠮᠣᠩᠭᠤᠯ ᠦᠨᠳᠦᠰᠦᠲᠡᠨ᠂ 1973 ᠣᠨ ᠤ | 11 ᠰᠠᠷ᠎ᠠ ᠶᠢᠨ 6 ᠤ ᠡᠳᠦᠷ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠰᠣᠯᠣᠨ ᠪᠠᠯᠭᠠᠰᠤᠨ ᠤ ᠰᠤᠭᠤᠲᠠᠢ ᠭᠠᠴᠠᠭ᠎ᠠ ᠳᠤ ᠳᠦᠷᠦᠵᠦ᠂ 1992 ᠣᠨ ᠠᠴᠠ ᠰᠤᠭᠤᠲᠠᠢ ᠭᠠᠴᠠᠭ᠎ᠠ ᠶᠢᠨ | ᠬᠡᠤᠬᠡᠳ ᠤᠨ ᠰᠤᠷᠭᠠᠨ ᠬᠥᠮᠦᠵᠢᠯ ᠤᠨ ᠠᠵᠢᠯ ᠢ ᠲᠡᠭᠦᠰᠬᠡᠭᠰᠡᠨ ᠪᠠᠶᠢᠨ᠎ᠠ᠃ 1997 ᠣᠨ ᠤ 6 ᠰᠠᠷ᠎ᠠ ᠶᠢᠨ 7 ᠤ | ᠡᠳᠦᠷ ᠪᠦᠦ ᠢᠦᠢ ᡁᠢ ᠰᠤᠷᠤᠭᠴᠢᠳ ᠢᠶᠠᠨ ᠳᠠᠭᠠᠭᠤᠯᠤᠨ ᠭᠠᠳᠠᠨ᠎ᠠ ᠭᠠᠷᠴᠤ ᠵᠤᠭᠠᠴᠠᠨ ᠲᠣᠭᠤᠷᠢᠵᠤ᠂ ᠪᠤᠴᠠᠬᠤ | ᠵᠠᠮ ᠳᠠᠭᠠᠨ ᠠᠭᠤᠯᠠ ᠶᠢ ᠲᠣᠭᠤᠷᠢᠭᠰᠠᠨ ᠮᠤᠷᠤᠶ ᠵᠠᠮ ᠤᠨ ᠪᠠᠷᠠᠭᠤᠨ ᠬᠡᠰᠡᠭ ᠤᠨ ᠲᠡᠮᠦᠷ ᠵᠠᠮ ᠤᠨ ᠬᠥᠭᠦᠷᠭᠡ ᠪᠠᠷ | ᠥᠩᠭᠡᠷᠡᠨ᠎ᠡ᠂ ᠬᠥᠭᠦᠷᠭᠡ ᠶᠢᠨ ᠬᠤᠶᠠᠷ ᠲᠠᠯ᠎ᠠ ᠶᠢᠨ ᠮᠣᠳᠣ ᠨᠢ ᠥᠨᠳᠥᠷ ᠪᠥᠭᠡᠳ ᠤᠢ ᠰᠢᠭᠤᠶ ᠲᠠᠢ᠂ ᠵᠠᠶ ᠨᠢ 100 | ᠮᠧᠲᠷ ᠠᠴᠠ ᠬᠡᠲᠦᠷᠡᠬᠦ ᠦᠭᠡᠢ ᠪᠠᠶᠢᠬᠤ ᠶᠢ ᠣᠯᠵᠤ ᠬᠠᠷᠠᠨ᠎ᠠ᠂ ᠨᠡᠯᠢᠶᠡᠳ ᠤᠷᠳᠤ ᠬᠤᠭᠤᠴᠠᠭᠠᠨ ᠤ ᠲᠤᠷᠰᠢ ᠭᠠᠯᠲᠤ | ᠲᠡᠷᠭᠡ ᠡᠨᠡ ᠬᠦ ᠬᠤᠭᠤᠴᠠᠭᠠᠨ ᠳᠤ ᠥᠩᠭᠡᠷᠡᠭᠰᠡᠨ ᠦᠭᠡᠢ᠃ ᠭᠡᠪᠡᠴᠦ ᠪᠠᠰᠠ ᠭᠤᠷᠪᠠᠨ ᠬᠡᠦᠬᠡᠳ ᠬᠥᠭᠦᠷᠭᠡᠨ ᠤ | ᠳᠤᠮᠳᠠ ᠬᠦᠷᠬᠦ ᠳᠤ᠂ ᠰᠣᠯᠣᠨ ᠠᠴᠠ ᠮᠢᠩᠱᠦ᠋ᠢ ᠬᠦᠷᠬᠦ ᠲᠦᠷ ᠴᠠᠭ ᠤᠨ ᠠᠴᠢᠶᠠᠨ ᠤ ᠭᠠᠯᠲᠤ ᠲᠡᠷᠭᠡ ᠬᠥᠭᠦᠷᠭᠡᠨ ᠤ | ᠦᠵᠦᠭᠦᠷ ᠤᠷᠤᠭᠤ ᠳᠠᠭᠠᠷᠢᠨ ᠢᠷᠡᠭᠰᠡᠨ ᠳᠤ᠂ ᠪᠦᠦ ᠢᠦᠢ ᡁᠢ ᠡᠨᠡ ᠭᠤᠷᠪᠠᠨ ᠬᠡᠦᠬᠡᠳ ᠢ ᠠᠪᠤᠷᠠᠬᠤ ᠶᠢᠨ | ᠲᠥᠯᠥᠭᠡ ᠭᠠᠯᠲᠤ ᠲᠡᠷᠭᠡᠨ ᠳᠤ ᠳᠠᠭᠠᠷᠢᠭᠳᠠᠨ ᠬᠥᠭᠦᠷᠭᠡᠨ ᠳᠤ ᠣᠷᠣᠵᠤ᠂ ᠥᠪᠡᠷ ᠤᠨ ᠨᠠᠨᠳᠢᠨ ᠠᠮᠢ ᠨᠠᠰᠤ ᠪᠠᠨ | ᠵᠣᠷᠢᠭᠤᠯᠪᠠ᠂ ᠰᠠᠶ᠋ᠢ ᠬᠤᠷᠢᠨ ᠲᠠᠪᠤᠬᠠᠨ ᠨᠠᠰᠤᠲᠠᠢ᠃ | |