【 ᠬᠤᠪᠢᠰᠬᠠᠯ ᠤᠨ ᠨᠥᠭᠴᠢᠭᠰᠡᠨ ᠪᠠᠭᠠᠲᠤᠷ 】 ᠸᠠᠩ ᠰᠢᠶᠤᠤ ᠳ᠋ᠦᠩ
ᠨᠡᠶᠢᠲᠡᠯᠡᠭᠰᠡᠨ ᠴᠠᠭ᠄
2023/5/4
      ᠸᠠᠩ ᠰᠢᠶᠤᠤ ᠳ᠋ᠦᠩ ︵1965 — 1993︶ ᠡᠷᠡᠭᠲᠡᠶ᠂ ᠮᠣᠩᠭᠤᠯ ᠦᠨᠳᠦᠰᠦᠲᠡᠨ᠂ 1965 ᠣᠨ ᠤ 12 ᠰᠠᠷ᠎ᠠ ᠶᠢᠨ 24 ᠤ ᠡᠳᠦᠷ ᠥᠪᠥᠷ ᠮᠣᠩᠭᠤᠯ ᠤᠨ ᠵᠢᠷᠢᠮ ᠠᠶᠢᠮᠠᠭ ᠤᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠭᠠᠨᠵᠤᠭ᠎ᠠ ᠪᠠᠯᠭᠠᠰᠤᠨ ᠳᠤ ᠳᠦᠷᠦᠵᠦ᠂ 1983 ᠣᠨ ᠤ 10 ᠰᠠᠷ᠎ᠠ ᠳᠤ ᠴᠡᠷᠢᠭ ᠲᠤ ᠡᠯᠰᠡᠭᠳᠡᠵᠦ᠂ ᠤᠷᠢᠳ ᠬᠤᠵᠢᠳ 5 ᠤᠳᠠᠭ᠎ᠠ ᠰᠤᠮᠤᠨ ᠠᠩᠭᠢ ᠶᠢᠨ ᠬᠥᠬᠢᠭᠦᠯᠦᠯ ᠢ ᠭᠥᠷᠳᠡᠵᠦ᠂ ᠯᠸᠢ  ᠹᠧᠩ ᠠᠴᠠ ᠰᠤᠷᠤᠯᠴᠠᠬᠤ ᠵᠢᠱᠢᠶᠡᠴᠢ ᠪᠠᠷ ᠡᠷᠭᠦᠮᠵᠢᠯᠡᠭᠳᠡᠪᠡ᠃ 1986 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ 1987 ᠣᠨ ᠳᠤ ᠠᠵᠢᠯ ᠠᠴᠠ ᠪᠠᠨ ᠬᠠᠯᠠᠭᠳᠠᠭᠰᠠᠨ ᠤ ᠲᠠᠷᠠᠭ᠎ᠠ᠂ ᠤᠷᠢᠳ ᠬᠤᠵᠢᠳ ᠤᠯᠠᠭᠠᠨᠬᠤᠲᠠ ᠶᠢᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠢᠩᠭᠠᠨ ᠬᠡᠷᠡᠭ ᠡᠷᠬᠢᠯᠡᠬᠦ ᠭᠠᠵᠠᠷ ᠪᠣᠯᠤᠨ ᠲᠢᠶᠧ ᠰᠢ ᠶᠢᠨ ᠬᠡᠷᠡᠭ ᠡᠷᠬᠢᠯᠡᠬᠦ ᠭᠠᠵᠠᠷ ᠲᠤ 1993 ᠣᠨ ᠤ 8 ᠰᠠᠷ᠎ᠠ ᠶᠢᠨ 8 ᠤ ᠦᠳᠡ ᠶᠢᠨ ᠬᠤᠶᠢᠨ᠎ᠠ᠂ ᠬᠤᠳᠳᠤᠭ ᠳᠣᠣᠷᠠᠬᠢ ᠠᠶᠤᠯ ᠳᠤ ᠤᠴᠠᠷᠠᠭᠰᠠᠨ ᠤᠯᠠᠨ ᠲᠦᠮᠡᠨ ᠢ ᠠᠪᠤᠷᠠᠭᠰᠠᠨ ᠠᠴᠠ ᠪᠤᠯᠵᠤ ᠵᠣᠯ ᠪᠤᠰᠤ ᠪᠠᠷ ᠪᠡᠶ᠎ᠡ ᠦᠷᠡᠭᠳᠡᠪᠡ᠂ ᠲᠤᠬᠠᠢ ᠶᠢᠨ ᠦᠶ᠎ᠡ ᠳᠤ ᠰᠠᠶ᠋ᠢ 28 ᠨᠠᠰᠤᠲᠠᠢ ᠪᠠᠶᠢᠪᠠ᠃ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠶᠡᠷᠦᠩᠬᠡᠶ ᠪᠠᠩᠬᠢ ᠠᠴᠠ ︽ᠯᠸᠢ  ᠹᠧᠩ ᠠᠴᠠ ᠰᠤᠷᠤᠯᠴᠠᠭᠰᠠᠨ ᠦᠯᠢᠭᠡᠷ ᠳᠠᠭᠤᠷᠢᠶᠠᠯ ︾ ᠤᠨ ᠴᠣᠯᠠ ᠣᠯᠭᠤᠵᠤ᠂ ᠤᠯᠤᠰ ᠤᠨ ᠠᠷᠠᠳ ᠤᠨ ᠶᠠᠪᠤᠳᠠᠯ ᠤᠨ ᠶᠠᠮᠤᠨ ᠠᠴᠠ ᠬᠤᠪᠢᠰᠬᠠᠯ ᠤᠨ ᠦᠷᠡᠭᠳᠡᠭᠰᠡᠨ ᠪᠠᠭᠠᠲᠤᠷ ᠤᠨ ᠴᠣᠯᠠ ᠣᠯᠭᠤᠪᠠ᠃    
 
ᠢᠷᠡᠯᠲᠡ᠄ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号