ᠷᠠᠰᠢᠶᠠᠨ ᠬᠤᠳᠠ ᠶᠢᠨ ᠪᠠᠶ ᠯᠠᠩ ᠪᠠᠯᠭᠠᠰᠤ ︽ᠬᠦᠰᠢᠮᠡᠯ ᠲᠡᠷᠭᠡ︾ ᠶᠢ ᠰᠢᠢᠳᠪᠤᠷᠢᠯᠡᠬᠦ ᠲᠤᠰᠬᠠᠶ ᠠᠵᠢᠯᠯᠠᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/5/8
      ᠪᠣᠯᠪᠠᠰᠤᠨ ᠡᠶ᠎ᠡ ᠵᠣᠬᠢᠴᠠᠯ ᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠪᠣᠯᠪᠠᠰᠤᠨ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠦᠯᠦᠭᠡ᠂ ᠣᠶᠢᠷ᠎ᠠ ᠳᠤ᠂ ᠷᠠᠰᠢᠶᠠᠨ ᠬᠤᠳᠠ ᠶᠢᠨ ᠪᠠᠶ ᠯᠠᠩ ᠪᠠᠯᠭᠠᠰᠤᠨ ᠤ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠬᠠᠷᠢᠶ᠎ᠠ ᠣᠷᠣᠨ ᠤ ᠭᠤᠤᠯ ᠵᠠᠮ ᠤᠨ ᠬᠤᠶᠠᠷ ᠬᠠᠵᠠᠭᠤ ᠳᠠᠬᠢ ︽ᠬᠦᠰᠢᠮᠡᠯ ᠲᠡᠷᠭᠡ︾ ᠶᠢ ᠲᠥᠪᠯᠡᠷᠡᠭᠦᠯᠦᠨ ᠰᠢᠢᠳᠪᠤᠷᠢᠯᠡᠪᠡ᠃ ᠲᠤᠰ ᠤᠳᠠᠭᠠᠨ ᠤ ᠠᠵᠢᠯᠯᠠᠭ᠎ᠠ ᠳᠤ᠂ ᠠᠵᠢᠯᠲᠠᠳ ᠰᠠᠨᠠᠭᠠᠴᠢᠯᠠᠭ᠎ᠠ ᠠᠴᠠ ᠪᠠᠨ ᠬᠡᠰᠡᠭ ︽ᠬᠦᠰᠢᠮᠡᠯ ᠲᠡᠷᠭᠡ︾  ᠶᠢᠨ ᠡᠵᠡᠨ ᠲᠠᠢ ᠬᠠᠷᠢᠯᠴᠠᠵᠤ᠂ 10 ︽ᠬᠦᠰᠢᠮᠡᠯ ᠲᠡᠷᠭᠡ︾ ᠶᠢ ᠰᠢᠢᠳᠪᠤᠷᠢᠯᠡᠵᠡᠢ᠃ ᠡᠭᠦᠨ ᠤ ᠬᠠᠮᠲᠤ᠂ ᠡᠷᠬᠢᠨ ᠲᠣᠭᠤᠷᠢᠨ ᠤ ᠣᠯᠠᠨ ᠲᠦᠮᠡᠨ ᠳᠤ ᠪᠣᠯᠪᠠᠰᠤᠨ ᠢᠶᠠᠷ ᠲᠡᠷᠭᠡ ᠵᠣᠭᠰᠣᠭᠠᠬᠤ ᠶᠢ ᠤᠬᠠᠭᠤᠯᠤᠨ᠂ ᠣᠯᠠᠨ ᠲᠦᠮᠡᠨ ᠢ ᠥᠪᠡᠷ ᠤᠨ ᠪᠡᠶ᠎ᠡ ᠠᠴᠠ ᠪᠠᠨ ᠡᠬᠢᠯᠡᠨ᠂ ᠲᠡᠷᠭᠡ ᠪᠠᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠵᠣᠭᠰᠣᠭᠠᠬᠤ ᠶᠢ ᠬᠦᠳᠦᠯᠦᠨ ᠵᠢᠯᠤᠭᠤᠳᠴᠠᠢ᠃  
 
ᠢᠷᠡᠯᠲᠡ᠄ ᠷᠠᠰᠢᠶᠠᠨ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号