ᠯᠢᠦ ᠬᠣ᠋ ᠪᠠᠯᠭᠠᠰᠤ ︽ᠬᠠᠤᠯᠢᠵᠢᠯ ᠢ ᠬᠥᠳᠡᠭᠡ ᠲᠣᠰᠬᠤᠨ ᠳᠤ ᠬᠦᠷᠭᠡᠬᠦ︾ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠶᠢᠯᠤᠮᠵᠢ ᠡᠷᠬᠢᠯᠡᠪᠡ
ᠨᠡᠶᠢᠲᠡᠯᠡᠭᠰᠡᠨ ᠴᠠᠭ᠄
2023/5/8
   ᠬᠠᠤᠯᠢᠵᠢᠯ ᠤᠨ ᠪᠠᠶᠢᠭᠤᠯᠤᠯᠲᠠ ᠶᠢᠨ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠪᠠ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠡᠷᠴᠢᠮ ᠢ ᠴᠢᠩᠭᠠᠷᠠᠭᠤᠯᠬᠤ ᠶᠢᠨ ᠲᠥᠯᠥᠭᠡ᠂ ᠣᠶᠢᠷ᠎ᠠ ᠳᠤ᠂ ᠬᠣ᠋ ᠪᠠᠯᠭᠠᠰᠤ ︽ᠬᠠᠤᠯᠢᠵᠢᠯ ᠢ ᠬᠥᠳᠡᠭᠡ ᠲᠣᠰᠬᠤᠨ ᠳᠤ ᠬᠦᠷᠭᠡᠬᠦ︾ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠶᠢᠯᠤᠮᠵᠢ ᠬᠢᠪᠡ᠃ ᠬᠤᠸᠠ ᠴᠢᠤᠸᠠᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠶᠢ ᠤᠷᠢᠵᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠶᠠᠷᠢᠶ᠎ᠠ ᠲᠠᠯᠪᠢᠭᠤᠯᠪᠠ᠃ ᠲᠠᠶᠢᠯᠤᠮᠵᠢ ᠳᠤ᠂ ᠬᠠᠤᠯᠢ ᠲᠣᠭᠲᠠᠭᠠᠯ ᠢ ᠲᠠᠶᠢᠯᠪᠤᠷᠢᠯᠠᠬᠤ᠂ ᠬᠡᠷᠡᠭ ᠢ ᠲᠠᠶᠢᠯᠪᠤᠷᠢᠯᠠᠬᠤ ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠬᠦᠯᠢᠴᠡᠩᠭᠦᠢ ᠪᠥᠭᠡᠳ ᠨᠠᠷᠢᠨ ᠨᠢᠮᠪᠠᠢ ᠬᠢᠵᠦ ᠥᠭᠴᠡᠢ᠃ ᠭᠤᠣᠯᠳᠠᠭᠤ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠶᠢᠨ ᠤᠳᠬ᠎ᠠ᠂ ᠰᠡᠷᠭᠡᠶᠢᠯᠡᠯᠲᠡ ᠶᠢᠨ ᠭᠤᠣᠯᠳᠠᠯᠭ᠎ᠠ᠂ ᠬᠤᠯᠪᠣᠭᠳᠠᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠮᠡᠳᠡᠯᠭᠡ ᠵᠢᠴᠢ ᠠᠮᠢᠨ ᠬᠡᠷᠡᠭ ᠡᠭᠦᠰᠦᠭᠰᠡᠨ ᠠᠴᠠ ᠪᠣᠯᠤᠭᠰᠠᠨ ᠬᠦᠨᠳᠦ ᠨᠣᠴᠢᠲᠠᠢ ᠦᠷ᠎ᠡ ᠤᠷᠰᠢᠭ ᠲᠤ ᠴᠢᠭᠯᠡᠭᠦᠯᠦᠨ ᠵᠠᠳᠠᠯᠤᠯᠲᠠ ᠬᠢᠪᠡ᠃     ᠡᠭᠦᠨ ᠤ ᠬᠠᠮᠲᠤ ᠤᠯᠠᠨ ᠲᠦᠮᠡᠨ ᠤ ᠠᠩᠬᠠᠷᠴᠤ ᠪᠠᠶᠢᠭ᠎ᠠ ᠰᠢᠭᠤᠶᠢᠲᠤ ᠭᠠᠵᠠᠷ ᠤᠨ ᠡᠷᠬᠡ ᠶᠢ ᠨᠤᠲᠠᠯᠠᠨ ᠲᠣᠭᠲᠠᠭᠠᠬᠤ᠂ ᠤᠷᠤᠭ ᠭᠡᠷ ᠪᠦᠯᠢ ᠵᠡᠷᠭᠡ ᠪᠣᠳᠠᠲᠤ ᠪᠠᠶᠢᠳᠠᠯ ᠳᠤ ᠲᠤᠯᠭᠠᠷᠠᠵᠤ ᠪᠠᠶᠢᠭ᠎ᠠ ᠬᠠᠤᠯᠢ ᠴᠠᠭᠠᠵᠠ ᠶᠢᠨ ᠠᠰᠠᠭᠤᠳᠠᠯ ᠳᠤ ᠴᠢᠭᠯᠡᠭᠦᠯᠦᠨ ᠬᠦᠴᠢᠷᠳᠡᠯ ᠢ ᠨᠢ ᠰᠢᠢᠳᠪᠦᠷᠢᠯᠡᠵᠦ ᠮᠠᠳᠠᠭ ᠲᠠᠢ ᠠᠰᠠᠭᠤᠳᠠᠯ ᠢ ᠨᠢ ᠰᠢᠢᠳᠪᠦᠷᠢᠯᠡᠵᠡᠢ᠃ ᠡᠭᠦᠨ ᠤ ᠬᠠᠮᠲᠤ᠂ ᠣᠯᠠᠨ ᠲᠦᠮᠡᠨ ᠤ ᠣᠶᠢᠯᠠᠭᠠᠬᠤ ᠦᠭᠡᠢ ᠤᠴᠢᠷ ᠲᠣᠬᠢᠶᠠᠯᠳᠤᠪᠠᠯ ᠴᠠᠭ ᠲᠤᠬᠠᠢ ᠳᠤᠨᠢ ᠸᠢᠴᠠᠲ ᠂ ᠭᠠᠷ ᠤᠳᠠᠰᠤ᠂ ᠠᠭᠤᠯᠵᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠤᠯᠢ ᠴᠠᠭᠠᠵᠠ ᠶᠢᠨ ᠵᠥᠪᠯᠡᠯᠭᠡ ᠥᠭᠬᠦ ᠶᠢ ᠵᠣᠷᠢᠭᠵᠢᠭᠤᠯᠵᠤ᠂ ᠬᠡᠷᠬᠢᠪᠡᠴᠦ ᠰᠡᠳᠬᠢᠯ ᠳᠣᠭᠳᠣᠯᠵᠤ ᠪᠣᠯᠬᠤ ᠦᠭᠡᠢ ᠭᠡᠵᠤ ᠵᠤᠷᠢᠭᠵᠢᠭᠤᠯᠵᠠᠢ᠃ ᠲᠠᠶᠢᠯᠤᠮᠵᠢ ᠳᠠᠭᠤᠰᠤᠭᠰᠠᠨ ᠤ ᠳᠠᠷᠠᠭ᠎ᠠ᠂ ᠲᠤᠬᠠᠢ ᠶᠢᠨ ᠲᠠᠯᠠᠪᠤᠷ ᠤᠨ ᠣᠯᠠᠨ ᠲᠦᠮᠡᠨ ᠳᠤ ︽ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢ︾ ︽ᠢᠷᠭᠡᠨ ᠤ ᠬᠠᠤᠯᠢ ᠶᠢᠨ ᠪᠢᠴᠢᠭ ᠢ ᠭᠡᠷ ᠪᠦᠯᠢ ᠳᠤ ᠣᠷᠣᠭᠤᠯᠬᠤ︾ ︽ᠢᠷᠭᠡᠨ ᠤ ᠬᠠᠤᠯᠢ ᠶᠢᠨ ᠪᠢᠴᠢᠭ ᠢ ᠨᠡᠶᠢᠭᠡᠮ ᠲᠣᠭᠤᠷᠢᠭ ᠲᠤ ᠣᠷᠣᠭᠤᠯᠬᠤ︾ ︽ᠢᠷᠭᠡᠨ ᠤ ᠬᠠᠤᠯᠢ ᠶᠢᠨ ᠪᠢᠴᠢᠭ ᠤᠨ 100 ᠠᠰᠠᠭᠤᠯᠲᠠ︾ ᠵᠡᠷᠭᠡ ᠬᠠᠤᠯᠢ ᠴᠠᠭᠠᠵᠠ ᠶᠢᠨ ᠤᠬᠠᠭᠤᠯᠭ᠎ᠠ ᠶᠢᠨ ᠳᠡᠪᠲᠡᠷ ᠢ ᠵᠠᠭᠤ ᠭᠠᠷᠤᠢ ᠲᠠᠷᠬᠠᠭᠠᠵᠠᠢ᠃ ᠲᠣᠰ ᠤᠳᠠᠭᠠᠨ ᠤ ᠲᠠᠶᠢᠯᠤᠮᠵᠢ ᠪᠣᠯ ᠯᠢᠦ ᠬᠣ᠋ ᠪᠠᠯᠭᠠᠰᠤ ᠶᠢᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ︽ᠬᠠᠤᠯᠢᠵᠢᠯ ᠢ ᠬᠥᠳᠡᠭᠡ ᠲᠣᠰᠬᠤᠨ ᠳᠤ ᠬᠦᠷᠭᠡᠬᠦ︾ ᠲᠤᠰᠬᠠᠢ ᠠᠵᠢᠯᠯᠠᠭ᠎ᠠ ᠶᠢ ᠥᠷᠨᠢᠭᠦᠯᠦᠭᠰᠡᠨ ᠠᠵᠢᠯᠯᠠᠭ᠎ᠠ ᠶᠢᠨ ᠨᠢᠭᠡ ᠪᠣᠯᠣᠨ᠎ᠠ᠃ ︽ᠬᠠᠤᠯᠢᠵᠢᠯ ᠢ ᠬᠥᠳᠡᠭᠡ ᠲᠣᠰᠬᠤᠨ ᠳᠤ ᠬᠦᠷᠭᠡᠬᠦ︾ ᠬᠠᠤᠯᠢ ᠲᠦᠭᠡᠮᠡᠯᠵᠢᠭᠦᠯᠬᠦ ᠲᠠᠶᠢᠯᠤᠮᠵᠢ ᠶᠢ ᠥᠷᠨᠢᠭᠦᠯᠬᠦ ᠪᠠᠷ ᠳᠠᠮᠵᠢᠭᠤᠯᠤᠨ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠪᠠ ᠬᠠᠤᠯᠢ ᠪᠠᠷ ᠵᠠᠰᠠᠬᠤ ᠦᠵᠡᠯᠲᠡ ᠶᠢ ᠪᠦᠲᠦᠮᠵᠢᠲᠡᠢ ᠳᠡᠭᠡᠭᠰᠢᠯᠡᠭᠦᠯᠪᠡ᠃    
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号