ᠪᠤᠯᠭᠠᠨᠬᠤᠸᠠ ᠰᠤᠮᠤ ᠳᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠪᠠᠷ ᠴᠢᠷᠮᠠᠶᠢᠵᠤ ᠪᠠᠶᠢᠨ᠎ᠠ
ᠨᠡᠶᠢᠲᠡᠯᠡᠭᠰᠡᠨ ᠴᠠᠭ᠄
2023/5/8
     ᠣᠶᠢᠷ᠎ᠠ ᠳᠤ᠂ ᠵᠠᠯᠠᠶᠢᠳ ᠬᠤᠰᠢᠭᠤᠨ ᠤ ᠪᠤᠯᠭᠠᠨᠬᠤᠸᠠ ᠰᠤᠮᠤ ᠬᠠᠭᠠᠯᠪᠤᠷᠢᠯᠠᠬᠤ ᠦᠬᠡᠢ ᠪᠠᠷ ᠳᠠᠷᠢᠬᠤ ᠮᠡᠷᠭᠡᠵᠢᠯ ᠢ ᠳᠡᠯᠭᠡᠷᠡᠬᠦᠯᠬᠦ ᠪᠤᠯᠤᠨ ᠬᠦᠷᠢᠶ᠎ᠡ ᠬᠠᠰᠢᠶᠠᠨ ᠤ ᠠᠵᠤ ᠠᠬᠤᠢ ᠶᠢ ᠬᠦᠭᠵᠢᠬᠦᠯᠬᠦ ᠶᠢ ᠤᠶᠠᠯᠳᠤᠭᠤᠯᠤᠨ᠂ ᠳᠠᠷᠢᠶᠠᠴᠢᠳ ᠤᠨ ᠡ᠊ᠨᠡ ᠵᠢᠯ ᠤᠨ ᠡᠯᠪᠡᠭ ᠬᠤᠷᠢᠶᠠᠯᠳᠠ ᠤᠯᠬᠤ ᠳᠤᠨᠢ ᠰᠠᠭᠤᠷᠢ ᠳᠠᠯᠪᠢᠵᠤ ᠪᠤᠢ᠃ ︽ᠬᠠᠭᠠᠯᠪᠤᠷᠢᠯᠠᠬᠤ ᠥᠬᠡᠶ ᠪᠠᠷ ᠳᠠᠷᠢᠭᠠᠳ ᠴᠢᠬᠢ ᠭᠠᠷᠬᠤ ᠳᠤ ᠬᠦᠴᠢᠷ ᠠᠰᠠᠭᠤᠳᠠᠯ ᠢ ᠰᠢᠢᠳᠪᠤᠷᠢᠯᠡᠬᠦ ᠶᠢᠨ ᠲᠥᠯᠤᠭᠡ᠂ ᠡ᠊ᠨᠡ ᠵᠢᠯ ᠪᠢᠳᠡ ᠡᠷᠳᠡᠨᠢ ᠰᠢᠰᠢ ᠶᠢᠨ ᠳᠠᠯᠠᠩ ᠳᠤ ᠬᠠᠭᠠᠯᠪᠤᠷᠢᠯᠠᠬᠤ ᠥᠬᠡᠶ ᠪᠠᠷ ᠤᠰᠤ ᠨᠥᠬᠦᠵᠦ ᠳᠠᠷᠢᠬᠤ ᠮᠡᠷᠭᠡᠵᠢᠯ ᠢ ᠬᠡᠷᠡᠭᠯᠡᠵᠦ᠂ ᠮᠥ ᠪᠦᠷᠢ ᠳᠤ ᠪᠠᠷᠤᠭ 0.75 ᠲᠣᠨ ᠤᠰᠤ ᠬᠡᠷᠡᠭᠯᠡᠵᠦ᠂ ᠨᠢᠭᠡ ᠯᠡ ᠤᠳᠠᠭ᠎ᠠ ᠳᠤ ᠰᠤᠪᠠᠭ ᠭᠠᠷᠭᠠᠬᠤ᠂ ᠪᠣᠷᠲᠣᠭᠤᠷ ᠣᠷᠣᠭᠤᠯᠬᠤ᠂ ᠤᠰᠤ ᠱᠦᠭᠦᠬᠦ᠂ ᠳᠠᠷᠢᠬᠤ᠂ ᠰᠢᠷᠣᠶ ᠤᠷᠪᠠᠭᠤᠯᠬᠤ ᠵᠡᠷᠭᠡ ᠶᠠᠪᠤᠴᠠ ᠶᠢ ᠬᠥᠢᠴᠡᠳᠭᠡᠵᠤ᠂ ᠴᠢᠬᠢ ᠭᠠᠷᠭᠠᠬᠤ ᠨᠣᠷᠮ᠎ᠠ ᠶᠢ ᠦᠨᠡᠨ ᠬᠦ ᠪᠠᠲᠤᠯᠠᠵᠤ ᠪᠠᠶᠢᠨ᠎ᠠ︾ ᠭᠡᠵᠦ ᠪᠤᠯᠭᠠᠨᠬᠤᠸᠠ ᠰᠤᠮᠤ ᠶᠢᠨ ᠵᠢᠭᠠᠰᠤᠲᠠᠢ ᠭᠠᠴᠠᠭ᠎ᠠ ᠶᠢᠨ ᠬᠠᠩᠭᠠᠢ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠬᠠᠷᠢᠭᠤᠴᠠᠯᠭᠠᠳᠠᠨ ᠶᠠᠩ ᠴᠦᠨ ᠱᠠᠨ ᠬᠡᠯᠡᠪᠡ᠃ ᠬᠠᠭᠠᠯᠪᠤᠷᠢᠯᠠᠬᠤ ᠦᠬᠡᠢ ᠪᠠᠷ ᠳᠠᠷᠢᠬᠤ ᠮᠡᠷᠭᠡᠵᠢᠯ ᠨᠢ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠵᠦ ᠴᠢᠳᠠᠬᠤ ᠮᠥᠷᠲᠡᠭᠡᠨ ᠪᠠᠰᠠ ᠬᠥᠷᠥᠰᠥ ᠰᠢᠷᠥᠢ ᠶᠢ ᠬᠠᠮᠠᠭᠠᠯᠠᠵᠤ ᠴᠢᠳᠠᠬᠤ ᠨᠢᠭᠡᠨ ᠴᠢᠬᠤᠯᠠ ᠮᠡᠷᠭᠡᠵᠢᠯ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠳᠤ ᠪᠤᠯᠭᠠᠨᠬᠤᠸᠠ ᠰᠤᠮᠤ ᠲᠤᠰ ᠮᠡᠷᠭᠡᠵᠢᠯ ᠢ ᠥᠷᠭᠡᠨ ᠢᠶᠠᠷ ᠳᠡᠯᠭᠡᠷᠡᠭᠦᠯᠵᠡᠶ᠃ ᠡ᠊ᠨᠡ ᠵᠢᠯ᠂ ᠲᠤᠰ ᠰᠤᠮᠤ ᠬᠠᠭᠠᠯᠪᠤᠷᠢᠯᠠᠬᠤ ᠦᠬᠡᠢ ᠪᠠᠷ ᠳᠠᠷᠢᠬᠤ ᠮᠡᠷᠭᠡᠵᠢᠯ ᠢ ᠳᠠᠷᠢᠶᠠᠴᠢᠨ ᠡᠷᠥᠭᠡ ᠳᠤ ᠲᠦᠭᠡᠮᠡᠯᠵᠢᠬᠦᠯᠬᠦ ᠶᠢᠨ ᠬᠠᠮᠳᠥ ᠳᠠᠷᠢᠶᠠᠴᠢᠳ ᠲᠤ ᠮᠡᠷᠭᠡᠵᠢᠯ ᠤᠨ ᠵᠢᠯᠤᠭᠤᠳᠤᠯᠭ᠎ᠠ ᠬᠢᠵᠤ᠂ ᠬᠠᠪᠤᠷ ᠤᠨ ᠲᠠᠷᠢᠶᠠᠯᠠᠭ᠎ᠠ ᠳᠤ ᠬᠡᠷᠡᠭᠯᠡᠬᠦ ᠬᠠᠭᠠᠯᠪᠤᠷᠢᠯᠠᠬᠤ ᠥᠬᠡᠶ ᠪᠠᠷ ᠳᠠᠷᠢᠬᠤ ᠮᠠᠰᠢᠨ ᠢ 63 ᠢᠵᠢ ᠳᠠᠭᠠᠷᠠᠭᠤᠯᠵᠤ᠂ ᠨᠡᠶᠢᠳᠡ 6.5 ᠲᠦᠮᠡᠨ ᠮᠥ ᠳᠠᠷᠢᠶᠠᠨ ᠭᠠᠵᠠᠷ ᠢ ᠬᠠᠭᠠᠯᠪᠤᠷᠢᠯᠠᠬᠤ ᠦᠬᠡᠢ ᠪᠠᠷ ᠳᠠᠷᠢᠬᠤ ᠠᠵᠢᠯ ᠢᠶᠠᠨ ᠡᠬᠢᠯᠡᠬᠦᠯᠪᠡ᠃ ︽ᠡᠷᠳᠡᠨᠢ ᠰᠢᠰᠢ ᠶᠢᠨ ᠡᠰᠢ ᠰᠦᠷᠡᠯ ᠢ ᠲᠠᠷᠢᠶᠠᠨ ᠳᠤ ᠣᠷᠣᠭᠤᠯᠬᠤ ᠪᠣᠯ ᠭᠠᠵᠠᠷ ᠰᠢᠷᠣᠢ ᠳᠤ ︿ᠬᠥᠨᠵᠢᠯᠡ﹀ ᠪᠦᠷᠬᠦᠵᠦ ᠪᠠᠶᠢᠭ᠎ᠠ ᠲᠠᠢ ᠠᠳᠠᠯᠢ᠂ ᠲᠠᠷᠢᠶᠠᠨ ᠳᠣᠲᠣᠷᠠᠬᠢ ᠤᠰᠤᠨ ᠠᠭᠤᠷ ᠪᠠ ᠬᠥᠷᠥᠰᠥ ᠶᠢ ᠪᠦᠷᠬᠦᠵᠦ᠂ ᠰᠢᠮ᠎ᠡ ᠲᠡᠵᠢᠭᠡᠯ ᠢ ᠨᠢ ᠲᠠᠷᠢᠶᠠᠨ ᠳᠤ ᠣᠷᠣᠭᠤᠯᠵᠤ ᠪᠠᠶᠢᠭ᠎ᠠ ᠶᠠᠪᠤᠳᠠᠯ ᠪᠣᠯᠤᠨ᠎ᠠ᠂ ᠬᠠᠭᠠᠯᠪᠤᠷᠢᠯᠠᠬᠤ ᠦᠬᠡᠢ ᠪᠠᠷ ᠳᠠᠷᠢᠬᠤ ᠮᠡᠷᠭᠡᠵᠢᠯ ᠨᠢ ᠰᠠᠯᠬᠢᠨ ᠢ ᠬᠠᠯᠬᠠᠯᠠᠨ ᠬᠥᠷᠥᠰᠥ ᠶᠢ ᠲᠣᠭᠲᠠᠪᠤᠷᠢᠵᠢᠭᠤᠯᠬᠤ ᠪᠠᠷ ᠪᠠᠷᠠᠬᠤ ᠦᠭᠡᠢ ᠪᠠᠰᠠ ᠭᠠᠵᠠᠷ ᠤᠨ ᠦᠩ ᠰᠢᠮ᠎ᠡ ᠶᠢ ᠰᠠᠶᠢᠵᠢᠷᠠᠭᠤᠯᠵᠤ ᠳᠡᠶᠢᠯᠤᠨ᠎ᠡ᠂ ᠳᠡᠶᠢᠮᠥ ᠪᠦᠭᠡᠳ ᠨᠡᠩ ᠴᠢᠬᠤᠯᠠ ᠨᠢ ᠡᠰᠢ ᠰᠦᠷᠡᠯ ᠢ ᠲᠠᠷᠢᠶᠠᠨ ᠭᠠᠵᠠᠷ ᠲᠤ ᠦᠯᠡᠳᠡᠭᠡᠬᠦ ᠨᠣᠷᠮ᠎ᠠ ᠶᠢᠨ ᠠᠳᠠᠯᠢ ᠪᠤᠰᠤ ᠶᠢ ᠦᠨᠳᠦᠰᠦᠯᠡᠨ᠂ ᠮᠥ ᠪᠦᠷᠢ ᠳᠤ 19 . 63 ᠲᠥᠭᠦᠷᠢᠭ ᠤᠨ ᠨᠥᠬᠦᠪᠥᠷᠢ ᠥᠭᠭᠦᠨ᠎ᠡ᠂ ᠢᠩᠭᠢᠪᠡᠯ ᠳᠠᠷᠢᠶᠠᠴᠢᠳ ᠴᠦ ᠠᠰᠢᠭ ᠬᠦᠷᠳᠡᠬᠦ ᠪᠣᠯᠤᠨ᠎ᠠ︾ ᠭᠡᠵᠦ ᠪᠤᠯᠭᠠᠨᠬᠤᠸᠠ ᠰᠤᠮᠤ ᠶᠢᠨ ᠲᠠᠷᠢᠶᠠᠯᠠᠩ ᠤᠨ ᠥᠷᠲᠡᠭᠡᠨ ᠤ ᠳᠠᠷᠤᠭ᠎ᠠ ᠵᠦ ᠾᠧ ᠮᠢᠨ ᠬᠡᠯᠡᠵᠡᠶ᠃ ︽ᠡᠮᠥᠨᠡᠭᠡᠨ᠂ ᠮᠠᠨ ᠤ ᠭᠠᠴᠠᠭᠠᠨ ᠤ ᠺᠠᠳ᠋ᠷᠴᠤᠳ ᠡᠷᠥᠭᠡ ᠪᠠᠷ ᠬᠦᠨᠵᠡᠬᠡᠶᠢᠷᠡᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠦᠷᠢᠳᠭᠡᠵᠡᠶ᠂ ᠥᠨᠥᠳᠦᠷ ᠪᠢᠳᠡᠨ ᠳᠤ ᠵᠢᠮᠢᠰ ᠤᠨ ᠴᠢᠬᠢ ᠬᠦᠷᠭᠡᠵᠦ ᠢᠷᠡᠯ᠎ᠡ᠂ ᠮᠠᠨ ᠤ ᠬᠦᠷᠢᠶᠡᠨ ᠳᠤ ᠪᠠᠷᠤᠭ 30 ᠭᠠᠷᠤᠶ ᠰᠠᠭᠤᠷᠢ ᠵᠢᠮᠢᠰ ᠤᠨ ᠮᠤᠳᠥ ᠵᠠᠶᠢᠯᠠᠵᠤ ᠳᠡᠶᠢᠯᠥ᠋ᠨ᠎ᠡ᠂ ᠵᠢᠮᠢᠰ ᠪᠤᠯᠪᠠᠰᠤᠷᠠᠭᠰᠠᠨ ᠬᠤᠭᠤᠴᠠᠭᠠᠨ ᠳᠤ ᠮᠥ ᠪᠦᠷᠢ ᠠᠴᠠ 2000 ᠭᠠᠷᠤᠶ ᠲᠦᠭᠦᠷᠢᠭ ᠠᠰᠢᠭ ᠬᠦᠷᠳᠡᠨ᠎ᠡ︾ ᠭᠡᠵᠤ ᠪᠤᠯᠭᠠᠨᠬᠤᠸᠠ ᠰᠤᠮᠤ ᠶᠢᠨ ᠰᠢᠨ᠎ᠡ ᠠᠶᠢᠯ ᠭᠠᠴᠠᠭᠠᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠪᠦᠦ ᠱᠤᠸᠠᠩ ᠵᠦ ᠬᠡᠯᠡᠪᠡ᠃    2023 ᠣᠨ ᠳᠤ ᠪᠤᠯᠭᠠᠨᠬᠤᠸᠠ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠣᠯᠠᠨ ᠲᠦᠮᠡᠨ ᠤ ᠬᠥᠭᠵᠢᠯᠲᠡ ᠶᠢᠨ ᠬᠦᠰᠡᠯ ᠰᠠᠨᠠᠭ᠎ᠠ ᠶᠢ ᠦᠨᠳᠦᠰᠦᠯᠡᠨ᠂ ᠵᠠᠯᠠᠶᠢᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠤᠨ ᠮᠠᠨᠳᠤᠭᠤᠯᠬᠤ ᠲᠣᠪᠴᠢᠶ᠎ᠠ᠂ ᠵᠠᠯᠠᠶᠢᠳ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ ᠲᠠᠢ ᠬᠠᠮᠳᠤᠷᠠᠯᠴᠠᠨ ᠣᠯᠠᠨ ᠲᠦᠮᠡᠨ ᠳᠤ ᠳᠤᠭᠤᠷ ᠤᠨ ᠮᠤᠳᠥ᠂ ᠠᠯᠮᠤᠷᠠᠳ ᠤᠨ ᠮᠣᠳᠣ ᠵᠠᠶᠢᠯᠠᠬᠤ ᠲᠥᠷᠥᠯ ᠵᠦᠢᠯ ᠢ ᠤᠯᠵᠤ ᠦᠭᠬᠦᠨ᠂ ᠲᠣᠰ ᠲᠣᠰ ᠶᠦᠩ ᠹᠠ᠂ ᠰᠢᠨ᠎ᠡ ᠠᠶᠢᠯ ᠵᠡᠷᠭᠡ ᠳᠥᠷᠪᠡᠨ ᠭᠠᠴᠠᠭᠠᠨ ᠤ 116 ᠲᠠᠷᠢᠶᠠᠴᠢᠨ ᠡᠷᠦᠬᠡ ᠳᠤ ᠨᠡᠶᠢᠳᠡ 830 ᠭᠠᠷᠤᠢ ᠰᠠᠭᠤᠷᠢ ᠵᠢᠮᠢᠰ ᠤᠨ ᠮᠤᠳᠥ ᠲᠦᠭᠡᠭᠡᠨ ᠦᠭᠴᠥ᠂ ᠬᠦᠷᠢᠶ᠎ᠡ ᠬᠠᠰᠢᠶᠠᠨ ᠤ ᠠᠵᠤ ᠠᠬᠤᠶ ᠶᠢ ᠬᠦᠭᠵᠢᠬᠦᠯᠵᠡᠢ᠃ ᠬᠦᠷᠢᠶ᠎ᠡ ᠬᠠᠰᠢᠶᠠᠨ ᠤ ᠠᠵᠤ ᠠᠬᠤᠶ ᠶᠢ ᠬᠥᠭᠵᠢᠭᠦᠯᠬᠦ ᠨᠢ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠳᠤᠭᠤᠷᠢᠨ ᠢ ᠭᠤᠶᠤᠵᠢᠭᠤᠯᠬᠤ ᠳᠤ ᠠᠰᠢᠭᠳᠠᠢ ᠪᠠᠷ ᠪᠠᠷᠠᠬᠤ ᠦᠬᠡᠢ᠂ ᠪᠠᠰᠠ ᠳᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠵᠤ ᠴᠢᠳᠠᠨ᠎ᠠ᠃ ᠪᠤᠯᠭᠠᠨᠬᠤᠸᠠ ᠰᠤᠮᠤ ᠬᠥᠳᠡᠭᠡ ᠲᠣᠰᠬᠤᠨ ᠢ ᠬᠥᠭᠵᠢᠭᠦᠯᠤᠨ ᠮᠠᠨᠳᠤᠭᠤᠯᠬᠤ ᠳᠤᠭᠤᠷᠢᠨ ᠳᠤ ᠳᠠᠷᠢᠶᠠᠯᠠᠬᠤ ᠰᠢᠨ᠎ᠡ ᠮᠡᠷᠭᠡᠵᠢᠯ ᠢ ᠲᠦᠭᠡᠮᠡᠯᠵᠢᠬᠦᠯᠤᠨ᠂ ᠤᠨᠴᠠᠯᠢᠬᠳᠥ ᠠᠵᠤ ᠥᠢᠯᠡᠰ ᠢ ᠬᠦᠭᠵᠢᠬᠦᠯᠤᠨ᠂ ᠳᠠᠷᠢᠶᠠᠴᠢᠳ ᠤᠨ ᠤᠷᠤᠯᠭ᠎ᠠ ᠪᠠᠨ ᠨᠡᠮᠡᠭᠳᠡᠬᠦᠯᠬᠦ ᠳᠤᠨᠢ ᠰᠢᠨ᠎ᠡ ᠠᠷᠭ᠎ᠠ ᠵᠠᠮ ᠨᠡᠭᠡᠭᠡᠵᠤ ᠦᠭᠬᠦ ᠶᠢᠨ ᠬᠠᠮᠳᠥ ᠳᠠᠷᠢᠶᠠᠴᠢᠳ ᠲᠤ ᠰᠢᠨᠵᠢᠯᠡᠬᠦ ᠤᠬᠠᠭᠠᠨᠴᠢ ᠪᠠᠷ ᠳᠠᠷᠢᠵᠤ ᠤᠷᠭᠤᠭᠤᠯᠬᠤ ᠴᠢᠳᠠᠪᠤᠷᠢ ᠶᠢ ᠨᠢ ᠵᠢᠩᠬᠢᠨᠢ ᠪᠠᠷ ᠨᠡᠮᠡᠭᠳᠡᠬᠦᠯᠵᠤ ᠪᠠᠶᠢᠨ᠎ᠠ᠃  
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号