ᠪᠦᠬᠦ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠧᠮ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠶᠢᠨ ᠲᠠᠯᠠᠪᠤᠷ ᠤᠨ ᠲᠣᠭᠤᠷᠢᠨ ᠦᠵᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/12
  6 ᠳ᠋ᠤᠭᠠᠷ ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠮᠠᠨ ᠤ ᠠᠶᠢᠮᠠᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠧᠮ ᠤᠨ ᠭᠤᠤᠯᠳᠠᠯᠭ᠎ᠠ ᠲᠠᠢ ᠠᠵᠢᠯ ᠤᠨ ᠲᠤᠬᠠᠶ ᠶᠢᠨ ᠲᠠᠯᠠᠪᠤᠷ ᠤᠨ ᠲᠣᠭᠤᠷᠢᠨ ᠦᠵᠡᠬᠦ ᠬᠤᠷᠠᠯ ᠬᠤᠷᠠᠯᠳᠤᠵᠦ᠂ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ  ᠵᠤᠯᠭᠠᠭᠤᠯᠬᠤ ᠶᠢ ᠤᠯᠠᠮ ᠨᠢᠭᠡ ᠠᠯᠬᠤᠮ ᠪᠠᠳᠤᠳᠬᠠᠵᠦ  ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ᠂ ᠠᠶᠢᠮᠠᠭ ᠤᠨ ᠳᠡᠳ᠋ ᠳᠠᠷᠤᠭ᠎ᠠ ᠴᠢᠦᠶ ᠵᠧᠨ ᠨᠢᠶᠠᠨ ᠬᠤᠷᠠᠯ ᠳᠤ ᠣᠷᠣᠯᠴᠠᠪᠠ᠃    ᠬᠤᠷᠠᠯ ᠳᠤ ᠣᠷᠣᠯᠴᠠᠭᠰᠠᠳ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠵᠠᠯᠠᠶᠢᠳ ᠬᠤᠰᠢᠭᠤᠨ ᠤ ᠤᠰᠤ ᠬᠠᠩᠭᠠᠬᠤ ᠤᠰᠤ ᠵᠠᠯᠠᠬᠤ ᠶᠢ ᠨᠢᠭᠡ ᠴᠤᠭᠴᠠᠵᠢᠭᠤᠯᠬᠤ᠂ ᠬᠦᠷᠢᠶᠡᠨ ᠤ ᠠᠵᠤ ᠠᠬᠤᠢ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠵᠤ ᠠᠬᠤᠢ ᠶᠢᠨ ᠤᠢ ᠶᠢᠨ ᠪᠦᠳᠦᠭᠡᠨ ᠪᠠᠶᠢᠭᠤᠯᠤᠯᠲᠠ᠂ ᠣᠷᠣᠯᠠᠨ ᠲᠠᠷᠢᠬᠤ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠳᠠᠷᠠᠭ᠎ᠠ ᠳᠤᠨᠢ᠂ ᠳ᠋ᠦᠩᠨᠡᠯᠲᠡ ᠶᠢᠨ ᠬᠤᠷᠠᠯ ᠬᠤᠷᠠᠯᠳᠤᠭᠤᠯᠵᠤ᠂ ᠪᠦᠬᠦ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠬᠢᠨᠠᠨ ᠵᠢᠯᠣᠭᠤᠳᠤᠭᠰᠠᠨ ᠪᠠᠶᠢᠳᠠᠯ ᠢ ᠮᠡᠳᠡᠭᠳᠡᠵᠦ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠬᠤ ︽ᠵᠢᠷᠭᠤᠭᠠᠨ ᠵᠦᠢᠯ ᠤᠨ ᠠᠷᠭ᠎ᠠ  ᠬᠡᠮᠵᠢᠶ᠎ᠡ︾ ᠶᠢ ᠲᠤᠬᠢᠷᠠᠭᠤᠯᠤᠨ ᠪᠠᠶᠢᠷᠢᠯᠠᠭᠤᠯᠵᠤ᠂ ᠪᠡᠯᠡ ᠮᠥᠩᠭᠦ ᠶᠢ ᠰᠠᠯᠭᠠᠨ ᠥᠭᠬᠦ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠡᠳ᠋ ᠬᠦᠷᠦᠩᠭᠡ ᠶᠢ ᠬᠠᠮᠢᠶᠠᠷᠬᠤ ᠪᠠ ᠬᠢᠨᠠᠯᠲᠠ ᠲᠠᠯᠪᠢᠬᠤ ᠵᠡᠷᠭᠡ ᠭᠤᠣᠯᠳᠠᠯᠭ᠎ᠠ ᠲᠠᠢ ᠠᠵᠢᠯ ᠢ ᠵᠣᠯᠭᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号