ᠰᠦᠬᠡ ᠷᠠᠰᠢᠶᠠᠨ ᠬᠤᠳᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/6/12
   6 ᠳ᠋ᠤᠭᠠᠷ ᠰᠠᠷ᠎ᠠ ᠶᠢᠨ 8 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠤᠷᠢᠳ ᠬᠤᠵᠢᠳ ᠷᠠᠰᠢᠶᠠᠨ ᠬᠤᠲᠠ ᠶᠢᠨ ᠸᠧ ᠯᠦᠩ ᠴᠧᠩ ᠲᠣᠭᠤᠷᠢᠭ ᠤᠨ ᠡᠮᠦᠨ᠎ᠡ ᠬᠡᠰᠡᠭ᠂  ᠢᠷᠪᠢᠰ ᠵᠡᠭᠡᠯᠢ ᠶᠢᠨ ᠨᠢᠰᠬᠡᠯ ᠤᠨ ᠪᠠᠭᠤᠳᠠᠯ ᠵᠠᠮ ᠳᠤ ᠬᠦᠷᠴᠦ᠂ ᠵᠠᠮ ᠳᠠᠭᠠᠤ ᠶᠢᠨ ᠨᠣᠭᠤᠭᠠᠷᠠᠭᠤᠯᠤᠯᠲᠠ ᠵᠢᠴᠢ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠲᠥᠷᠥᠯ  ᠵᠦᠢᠯ ᠤᠨ ᠲᠥᠯᠥᠪᠵᠢᠭᠦᠯᠭᠡ᠂ ᠴᠢᠳᠠᠮᠵᠢ ᠶᠢᠨ ᠪᠠᠶᠢᠷᠢᠰᠢᠭᠤᠯᠤᠯᠲᠠ᠂ ᠪᠠᠷᠢᠯᠭ᠎ᠠ ᠶᠢᠨ ᠠᠵᠢᠯ ᠤᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠰᠦᠬᠡ ᠵᠢᠭᠠᠵᠤ ᠭᠠᠷᠭᠠᠭᠰᠠᠨ ᠨᠢ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠨᠢ ᠷᠠᠰᠢᠶᠠᠨ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠬᠤ ᠤᠴᠢᠷ ᠠᠴᠠ ᠬᠠᠷᠢᠭᠤᠴᠠᠯᠭ᠎ᠠ ᠬᠦᠨᠳᠦ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠠᠭ ᠬᠤᠭᠤᠴᠠᠭᠠᠨ ᠤ ᠦᠵᠡᠯᠲᠡ ᠪᠠ ᠦᠷ᠎ᠡ ᠪᠦᠲᠦᠮᠵᠢ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠪᠠᠷᠢᠯᠭ᠎ᠠ ᠶᠢᠨ ᠠᠮᠤᠷ ᠲᠦᠪᠰᠢᠨ ᠢ ᠴᠢᠩᠭ᠎ᠠ ᠠᠳᠬᠤᠭᠰᠠᠨ ᠤᠷᠢᠲᠠᠯ ᠳᠣᠤᠷ᠎ᠠ᠂ ᠲᠣᠭᠲᠠᠭᠰᠠᠨ ᠬᠠᠷᠠᠯᠲᠠ ᠶᠢ ᠴᠢᠩᠭ᠎ᠠ ᠵᠢᠷᠤᠮᠯᠠᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠵᠤ᠂ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ ᠣᠷᠣᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠥᠯᠥᠪᠵᠢᠭᠦᠯᠦᠨ ᠪᠠᠶᠢᠷᠢᠰᠢᠭᠤᠯᠵᠤ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠦᠷᠭᠦᠯᠵᠢᠯᠡᠨ ᠨᠥᠬᠦᠪᠥᠷᠢᠯᠡᠵᠦ᠂ ᠨᠣᠭᠤᠭᠠᠷᠠᠭᠤᠯᠬᠤ᠂ ᠭᠤᠶᠤᠵᠢᠭᠤᠯᠬᠤ᠂ ᠭᠡᠷᠡᠯᠲᠦᠭᠦᠯᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ︽ᠵᠡᠭᠦᠳᠦ ᠵᠡᠷᠭᠡᠯᠭᠡᠨ ᠷᠠᠰᠢᠶᠠᠨ︾ ᠢ ᠴᠣᠭᠴᠠᠯᠠᠵᠤ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠷᠠᠰᠢᠶᠠᠨ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠭᠤᠷᠢᠯᠠᠬᠤ ᠴᠡᠭ ᠪᠠ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠨᠡᠮᠡᠭᠳᠡᠯ ᠤᠨ ᠴᠡᠭ ᠪᠣᠯᠭᠠᠬᠤ ᠬᠡᠷᠡᠭᠲᠡᠢ  ᠭᠡᠪᠡ᠃    ᠰᠦᠬᠡ ᠪᠠᠰᠠ ᠷᠠᠰᠢᠶᠠᠨ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠲᠣᠭᠤᠷᠢᠨ ᠰᠢᠯᠭᠠᠬᠤ ᠠᠵᠢᠯ ᠢ ᠥᠷᠨᠢᠭᠦᠯᠵᠦ᠂ ᠰᠢᠯᠭᠠᠯᠲᠠ ᠶᠢᠨ ᠲᠠᠯᠠᠪᠤᠷ ᠤᠨ ᠪᠠᠶᠢᠷᠢᠯᠠᠭᠤᠯᠤᠯᠲᠠ᠂ ᠶᠡᠷᠦᠩᠬᠡᠶᠢᠯᠡᠭᠰᠡᠨ ᠦᠢᠯᠡᠴᠢᠯᠡᠭᠡ᠂ ᠪᠠᠴᠢᠮ ᠪᠠᠶᠢᠳᠠᠯ ᠢ ᠠᠷᠭᠠᠴᠠᠬᠤ ᠠᠷᠭ᠎ᠠ  ᠬᠡᠮᠵᠢᠶ᠎ᠡ ᠵᠢᠴᠢ ᠠᠮᠤᠷ ᠢ ᠬᠠᠮᠠᠭᠠᠯᠠᠬᠤ ᠠᠵᠢᠯᠳᠠᠨ ᠤ ᠲᠤᠬᠢᠷᠠᠭᠤᠯᠤᠯᠳᠠ ᠵᠡᠷᠭᠡ ᠪᠠᠶᠢᠳᠠᠯ ᠢ ᠨᠠᠷᠢᠨ ᠪᠠᠶᠢᠴᠠᠭᠠᠵᠤ᠂ ᠰᠢᠯᠭᠠᠯᠲᠠ ᠶᠢᠨ ᠴᠡᠭ ᠤᠨ ᠬᠢᠨᠠᠨ ᠡᠵᠡᠮᠳᠡᠬᠦ ᠵᠢᠯᠣᠭᠤᠳᠬᠤ ᠲᠥᠪ ᠲᠤ ᠸᠢᠳᠢᠣ᠋ ᠪᠠᠷ ᠰᠢᠯᠭᠠᠯᠲᠠ ᠶᠢᠨ ᠲᠠᠯᠠᠪᠤᠷ ᠤᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠰᠢᠯᠭᠠᠯᠲᠠ ᠶᠢᠨ ᠶᠠᠪᠤᠳᠠᠯ ᠤᠨ ᠠᠵᠢᠯᠳᠠᠨ ᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ ᠲᠡᠷᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠯ᠎ᠡ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯᠯᠠᠬᠤ ᠶᠠᠪᠤᠴᠠ ᠶᠢ ᠴᠢᠩᠭ᠎ᠠ ᠠᠳᠬᠤᠵᠤ᠂ ᠰᠢᠯᠭᠠᠯᠲᠠ ᠶᠢᠨ ᠰᠤᠷᠲᠠᠯ ᠰᠠᠬᠢᠯᠭ᠎ᠠ ᠪᠠᠲᠤ ᠶᠢ ᠴᠢᠩᠳᠠᠯᠠᠵᠤ᠂ ᠳᠡᠭᠡᠳᠦ ᠰᠤᠷᠭᠠᠭᠤᠯᠢ ᠳᠤ ᠡᠯᠰᠡᠬᠦ ᠨᠢᠭᠡᠳᠦᠯᠲᠡᠢ ᠰᠢᠯᠭᠠᠯᠲᠠ ᠶᠢᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠡᠭᠡᠳᠦ ᠰᠤᠷᠭᠠᠭᠤᠯᠢ ᠳᠤ ᠡᠯᠰᠡᠬᠦ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠡᠮᠬᠢ ᠵᠢᠷᠤᠮ ᠲᠠᠢ᠂ ᠤᠷᠤᠭᠰᠢᠲᠠᠢ ᠲᠡᠭᠦᠰ ᠠᠮᠵᠢᠯᠲᠠ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号