ᠯᠦ ᠰᠠᠷᠠᠭᠤᠯ᠄ ᠴᠠᠭᠠᠰᠤᠨ ᠬᠠᠶᠢᠴᠢᠮᠠᠯ ᠳᠤ ᠰᠢᠩᠭᠡᠭᠰᠡᠨ ᠬᠠᠶᠢᠷ᠎ᠠ
ᠨᠡᠶᠢᠲᠡᠯᠡᠭᠰᠡᠨ ᠴᠠᠭ᠄
2023/6/15
      ︽ᠡᠨᠡ ᠪᠤᠯ ᠮᠢᠨᠤ ᠡᠮᠦᠨ᠎ᠡ ᠬᠡᠳᠦᠨ ᠡᠳᠦᠷ ᠬᠠᠶᠢᠴᠢᠯᠠᠭᠰᠠᠨ  ᠰᠢᠨ᠎ᠡ ᠪᠦᠳᠦᠬᠡᠯ ︿ᠲᠤᠮᠳᠠᠳᠤ ᠶᠢᠨ ᠬᠦᠰᠡᠯ ᠵᠡᠭᠦᠳᠦ﹀᠂ ᠡᠨᠡ ᠲᠡᠭᠡᠷ᠎ᠡ ᠰᠠᠷ᠎ᠠ ᠤᠷᠤᠯᠳᠤᠭᠠᠨ ᠳᠤ ᠤᠷᠤᠯᠴᠠᠭᠰᠠᠨ ᠪᠦᠳᠦᠭᠡᠯ ︿ᠦᠯᠵᠡᠢ ᠦᠰᠦᠭ﹀ ᠁ ᠡᠮᠦᠨᠡᠬᠡᠨ᠂ ᠰᠤᠷᠪᠤᠯᠵᠢᠯᠠᠭᠴᠢ ᠠᠶᠢᠮᠠᠭ ᠤᠨ ᠲᠡᠰ ᠤᠨ ᠪᠣᠳᠠᠰ ᠤᠨ ᠪᠤᠰᠤ ᠰᠤᠶᠤᠯ ᠤᠨ ᠦᠪ ᠤᠨ ᠴᠠᠭᠠᠰᠤᠨ ᠬᠠᠶᠢᠴᠢᠮᠠᠯ ᠤᠨ ᠦᠪᠯᠡᠨ ᠵᠠᠯᠭᠠᠮᠵᠢᠯᠠᠭᠴᠢ ᠯᠤ᠋ ᠰᠠᠷᠠᠭᠤᠯ ᠢ ᠰᠤᠷᠪᠤᠯᠵᠢᠯᠠᠬᠤ ᠪᠠᠷ ᠬᠦᠷᠬᠦ  ᠳᠤ᠂ ᠲᠡᠷᠡ ᠮᠠᠨᠢ ᠴᠠᠭᠠᠰᠤᠨ ᠬᠠᠶᠢᠴᠢᠮᠠᠯ ᠤᠨ ᠪᠦᠳᠦᠭᠡᠯ ᠤᠳ ᠢᠶᠠᠨ ᠲᠠᠨᠢᠯᠴᠠᠭᠤᠯᠵᠦ ᠦᠭᠬᠦᠯ᠎ᠡ᠃        ᠯᠦ ᠰᠠᠷᠠᠭᠤᠯ ᠬᠢᠩᠭᠠᠨ  ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠭᠦᠢᠯᠡᠷ ᠪᠠᠯᠭᠠᠰᠤᠨ ᠳᠤ ᠨᠤᠳᠤᠭᠲᠠᠢ᠃ ᠡᠨᠡ ᠵᠢᠯ 40 ᠨᠠᠰᠤᠲᠠᠢ ᠯᠤ᠋ ᠰᠠᠷᠠᠭᠤᠯ ᠴᠠᠭᠠᠰᠤᠨ ᠬᠠᠶᠢᠴᠢᠮᠠᠯ ᠤᠷᠤᠯᠳᠤᠭᠠᠳ ᠨᠢᠭᠡᠨᠳᠡ33 ᠵᠢᠯ ᠤᠨ ᠨᠢᠭᠤᠷ ᠢ ᠦᠵᠡᠯ᠎ᠡ᠃ ᠲᠡᠭᠦᠨ ᠤ ᠴᠠᠭᠠᠰᠤᠨ ᠬᠠᠶᠢᠴᠢᠮᠠᠯ ᠤᠨ ᠪᠦᠳᠦᠭᠡᠯ ᠨᠢ ᠤᠶᠢᠷ᠎ᠠ ᠬᠠᠪᠢ ᠶᠢᠨ ᠬᠦᠮᠦᠰ ᠤᠨ ᠬᠦᠷᠢᠶᠡᠯᠡᠯ ᠢ ᠤᠯᠵᠦ᠂ ᠪᠦᠳᠦᠭᠡᠯ ᠤᠳ ᠢ ᠨᠢᠭᠡᠳ ᠨᠢᠭᠡ ᠪᠠᠷ ᠤᠷᠪᠠᠭᠤᠯᠵᠦ ᠦᠵᠡᠪᠡᠯ ᠦᠯᠵᠡᠢ ᠪᠡᠯᠭᠡᠹᠦ ᠦᠰᠦᠭ᠂ ᠨᠢᠰᠴᠤ ᠪᠠᠶᠢᠭ᠎ᠠ ᠪᠢᠯᠵᠤᠤᠬᠠᠢ᠂ ᠲᠡᠯᠭᠡᠷᠡᠵᠦ ᠪᠠᠶᠢᠭ᠎ᠠ ᠬᠤᠸᠠᠷ ᠴᠡᠴᠡᠭ᠂ ᠠᠷᠪᠠᠨ ᠬᠤᠶᠠᠷ ᠵᠢᠯ ᠤᠨ ᠠᠮᠢᠳᠠ ᠁ ᠶᠡᠭᠡ ᠪᠠᠭ᠎ᠠ ᠨᠢ ᠠᠳᠠᠯᠢ ᠦᠭᠡᠢ᠂ ᠬᠡᠯᠪᠡᠷᠢ ᠲᠦᠷᠰᠦ ᠨᠢ ᠠᠳᠠᠯᠢ ᠪᠤᠰᠤ᠂  ᠠᠮᠢᠳᠤ ᠲᠦᠷᠰᠦᠯᠢᠭ ᠪᠠᠶᠢᠵᠦ᠂ ᠲᠡᠭᠦᠨ ᠤ ᠴᠠᠭᠠᠰᠤᠨ ᠬᠠᠶᠢᠴᠢᠮᠠᠯ ᠳᠤᠨᠢ ᠠᠮᠢᠳᠤᠷᠠᠯ ᠳᠠᠭᠠᠨ ᠬᠠᠶᠢᠷᠠᠲᠠᠢ ᠰᠡᠳᠭᠢᠯᠬᠡ ᠪᠦᠷᠢᠨ ᠲᠡᠯᠭᠡᠭᠳᠡᠨ᠎ᠡ᠃      ᠴᠠᠭᠠᠰᠤᠨ ᠬᠠᠶᠢᠴᠢᠮᠠᠯ  ᠤᠷᠠᠯᠠᠵᠦ ᠪᠦᠳᠦᠭᠡᠭᠰᠡᠨ30 ᠭᠠᠷᠤᠢ ᠵᠢᠯ ᠤᠨ ᠲᠤᠷᠰᠢ  ᠂ ᠯᠤ᠋ ᠰᠠᠷᠠᠭᠤᠯ ᠦᠷᠬᠦᠯᠵᠢ ᠠᠷᠠᠳ ᠤᠨ ᠲᠤᠮᠳᠠᠬᠢ ᠬᠠᠶᠢᠴᠢᠮᠠᠯ ᠤᠨ ᠪᠠᠭᠰᠢ ᠠᠴᠠ ᠮᠡᠷᠭᠡᠵᠢᠯ ᠰᠤᠷᠤᠯᠴᠠᠳᠠᠭ᠂ ᠪᠠᠰᠠ ᠰᠦᠯᠵᠢᠶᠡᠨ ᠳᠡᠭᠡᠷ᠎ᠡ ᠠᠴᠠ ᠴᠠᠭᠠᠰᠤᠨ ᠬᠠᠶᠢᠴᠢᠮᠠᠯ ᠤᠨ ᠬᠠᠮᠢᠶ᠎ᠠ ᠪᠦᠬᠦᠢ ᠮᠡᠳᠡᠯᠭᠡ ᠰᠤᠷᠳᠠᠭ᠃ ᠢᠩᠭᠢᠵᠦ ᠲᠡᠷᠡ ᠴᠠᠭᠠᠰᠤᠨ ᠬᠠᠶᠢᠴᠢᠮᠠᠯ ᠳᠤ ᠤᠯᠠᠮ ᠢᠶᠠᠷ ᠬᠠᠶᠢᠷᠠᠲᠠᠢ ᠪᠤᠯᠵᠦ᠂ ᠬᠠᠮᠤᠭ ᠠᠩᠬᠠᠨ ᠳᠤ ᠪᠤᠰᠤᠳ ᠢ ᠲᠠᠭᠤᠷᠢᠶᠠᠵᠦ ᠬᠠᠶᠢᠴᠢᠯᠠᠵᠦ ᠪᠠᠶᠢᠭᠰᠠᠨ ᠠᠴᠠ ᠪᠠᠨ ᠤᠳᠤ ᠦᠪᠡᠰᠦᠪᠡᠨ ᠵᠢᠷᠤᠮᠵᠦ᠋ ᠲᠦᠯᠦᠪᠯᠡᠨ᠂ ᠨᠠᠷᠢᠯᠢᠭ ᠰᠢᠨᠵᠢᠵᠦ ᠨᠢᠮᠪᠠᠢ ᠰᠤᠪᠡᠭᠴᠢᠯᠡᠬᠦ ᠪᠤᠯᠵᠦ᠂ ᠴᠠᠭᠠᠰᠤᠨ ᠬᠠᠶᠢᠴᠢᠮᠠᠯ ᠤᠨ ᠪᠦᠳᠦᠭᠡᠯ ᠨᠢᠭᠡᠪᠦᠷᠢ ᠨᠢ ᠠᠮᠢᠨ᠋ᠤ᠋ᠷᠲᠤ ᠲᠦᠷᠰᠦᠯᠢᠭ᠂ ᠤᠷᠤᠨ ᠨᠤᠳᠤᠭ ᠤᠨ ᠤᠨᠴᠠᠯᠢᠭ ᠲᠠᠢ ᠪᠤᠯᠵᠦ᠂ ᠮᠡᠷᠭᠡᠵᠢᠯ ᠨᠢ ᠴᠣ᠋ ᠡᠳᠦᠷ ᠠᠴᠠ ᠡᠳᠦᠷ ᠲᠡᠭᠡᠭᠰᠢᠯᠡᠵᠡᠢ᠃        ︽ᠪᠢ ᠨᠠᠰᠤᠨ ᠠᠴᠠ ᠪᠠᠨ ᠡᠬᠢᠯᠡᠨ ᠴᠠᠭᠠᠰᠤᠨ ᠬᠠᠶᠢᠴᠢᠮᠠᠯ ᠬᠢᠵᠦ ᠰᠤᠷᠪᠠ᠂ ᠪᠠᠭ᠎ᠠ ᠶᠢᠨ ᠦᠶ᠎ᠡ ᠳᠤ ᠡᠵᠢ ᠮᠢᠨᠢ ᠨᠤᠳᠤᠭ ᠲᠠᠭᠠᠨ ᠨᠡᠷᠡᠲᠡᠢ ᠴᠠᠭᠠᠰᠤᠨ ᠬᠠᠶᠢᠴᠢᠮᠠᠯ ᠤᠷᠠᠯᠠᠵᠦ ᠪᠦᠳᠦᠭᠡᠳᠡᠭ ᠤᠷᠠᠨ ᠬᠦᠮᠦᠨ ᠪᠠᠶᠢᠯ᠎ᠠ᠂ ᠵᠢᠯ ᠪᠦᠷᠢ ᠰᠢᠨᠡᠯᠡᠬᠦ ᠠᠴᠠ ᠡᠮᠦᠨ᠎ᠡ ᠬᠡᠳᠦᠨ ᠡᠳᠦᠷ ᠮᠠᠨ ᠤ ᠡᠵᠢ ᠪᠠᠷ ᠴᠤᠩᠬᠤᠨ ᠬᠤᠸᠠᠷ᠂ ᠦᠯᠵᠡᠢ ᠦᠰᠦᠭ ᠬᠠᠶᠢᠴᠢᠯᠠᠭᠤᠯᠳᠠᠭ ᠬᠦᠮᠦᠨ ᠮᠠᠰᠢ ᠤᠯᠠᠨ ᠪᠠᠶᠢᠳᠠᠭ᠂ ᠤᠷᠠᠯᠠᠵᠦ ᠬᠠᠶᠢᠴᠢᠯᠠᠭᠰᠠᠨ ᠪᠦᠳᠦᠭᠡᠯ ᠤᠳ ᠢ ᠨᠢ ᠬᠠᠷᠠᠭᠠᠳ ᠦᠪᠡᠷ ᠤᠨ ᠡᠷᠬᠡ ᠦᠭᠡᠢ ᠪᠠᠭ᠋ᠠᠷᠬᠠᠵᠦ᠂ ᠮᠦᠨ ᠲᠡᠷᠡ ᠴᠠᠭ ᠠᠴᠠ ᠡᠬᠢᠯᠡᠨ ᠪᠢ ᠴᠣ᠋ ᠴᠠᠭᠠᠰᠤᠨ ᠬᠠᠶᠢᠴᠢᠮᠠᠯ ᠬᠢᠵᠦ ᠰᠤᠷᠤᠭᠰᠠᠨ︾ ᠭᠡᠵᠦ ᠯᠤ᠋ ᠰᠠᠷᠠᠭᠤᠯ ᠰᠤᠷᠪᠤᠯᠵᠢᠯᠠᠭᠴᠢ ᠳᠤ ᠬᠡᠯᠡᠪᠡ᠃      ᠯᠤ᠋ ᠰᠠᠷᠠᠭᠤᠯ ᠤᠳᠤ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠬᠤᠷᠴᠢᠨ ᠪᠠᠯᠭᠠᠰᠤᠨ ᠤ ᠨᠢᠭᠡᠨ ᠨᠤᠮ ᠤᠨ ᠲᠡᠯᠭᠡᠭᠦᠷ ᠲᠤ ᠠᠵᠢᠯᠯᠠᠵᠦ ᠪᠤᠢ᠂ ᠲᠡᠭᠦᠨ  ᠤ ᠠᠪᠴᠤ ᠶᠠᠪᠤᠳᠠᠭ ᠳᠤᠨᠢ ᠤᠯᠠᠭᠠᠨ ᠴᠠᠭᠠᠰᠤ᠂ ᠪᠢᠷ ᠪᠠ ᠵᠢᠢᠭ ᠬᠠᠶᠢᠴᠢ ᠵᠦᠩᠳᠡᠬᠡᠨ ᠬᠠᠷᠠᠭᠳᠠᠳᠠᠭ᠂ ᠠᠵᠢᠯ ᠤᠨ ᠴᠢᠯᠦᠭᠡ ᠪᠠᠷ ᠢᠶᠠᠨ ᠴᠠᠭᠠᠰᠤᠨ ᠬᠠᠶᠢᠴᠢᠮᠠᠯ ᠤᠷᠠᠯᠠᠨ ᠪᠦᠳᠦᠭᠡᠵᠦ᠂ ᠲᠡᠭᠦᠨ ᠤ ᠪᠦᠳᠦᠭᠡᠯ ᠤᠳ ᠨᠢ ᠨᠤᠮ ᠠᠪᠬᠤ ᠪᠠᠷ ᠢᠷᠡᠳᠡᠭ ᠬᠡᠤᠬᠡᠳ ᠤᠨ ᠠᠩᠬᠠᠷᠤᠯ ᠢ ᠲᠠᠳᠠᠳᠠᠭ᠃      ᠤᠳᠤ ᠪᠤᠯᠳᠠᠯ᠎ᠠ ᠯᠤ᠋ ᠰᠠᠷᠠᠭᠤᠯ ᠨᠢᠭᠡᠨᠳᠡ 33 ᠱᠠᠪᠢ ᠲᠠᠢ ᠪᠤᠯᠪᠠ᠂ ᠪᠦᠷ ᠬᠡᠤᠬᠡᠨ ᠤ ᠬᠢᠨᠢ ᠬᠠᠮᠳᠤ ᠰᠤᠷᠤᠯᠭᠠᠳᠠᠨ ᠨᠢ ᠪᠤᠯᠤᠨ᠎ᠠ᠃ ︽ᠬᠡᠷᠪᠡ ᠬᠡᠤᠬᠡᠳ ᠤᠳ ᠴᠠᠭᠠᠰᠤᠨ ᠬᠠᠶᠢᠴᠢᠮᠠᠯ ᠰᠤᠷᠬᠤᠨ ᠲᠤᠷᠠᠲᠠᠢ ᠪᠤᠯ ᠪᠢ ᠲᠡᠳᠡᠨ ᠳᠤ ᠦᠨ᠎ᠡ ᠲᠦᠯᠦᠪᠦᠷᠢ ᠦᠭᠡᠢ ᠪᠠᠷ ᠵᠢᠭᠠᠵᠦ ᠦᠭᠭᠦᠨ᠎ᠡ︾ ᠭᠡᠵᠦ ᠯᠤ᠋ ᠰᠠᠷᠠᠭᠤᠯ ᠦᠷᠬᠦᠯᠵᠢ ᠬᠡᠯᠡᠳᠡᠭ᠃ ᠲᠡᠭᠦᠨ ᠤ ᠨᠦᠯᠦᠭᠡᠯᠡᠨ ᠲᠤᠤᠷ᠎ᠠ᠂ ᠬᠤᠶᠠᠷ ᠬᠡᠤᠬᠡᠨ ᠨᠢ ᠪᠠᠰᠠ ᠴᠠᠭᠠᠰᠤᠨ ᠬᠠᠶᠢᠴᠢᠮᠠᠯ ᠤᠨ ᠪᠦᠳᠦᠭᠡᠯ ᠨᠢ ᠪᠦᠬᠦ ᠤᠯᠤᠰ ᠤᠨ ᠰᠤᠷᠭᠠᠭᠤᠯᠢ ᠶᠢᠨ ᠬᠦᠷᠢᠶᠡᠨ ᠤ ᠰᠢᠨ᠎ᠡ ᠶᠢ ᠡᠭᠦᠳᠦᠨ ᠪᠦᠳᠦᠭᠡᠬᠦ ᠤᠷᠤᠯᠳᠤᠭᠠᠨ ᠳ᠋ᠠ ᠬᠤᠶᠠᠳᠤᠭᠠᠷ ᠭᠤᠷᠪᠠᠳᠤᠭᠠᠷ ᠲᠡᠰ ᠤᠨ ᠱᠠᠩᠨᠠᠯ ᠬᠦᠷᠡᠩᠳᠡᠵᠦ ᠦᠩᠭᠡᠷᠡᠵᠡᠢ  ᠃      ᠯᠤ᠋ ᠰᠠᠷᠠᠭᠤᠯ2020 ᠤᠨ ᠳᠤ ᠠᠶᠢᠮᠠᠭ ᠤᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠴᠠᠭᠠᠰᠤᠨ ᠬᠠᠶᠢᠴᠢᠮᠠᠯ ᠤᠨ ᠦᠪᠯᠡᠨ ᠵᠠᠯᠭᠠᠮᠵᠢᠯᠠᠭᠴᠢ ᠪᠠᠷ ᠦᠨᠡᠯᠡᠭᠳᠡᠭᠰᠡᠨ ᠤ ᠰᠡᠭᠦᠯᠡᠷ᠂ ᠦᠷᠬᠦᠯᠵᠢ ᠰᠤᠷᠭᠠᠭᠤᠯᠢ ᠶᠢᠨ ᠬᠦᠷᠢᠶᠡᠨ ᠳᠤ᠂ ᠨᠡᠶᠢᠭᠡᠮ ᠲᠤᠭᠤᠷᠢᠭ ᠲᠤ ᠬᠦᠷᠴᠤ ᠴᠠᠭᠠᠰᠤᠨ ᠬᠠᠶᠢᠴᠢᠮᠠᠯ ᠤᠨ ᠮᠡᠷᠭᠡᠵᠢᠯ ᠢ ᠤᠯᠠᠮᠵᠢᠯᠠᠨ᠂ ᠨᠡᠩ ᠤᠯᠠᠨ ᠬᠦᠮᠦᠰ ᠲᠤ ᠴᠠᠭᠠᠰᠤᠨ ᠬᠠᠶᠢᠴᠢᠮᠠᠯ ᠢ ᠲᠠᠨᠢᠵᠦ᠂ ᠤᠶᠢᠯᠠᠭᠠᠬᠤ᠂ ᠤᠯᠠᠮᠵᠢᠯᠠᠬᠤ ᠲᠤᠬᠢᠶᠠᠯ ᠬᠠᠩᠭᠠᠭᠰᠠᠨ ᠪᠠᠶᠢᠨ᠎ᠠ᠃ᠰᠤᠷᠪᠤᠯᠵᠢᠯᠠᠭᠴᠢ᠄ ᠲᠤᠳᠢ
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号