ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠭᠤᠤᠯ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/2
    5 ᠰᠠᠷ᠎ᠠ ᠶᠢᠨ 30 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠯᠢᠦ  ᠱᠦ ᠴᠧᠩ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠤᠨ ᠭᠤᠣᠯ ᠳᠤᠭᠤᠶᠢᠯᠠᠩ ᠤᠨ ᠰᠤᠷᠤᠯᠴᠠᠬᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠣᠳᠣᠬᠠᠨ ᠤ ᠠᠵᠤ ᠠᠬᠤᠶ ᠶᠢᠨ ᠪᠠᠶᠢᠳᠠᠯ ᠢ ᠰᠤᠳᠤᠯᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶᠠᠨ ᠤ ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ  ᠴᠢᠩᠭᠠᠳᠬᠠᠭᠰᠠᠨ ᠨᠢ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ᠂ ᠤᠯᠤᠰ ᠲᠦᠷᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠶᠢ ᠠᠬᠢᠭᠤᠯᠬᠤ ᠶᠠᠪᠤᠳᠠᠯ ᠢ ᠢᠮᠠᠭᠲᠠ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠦᠷᠭᠦᠯᠵᠢᠯᠡᠨ ᠭᠦᠨᠵᠡᠭᠡᠢ ᠰᠤᠷᠤᠯᠴᠠᠬᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠰᠤᠷᠤᠯᠴᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ︽ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠣᠨ︾ ᠢᠶᠠᠷ ᠠᠵᠠ ᠲᠣᠬᠢᠶᠠᠯ ᠪᠣᠯᠭᠠᠵᠤ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠦᠨ᠂ ᠡᠲᠡᠭᠡᠳ ᠤᠨ ᠢᠯᠭᠠᠯ ᠤᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠭᠡᠰᠢᠭᠦᠳ ᠤᠨ ᠠᠵᠢᠯᠯᠠᠬᠤ ᠲᠠᠰᠤᠭ ᠤᠨ ᠪᠠᠷᠢᠮᠵᠢᠶᠠᠵᠢᠭᠤᠯᠬᠤ ᠠᠬᠢᠴᠠ ᠶᠢ ᠲᠦᠷᠭᠡᠳᠬᠡᠨ᠂ ᠠᠶᠢᠮᠠᠭ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠤᠯᠪᠣᠭᠠᠯᠠᠨ ᠬᠥᠳᠡᠯᠦᠯᠴᠡᠬᠦ ᠶᠢ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠨ᠂ ᠴᠢᠨᠠᠷ ᠰᠠᠶᠢᠲᠠᠶ ᠡᠭᠦᠷᠭᠡ ᠲᠤᠰᠢᠶᠠᠯ ᠢᠶᠠᠨ  ᠭᠦᠢᠴᠡᠳᠭᠡᠬᠦ ᠪᠠᠷ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ  ᠦᠢᠯᠡᠴᠢᠯᠡᠬᠦ ᠬᠡᠷᠡᠭᠲᠡᠶ  ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号