ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠠ
ᠨᠡᠶᠢᠲᠡᠯᠡᠭᠰᠡᠨ ᠴᠠᠭ᠄
2023/6/2
  5 ᠳ᠋ᠤᠭᠠᠷ ᠰᠠᠷ᠎ᠠ ᠶᠢᠨ 30 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾ ᠤᠨ ᠬᠠᠮᠢᠶ᠎ᠠ ᠪᠥᠬᠦᠶ ᠠᠭᠤᠯᠭ᠎ᠠ ᠶᠢ ᠰᠤᠷᠤᠯᠴᠠᠬᠤ ᠪᠠ ᠰᠢ ᠶᠢᠨ ᠫᠢᠩ ᠶᠡᠷᠦᠩᠬᠡᠶ ᠱᠦᠵᠢ ᠶᠢᠨ ᠷᠠᠰᠢᠶᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠰᠦᠬᠡ᠂ ᠯᠢᠦ ᠱᠦ ᠴᠧᠩ ᠵᠡᠷᠭᠡ ᠠᠶᠢᠮᠠᠭ ᠤᠨ ᠤᠳᠤᠷᠢᠳᠤᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ᠲᠤᠰᠬᠠᠶ ᠲᠤᠰᠢᠶᠠᠯᠲᠠᠨ ᠰᠥᠩ ᠴᠧᠨ᠂ ᠵᠠᠩ ᠼᠦᠢ ᠫᠢᠩ ᠬᠤᠷᠠᠯ ᠳᠤ ᠣᠷᠣᠯᠴᠠᠵᠠᠶ᠃    ᠬᠤᠷᠠᠯ ᠠᠴᠠ  ᠵᠢᠭᠠᠵᠦ  ᠭᠠᠷᠭᠠᠭᠰᠠᠨ ᠨᠢ᠂ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠡᠷᠬᠡ ᠰᠦᠷᠲᠦ ᠵᠢᠭᠠᠬᠤ ᠮᠠᠲ᠋ᠧᠷᠢᠶᠠᠯ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠷᠠᠰᠢᠶᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠨᠢ ᠪᠢᠳᠡᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ ᠴᠢᠨᠠᠷᠲᠠᠢ ᠪᠥᠭᠡᠳ ᠤᠷᠳᠤ ᠬᠤᠭᠤᠴᠠᠭᠠᠨ ᠤ ᠴᠢᠨᠠᠷᠲᠠᠢ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠠᠶᠢᠮᠠᠭ ᠤᠨ ᠳᠡᠭᠡᠳᠦ ᠳᠣᠤᠷᠠᠳᠤ ᠱᠠᠲᠤᠨ ᠤ ᠬᠢᠨ ᠶᠡᠷᠦᠩᠬᠡᠶ ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ᠂ ᠪᠥᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂  ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠰᠤᠷᠤᠯᠴᠠᠵᠤ᠂  ᠂ ᠤᠬᠠᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠲᠡᠭᠦᠨ ᠢ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ᠂ ᠠᠵᠢᠯ ᠦᠢᠯᠡᠰ ᠤᠨ ᠬᠥᠭᠵᠢᠯᠲᠡ ᠶᠢ ᠳᠥᠯᠭᠢᠨ ᠠᠬᠢᠭᠤᠯᠬᠤ ᠠᠮᠢᠳᠤᠯᠢᠭ  ᠦᠢᠯᠡᠳᠦᠯᠭᠡ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠶ  ᠭᠡᠪᠡ᠃    ᠬᠤᠷᠠᠯ ᠠᠴᠠ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠳᠦᠬᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠬᠠᠮᠠᠭᠠᠯᠠᠬᠤ᠂ ᠵᠠᠰᠠᠬᠤ᠂ ᠬᠤᠪᠢᠷᠠᠭᠤᠯᠬᠤ ᠭᠤᠷᠪᠠᠨ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠩᠭᠠᠨ ᠠᠶᠢᠮᠠᠭ ᠤᠨ ᠡᠨᠡᠬᠦ ᠨᠣᠮᠢᠨ ᠨᠣᠭᠤᠭᠠᠨ᠂ ᠬᠥᠬᠡᠮᠳᠦᠭ᠂ ᠠᠷᠢᠭᠤᠨ ᠴᠡᠪᠡᠷ ᠢ ᠰᠠᠶᠢᠲᠤᠷ ᠬᠠᠮᠠᠭᠠᠯᠠᠬᠤ ᠬᠡᠷᠡᠭᠲᠡᠢ᠃ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠭᠤᠷᠪᠠᠨ  ᠨᠠᠶᠢᠷ ᠬᠤᠶᠠᠷ ᠬᠤᠷᠠᠯ ᠨᠢᠭᠡ ᠶᠠᠷᠢᠶᠠᠨ ᠤ ᠲᠠᠪᠴᠠᠩ︾ ᠵᠡᠷᠭᠡ ᠠᠵᠢᠯᠯᠠᠭ᠎ᠠ ᠶᠢ ᠪᠣᠳᠠᠲᠠᠢ ᠰᠠᠶᠢᠲᠤᠷ ᠠᠳᠬᠤᠵᠤ᠂ ᠵᠤᠭᠠᠴᠠᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠨᠠᠷᠢᠯᠢᠭ ᠰᠠᠶᠢᠬᠠᠨ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠴᠢᠬᠤᠯᠠ ᠵᠤᠭᠠᠴᠠᠯ ᠤᠨ ᠬᠠᠷᠠᠯᠲᠠ ᠶᠢᠨ ᠣᠷᠣᠨ ᠢ ᠬᠦᠴᠦᠯᠡᠨ ᠪᠦᠳᠦᠬᠡᠨ ᠪᠠᠶᠢᠭᠤᠯᠬᠤ ᠬᠡᠷᠡᠭᠲᠡᠢ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠡᠮ ᠡᠮᠨᠡᠯᠭᠡ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ︽ᠨᠢᠭᠡ ᠨᠠᠰᠤᠲᠠᠨ ᠨᠢᠭᠡ ᠬᠡᠦᠬᠡᠳ︾ ᠢ ᠬᠠᠯᠠᠮᠵᠢᠯᠠᠨ ᠦᠢᠯᠡᠴᠢᠯᠡᠬᠦ ᠶᠢ ᠴᠢᠩᠭᠠᠳᠬᠠᠬᠤ ᠬᠡᠷᠡᠭᠲᠡᠢ ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠢᠯᠡ ᠳᠦᠷᠦᠭᠳᠡᠯ ᠲᠠᠢ ᠪᠦᠲᠦᠮᠵᠢᠲᠡᠢ ᠰᠠᠶᠢᠲᠤᠷ ᠬᠢᠵᠦ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ︾ ᠤᠨ ᠡᠷᠬᠢᠮ ᠳᠡᠭᠡᠳᠦ ᠢᠷᠠᠭᠤ ᠠᠯᠳᠠᠷ ᠢ ᠨᠢᠮᠪᠠᠢ ᠬᠠᠮᠠᠭᠠᠯᠠᠵᠤ᠂ ︽ᠪᠦᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠭᠴᠠᠯᠠᠨ ᠪᠠᠶᠢᠭᠤᠯᠬᠤ ᠤᠬᠠᠮᠰᠠᠷ ᠤᠨ ᠵᠢᠱᠢᠶ᠎ᠡ ᠦᠵᠡᠭᠦᠯᠬᠦ ᠠᠶᠢᠮᠠᠭ︾ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠬᠤ ᠬᠡᠷᠡᠭᠲᠡᠢ᠃ ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠯ ᠤᠨ ᠭᠦᠨᠵᠡᠭᠡᠢ ᠬᠥᠭᠵᠢᠯᠲᠡ ᠶᠢ ᠠᠬᠢᠭᠤᠯᠵᠤ᠂ ᠴᠡᠷᠢᠭ ᠠᠩᠬᠢ ᠶᠢᠨ ᠪᠣᠳᠠᠲᠠᠢ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ︽ᠲᠡᠷᠢᠭᠦᠨ ᠤ ᠬᠢᠯᠢ ᠶᠢᠨ ᠬᠠᠮᠠᠭᠠᠯᠠᠯᠲᠠ ᠶᠢᠨ ᠱᠤᠭᠤᠮ︾ ᠤᠨ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ  ᠭᠡᠪᠡ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号