ᠪᠥᠬᠦ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/2
  5 ᠳ᠋ᠤᠭᠠᠷ ᠰᠠᠷ᠎ᠠ ᠶᠢᠨ 30 ᠤ ᠡᠳᠦᠷ᠂ ᠪᠥᠬᠦ ᠠᠶᠢᠮᠠᠭ ᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠳᠣᠭᠢᠷᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ  ᠵᠢᠭᠠᠵᠦ  ᠭᠠᠷᠭᠠᠭᠰᠠᠨ ᠨᠢ᠂ ᠠᠶᠤᠯᠭᠦᠢ ᠦᠢᠯᠡᠳᠪᠦᠷᠢᠯᠡᠯ ᠨᠢ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠪᠠᠶᠢᠭᠤᠯᠬᠤ ᠤᠯᠤᠰ ᠲᠦᠷᠦ ᠶᠢᠨ ᠦᠨᠳᠦᠷᠴᠡ ᠳᠤ ᠵᠣᠭᠰᠣᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂  ᠥᠴᠦᠬᠡᠨ ᠴᠦ ᠠᠯᠳᠠᠬᠤ ᠦᠭᠡᠢ ᠬᠡᠳᠤ ᠬᠠᠷᠢᠭᠤᠴᠠᠬᠤ ᠵᠣᠷᠢᠭ ᠰᠠᠨᠠᠭ᠎ᠠ ᠪᠠᠷ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠬᠦᠨᠳᠦ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ  ᠭᠡᠪᠡ᠃    ᠬᠤᠷᠠᠯ ᠠᠴᠠ  ᠴᠢᠬᠤᠯᠠᠴᠢᠯᠠᠭᠰᠠᠨ ᠨᠢ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠭᠤᠣᠯᠳᠠᠯᠭ᠎ᠠ ᠶᠢ ᠠᠳᠬᠤᠵᠤ᠂ ᠵᠠᠩᠭᠢᠯᠠᠭ᠎ᠠ ᠶᠢ ᠠᠳᠬᠤᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠪᠠᠶᠢᠴᠠᠭᠠᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠠᠵᠢᠯ ᠢ ᠤᠨᠢᠨ ᠳᠡᠭᠡᠷ᠎ᠡ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠪᠣᠳᠠᠲᠠᠶ ᠬᠠᠷᠢᠶᠠᠯᠠᠭᠳᠠᠬᠤ ᠭᠠᠵᠠᠷ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠥᠷᠥᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ︽ᠠᠶᠤᠯᠭᠦᠶ ᠦᠢᠯᠡᠳᠪᠦᠷᠢᠯᠡᠯ ᠤᠨ 15 ᠵᠤᠷᠪᠤᠰ ᠬᠠᠲᠠᠭᠤ ᠠᠷᠭ᠎ᠠ ᠬᠡᠮᠵᠢᠶ᠎ᠡ︾ ᠪᠠ ᠥᠪᠡᠷᠲᠡᠭᠡᠨ ᠵᠠᠰᠠᠬᠤ ᠣᠷᠣᠨ ᠤ 53 ᠵᠤᠷᠪᠤᠰ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨᠬᠦ ᠪᠠᠲᠤᠯᠠᠬᠤ ᠬᠡᠷᠡᠭᠲᠡᠶ  ᠭᠡᠪᠡ᠃    ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠵᠢᠶᠠᠩ ᠲᠢᠶᠠᠨ  ᠬᠤ᠋ ᠬᠤᠷᠠᠯ ᠳᠤ ᠣᠷᠣᠯᠴᠠᠪᠠ᠃
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号