ᠳ᠋ᠦᠩ ᠶᠠ ᠯᠢ᠄ ᠬᠥᠳᠡᠭᠡ ᠲᠣᠰᠬᠤᠨ ᠤ ᠵᠤᠭᠠᠴᠠᠯ ᠢ ᠬᠦᠭᠵᠢᠭᠦᠯᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/6/25
      ︽ᠬᠡᠷᠡᠭᠯᠡᠬᠦ ᠳᠤ ᠳᠥᠭᠦᠮ ᠠᠷᠤᠭ᠂ ᠴᠠᠭ ᠤᠨ ᠤᠷᠤᠰᠬᠠᠯ ᠢ ᠳᠠᠭᠠᠭᠰᠠᠨ ᠪᠣᠭᠴᠣ ᠁ ᠡᠳᠡᠭᠡᠷ ᠢ ᠴᠥᠮ ᠮᠠᠨ ᠤ ᠲᠤᠰᠬᠤᠨ ᠤ ᠠᠷᠠᠳ ᠦᠢᠯᠡᠳᠦᠭᠰᠡᠨ᠂ ᠡᠨᠡ ᠬᠦ ᠯᠠᠩᠭᠤᠸᠠ ᠶᠢ ᠡᠯᠪᠡᠭ ᠬᠤᠷᠢᠶᠠᠯᠲᠠ ᠶᠢᠨ ᠪᠠᠶᠠᠷ ᠲᠤ ᠵᠣᠷᠢᠭᠤᠯᠤᠨ ᠦᠢᠯᠡᠳᠦᠭᠰᠡᠨ᠂ ᠡᠳᠡᠭᠡᠷ ᠪᠤᠷᠭᠠᠰᠤᠨ ᠬᠦᠷᠦᠮᠡᠯ ᠤᠳ ᠢ ᠨᠠᠭᠠᠰᠢ ᠴᠠᠭᠠᠰᠢ ᠵᠣᠷᠴᠢᠭᠴᠢᠳ ᠬᠤᠶᠢᠨ᠎ᠠ ᠬᠤᠶᠢᠨ᠎ᠠ ᠠᠴᠠ ᠪᠠᠨ ᠰᠡᠭᠦᠳᠡᠷ ᠲᠠᠲᠠᠵᠤ ᠳᠤᠷᠠᠰᠬᠠᠯ ᠦᠯᠡᠳᠡᠭᠡᠳᠡᠭ︾᠃ ᠣᠶᠢᠷ᠎ᠠ ᠳᠤ᠂ ᠰᠤᠷᠪᠤᠯᠵᠢᠯᠠᠭᠴᠢ ᠷᠠᠰᠢᠶᠠᠨ ᠬᠤᠲᠠ ᠶᠢᠨ ᠮᠢᠩ ᠱᠦᠶ ᠾᠧ ᠪᠠᠯᠭᠠᠰᠤᠨ ᠤ ᠰᠢ ᠺᠸᠦ ᠲᠣᠰᠬᠤᠨ ᠤ ᠪᠤᠷᠭᠠᠰᠤᠨ ᠭᠦᠷᠦᠮᠡᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠭᠡᠯ ᠤᠨ ᠭᠠᠵᠠᠷ ᠢᠶᠠᠷ ᠬᠦᠷᠬᠦ ᠳᠤ᠂ ᠦᠢᠯᠡᠳᠭᠡᠯ ᠤᠨ ᠭᠠᠵᠠᠷ ᠤᠨ ᠬᠠᠷᠢᠭᠤᠴᠠᠯᠭᠠᠲᠠᠨ᠂ ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠪᠤᠷᠭᠠᠰᠣᠨ ᠭᠦᠷᠦᠮᠡᠯ ᠤᠨ ᠲᠥᠯᠥᠭᠡᠯᠡᠬᠦ ᠴᠢᠨᠠᠷᠲᠠᠶ ᠵᠠᠯᠭᠠᠮᠵᠢᠯᠠᠭᠴᠢ ᠳ᠋ᠦᠩ ᠶᠠ ᠯᠢ ᠨᠢᠭᠡ ᠲᠠᠯ᠎ᠠ ᠪᠠᠷ ᠲᠡᠭᠦᠨ ᠤ ᠨᠠᠶᠢᠵᠠ ᠨᠠᠷ ᠲᠠᠢ ᠪᠠᠨ ᠪᠤᠷᠭᠠᠰᠤᠨ ᠭᠦᠷᠦᠮᠡᠯ ᠤᠨ ᠪᠦᠲᠦᠭᠡᠭᠳᠡᠬᠦᠨ ᠢᠶᠠᠨ ᠦᠢᠯᠡᠳᠬᠦ ᠪᠠᠷ ᠶᠠᠭᠠᠷᠠᠯᠳᠤᠵᠤ᠂ ᠨᠥᠭᠦᠭᠡ ᠲᠠᠯ᠎ᠠ ᠪᠠᠷ ᠰᠤᠷᠪᠤᠯᠵᠢᠯᠠᠭᠴᠢ ᠳᠤ ᠪᠤᠷᠭᠠᠰᠤᠨ ᠭᠦᠷᠦᠮᠡᠯ ᠤᠨ ᠬᠥᠳᠡᠭᠡ ᠲᠣᠰᠬᠤᠨ ᠤ ᠵᠤᠭᠠᠴᠠᠯ ᠳᠤ ᠠᠪᠴᠢᠷᠠᠭᠰᠠᠨ ᠬᠤᠪᠢᠷᠠᠯᠲᠠ ᠶᠢ ᠶᠠᠷᠢᠵᠤ ᠥᠭᠪᠡ᠃ ᠥᠩᠭᠡᠷᠡᠭᠰᠡᠨ ᠳᠤ ᠨᠢᠭᠡ ᠦᠶ᠎ᠡ ᠰᠢ ᠺᠧᠦ ᠶᠢᠨ ᠪᠤᠷᠭᠠᠰᠤᠨ ᠭᠦᠷᠦᠮᠡᠯ ᠤᠨ ᠲᠤᠬᠠᠶ ᠶᠠᠷᠢᠬᠤ ᠳᠤ᠂ ᠳᠡᠷᠡ ᠲᠡᠭᠦᠨ ᠤ ᠤᠯᠠᠮᠵᠢᠯᠠᠭᠳᠠᠨ ᠬᠥᠭᠵᠢᠬᠦ ᠶᠢᠨ ᠲᠥᠯᠥᠭᠡ ᠦᠷᠭᠦᠯᠵᠢ ᠰᠠᠨᠠᠭ᠎ᠠ ᠵᠣᠪᠠᠳᠠᠭ ᠪᠠᠶᠢᠪᠠ᠃ ᠳ᠋ᠦᠩ ᠶᠠ ᠯᠢ ᠬᠠᠷᠢᠨ ᠪᠤᠷᠭᠠᠰᠤᠨ ᠭᠦᠷᠦᠮᠡᠯ ᠤᠨ ᠰᠣᠶᠣᠯ ᠤᠨ ᠷᠢᠳᠢ ᠰᠢᠳᠢ ᠶᠢ ᠢᠯᠡᠷᠡᠭᠦᠯᠦᠭᠰᠡᠨ ᠪᠥᠭᠡᠳ ᠰᠤᠷᠤᠯᠴᠠᠬᠤ ᠪᠠ ᠪᠣᠯᠪᠠᠰᠤᠷᠠᠬᠤ ᠶᠢ ᠪᠠᠷᠢᠮᠲᠠᠯᠠᠵᠤ᠂ ᠡᠴᠦᠰ ᠲᠡᠭᠡᠨ ᠪᠤᠷᠭᠠᠰᠤᠨ ᠭᠦᠷᠦᠮᠡᠯ ᠤᠨ ᠤᠷ᠎ᠠ ᠮᠡᠷᠭᠡᠵᠢᠯ ᠤᠨ ᠳᠥᠷᠪᠡᠳᠦᠭᠡᠷ ᠦᠶ᠎ᠡ ᠶᠢᠨ ᠵᠠᠯᠭᠠᠮᠵᠢᠯᠠᠭᠴᠢ ᠪᠣᠯᠤᠭᠰᠠᠨ ᠪᠠᠶᠢᠨ᠎ᠠ᠃ ᠠᠳᠠᠯᠢᠬᠠᠨ ᠬᠤᠳᠠ ᠶᠢᠨ ᠲᠡᠰ ᠤᠨ ᠤᠳᠤᠮᠰᠢᠯ ᠤᠨ ᠪᠤᠰᠤ ᠵᠠᠯᠭᠠᠮᠵᠢᠯᠠᠭᠴᠢ ᠯᠢᠦ ᠯᠢ ᠬᠤᠸᠠ ᠶᠢᠨ ᠰᠠᠭᠤᠭᠳᠠᠯ ᠳᠤ᠄ ︽ᠰᠢ ᠺᠧᠦ ᠲᠣᠰᠬᠤᠨ ᠤ ᠠᠮᠢ ᠠᠬᠤᠢ ᠣᠷᠴᠢᠨ ᠲᠣᠭᠤᠷᠢᠨ ᠣᠨᠴᠠᠭᠠᠢ ᠰᠠᠶᠢᠨ᠂ ᠪᠤᠷᠭᠠᠰᠤᠨ ᠭᠦᠷᠦᠮᠡᠯ ᠤᠨ ᠲᠦᠭᠦᠬᠡᠢ ᠮᠠᠲ᠋ᠧᠷᠢᠶᠠᠯ ᠤᠨ ᠢᠷᠡᠯᠳᠡ ᠴᠦ ᠮᠠᠰᠢ ᠥᠷᠭᠡᠨ ᠪᠣᠯᠪᠠᠴᠤ ᠲᠤᠬᠠᠢ ᠶᠢᠨ ᠦᠶ᠎ᠡ ᠶᠢᠨ ᠪᠤᠷᠭᠠᠰᠤᠨ ᠭᠦᠷᠦᠮᠡᠯ ᠤᠨ ᠪᠦᠲᠦᠭᠡᠭᠳᠡᠬᠦᠨ ᠢ ᠭᠤᠣᠯᠳᠠᠭᠤ ᠥᠪᠡᠷ ᠤᠨ ᠭᠡᠷ ᠲᠡᠭᠡᠨ ᠬᠡᠷᠡᠭᠯᠡᠵᠦ᠂ ᠬᠤᠳᠠᠯᠳᠤᠵᠤ ᠭᠠᠷᠭᠠᠬᠤ ᠪᠤᠶᠤ ᠠᠵᠤ ᠦᠢᠯᠡᠰ ᠤᠨ ᠪᠦᠲᠦᠭᠡᠭᠳᠡᠬᠦᠨ ᠪᠣᠯᠭᠠᠶ᠎ᠠ ᠭᠡᠵᠦ ᠪᠤᠳᠤᠵᠤ ᠥᠩᠭᠡᠷᠡᠭᠰᠡᠨ ᠦᠭᠡᠢ ᠁︾ ᠭᠡᠵᠦ ᠰᠤᠷᠪᠤᠯᠵᠢᠯᠠᠭᠴᠢ ᠳᠤ ᠬᠡᠯᠡᠪᠡ᠃ ᠰᠢ ᠺᠧᠦ ᠲᠣᠰᠬᠤᠨ ᠤ ᠪᠤᠷᠭᠠᠰᠤᠨ ᠭᠦᠷᠦᠮᠡᠯ ᠤᠨ ᠦᠢᠯᠡᠰ ᠤᠨ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠡᠨᠡᠬᠦ ᠤᠷ᠎ᠠ ᠮᠡᠷᠭᠡᠵᠢᠯ ᠢ ᠨᠡᠩ ᠰᠠᠶᠢᠲᠤᠷ ᠤᠯᠠᠮᠵᠢᠯᠠᠬᠤ ᠶᠢᠨ ᠲᠥᠯᠥᠭᠡ᠂ ᠮᠥᠨ ᠴᠦ ᠠᠵᠤ ᠦᠢᠯᠡᠰ ᠤᠨ ᠬᠡᠯᠪᠡᠷᠢ ᠪᠠᠷ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠲᠠᠶᠢᠴᠢᠯᠠᠬᠤ ᠶᠢᠨ ᠲᠥᠯᠥᠭᠡ᠂ ᠰᠣᠶᠣᠯ ᠪᠠ ᠵᠤᠭᠠᠴᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠳ᠋ᠦᠩ ᠶᠠ ᠯᠢ 2021 ᠣᠨ ᠳᠤ ᠪᠤᠷᠭᠠᠰᠤᠨ ᠭᠦᠷᠦᠮᠡᠯ ᠤᠨ ᠦᠢᠯᠡᠳᠬᠡᠯ ᠤᠨ ᠭᠠᠵᠠᠷ ᠢ ᠪᠠᠶᠢᠭᠤᠯᠵᠤ᠂ ᠡᠯ᠎ᠡ ᠲᠦᠷᠦᠯ ᠤᠨ ᠲᠤᠰᠬᠠᠢ ᠮᠡᠷᠭᠡᠵᠢᠯ ᠤᠨ ᠠᠵᠢᠯᠳᠠᠨ ᠢ 23 ᠵᠣᠬᠢᠶᠠᠨ ᠪᠠᠶᠢᠭᠤᠯᠵᠤ᠂ ᠪᠤᠷᠭᠠᠰᠤᠨ ᠭᠦᠷᠦᠮᠡᠯ ᠢ ᠪᠣᠷᠣᠯᠠᠭᠤᠯᠬᠤ᠂ ᠦᠢᠯᠡᠳᠬᠦ ᠪᠠᠷ ᠭᠤᠣᠯ ᠲᠦᠷᠦᠯ ᠵᠦᠢᠯ ᠪᠤᠯᠭᠠᠵᠠᠢ᠃ ᠡᠭᠦᠨ ᠤ ᠵᠡᠷᠭᠡ ᠳᠤ᠂ ᠭᠠᠳᠠᠭᠰᠢ ᠭᠠᠷᠴᠤ ᠦᠨᠡᠨ ᠨᠣᠮ ᠤᠩᠰᠢᠬᠤ᠂ ᠪᠤᠷᠭᠠᠰᠤᠨ ᠭᠦᠷᠦᠮᠡᠯ ᠤᠨ ᠲᠤᠰᠬᠠᠶ ᠮᠡᠷᠭᠡᠵᠢᠯᠲᠡᠨ ᠪᠠᠭᠰᠢ ᠶᠢ ᠤᠷᠢᠵᠤ ᠪᠣᠯᠪᠠᠰᠤᠷᠠᠯ ᠤᠨ ᠠᠩᠭᠢ ᠡᠷᠭᠢᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠮᠡᠷᠭᠡᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠨᠠᠩ ᠣᠯᠠᠨ ᠣᠯᠠᠨ ᠲᠦᠮᠡᠨ ᠢ ᠪᠤᠷᠭᠠᠰᠤᠨ ᠭᠦᠷᠦᠮᠡᠯ ᠤᠨ ᠮᠡᠷᠭᠡᠵᠢᠯ ᠳᠤ ᠣᠷᠣᠯᠴᠠᠭᠤᠯᠬᠤ ᠪᠠ ᠡᠵᠡᠮᠰᠢᠭᠦᠯᠵᠡᠢ᠃ ᠣᠳᠣᠬᠠᠨ ᠳᠤ᠂ ᠭᠤᠤᠯᠳᠠᠯᠭ᠎ᠠ ᠲᠠᠢ ᠲᠡᠳᠬᠦᠬᠦ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠵᠢᠷᠤᠭ ᠲᠥᠯᠥᠪᠯᠡᠭᠡ ᠶᠢᠨ ᠳᠡᠭᠡᠭᠰᠢᠯᠡᠯᠲᠡ ᠪᠠᠷ ᠳᠡᠮᠵᠢᠨ᠂ ᠰᠢ ᠺᠧᠦ ᠲᠣᠰᠬᠤᠨ ᠤ ᠪᠤᠷᠭᠠᠰᠤᠨ ᠭᠦᠷᠦᠮᠡᠯ ᠤᠨ ᠤᠷ᠎ᠠ ᠮᠡᠷᠭᠡᠵᠢᠯ ᠨᠢ ᠠᠮᠢᠵᠢᠷᠠᠯ ᠤᠨ ᠬᠦᠴᠦᠨ ᠢᠶᠠᠨ ᠰᠡᠷᠭᠦᠭᠡᠵᠦ᠂ ᠰᠢᠭᠤᠳ ᠪᠤᠶᠤ ᠳᠠᠮ ᠢᠶᠠᠷ 360 ᠭᠠᠷᠤᠶ ᠬᠥᠮᠦᠨ ᠢ ᠳᠠᠶᠢᠴᠢᠯᠠᠨ ᠡᠷᠦᠬᠡ ᠪᠦᠷᠢ ᠶᠢᠨ ᠳᠤᠮᠳᠠᠴᠢ ᠣᠷᠣᠯᠭ᠎ᠠ ᠶᠢᠨ ᠨᠡᠮᠡᠭᠳᠡᠯ ᠢ 12000 ᠲᠥᠭᠦᠷᠢᠭ ᠪᠣᠯᠭᠠᠵᠠᠶ᠃ ︽ᠪᠢᠳᠡ ︿ᠪᠣᠳᠠᠰ ᠤᠨ ᠪᠤᠰᠤ ᠰᠣᠶᠣᠯ ᠤᠨ ᠥᠪ + ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ﹀ ︿ᠪᠣᠳᠠᠰ ᠤᠨ ᠪᠤᠰᠤ ᠰᠣᠶᠣᠯ ᠤᠨ ᠥᠪ + ᠵᠤᠭᠠᠴᠠᠯ﹀ ︿ᠪᠣᠳᠠᠰ ᠤᠨ ᠪᠤᠰᠤ ᠰᠣᠶᠣᠯ ᠤᠨ ᠥᠪ + ᠰᠣᠶᠣᠯ ᠤᠨ ᠡᠭᠦᠳᠦᠯᠲᠡ﹀ ᠵᠡᠷᠭᠡ ᠲᠠᠯ᠎ᠠ ᠪᠠᠷ ᠵᠣᠬᠢᠬᠤ ᠬᠥᠭᠵᠢᠯᠲᠡ ᠲᠠᠢ ᠪᠣᠯᠵᠣ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠨᠠᠩ ᠣᠯᠠᠨ ᠬᠥᠮᠦᠰ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠯ ᠤᠨ ᠵᠠᠮ ᠢᠶᠠᠷ ᠬᠦᠳᠦᠯᠦᠭᠰᠡᠨ ᠪᠠᠶᠢᠨ᠎ᠠ ᠁︾ ᠰᠠᠶ᠋ᠢᠬᠠᠨ ᠬᠢᠩᠭᠠᠨ ᠠᠶᠢᠮᠠᠭ ᠤᠨ ︽ᠬᠥᠳᠡᠭᠡ ᠲᠣᠰᠬᠤᠨ ᠤ ᠵᠤᠭᠠᠴᠠᠯ ᠤᠨ ᠬᠠᠮᠤᠭ ᠤᠨ ᠭᠤᠶᠣ ᠡᠮᠡᠭᠲᠡᠶ ᠡᠵᠡᠨ︾ ᠢᠶᠠᠷ ᠦᠨᠡᠯᠡᠭᠳᠡᠭᠰᠡᠨ ᠳ᠋ᠦᠩ ᠶᠠ ᠯᠢ ᠰᠤᠷᠪᠤᠯᠵᠢᠯᠠᠭᠴᠢ ᠳᠤ ᠪᠣᠳᠠᠰ ᠤᠨ ᠪᠤᠰᠤ ᠰᠣᠶᠣᠯ ᠤᠨ ᠥᠪ ᠤᠨ ᠪᠤᠷᠭᠠᠰᠤᠨ ᠭᠦᠷᠦᠮᠡᠯ ᠤᠨ ᠢᠷᠡᠭᠡᠳᠦᠶ ᠶᠢᠨ ᠬᠥᠭᠵᠢᠯᠲᠡ ᠶᠢᠨ ᠲᠤᠬᠠᠢ ᠲᠠᠶᠢᠯᠪᠤᠷᠢᠯᠠᠨ᠎ᠠ
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号