ᠵᠠᠩ ᠰᠢᠶᠤᠤ ᠪᠢᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/6/25
    ᠶᠡᠷᠦᠩᠬᠡᠢ ᠱᠦᠵᠢ   ᠰᠢ ᠶᠢᠨ ᠫᠢᠩ  ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 6 ᠰᠠᠷ᠎ᠠ ᠶᠢᠨ 19 ᠤ ᠡᠳᠦᠷ᠂ ᠠᠶᠢᠮᠠᠭ ᠤᠨ ᠨᠠᠮ ᠤᠨ  ᠬᠤᠷᠢᠶ᠎ᠠ ᠶᠢᠨ ᠱᠦᠵᠢ ᠵᠠᠩ ᠰᠢᠶᠤᠤ ᠪᠢᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠬᠦᠷᠴᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠤᠨ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠪᠠᠬᠢᠵᠢᠭᠦᠯᠪᠡ᠃    ᠵᠠᠩ ᠰᠢᠶᠤᠤ ᠪᠢᠩ ᠬᠡᠯᠡᠬᠦ ᠳᠡᠭᠡᠨ᠂ ᠬᠢᠩᠭᠠᠨ ᠠᠶᠢᠮᠠᠭ ᠨᠢ ᠨᠠᠮ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠲᠥᠷᠥ ᠶᠢᠨ ᠪᠣᠳᠣᠯᠭ᠎ᠠ ᠶᠢᠨ ᠬᠠᠮᠤᠭ ᠤᠨ ᠡᠷᠲᠡᠨ ᠤ  ᠦᠢᠯᠡᠳᠦᠯᠭᠡ ᠶᠢᠨ ᠭᠠᠵᠠᠷ ᠪᠣᠯᠤᠭᠰᠠᠨ ᠤ ᠬᠤᠪᠢ ᠳᠤ ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠣᠯ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠤᠭ ᠤᠨ ᠶᠡᠭᠡ ᠠᠰᠢᠭ ᠲᠤᠰᠠ ᠪᠠ ᠬᠠᠮᠲᠤ ᠶᠢᠨ ᠬᠠᠷᠢᠭᠤᠴᠠᠯᠭ᠎ᠠ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠪᠣᠯᠤᠨ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠭᠠᠵᠤ᠂ ᠡᠨᠡᠬᠦ ᠭᠤᠣᠯ ᠱᠤᠭᠤᠮ ᠤᠨ ᠲᠣᠭᠤᠷᠢᠨ ᠳᠤ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠲᠥᠰᠦᠪᠯᠡᠨ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠬᠤ ᠶᠢ ᠠᠩᠬᠠᠷᠴᠤ᠂ ︽ᠭᠤᠷᠪᠠᠨ ᠰᠠᠯᠵᠤ ᠴᠢᠳᠠᠬᠤ ᠦᠭᠡᠢ︾  ᠶᠢᠨ ᠦᠵᠡᠯ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠶᠡᠭᠡ ᠪᠠᠷ ᠲᠦᠭᠡᠮᠡᠯᠵᠢᠭᠦᠯᠵᠦ᠂ ᠨᠡᠩ ᠤᠯᠠᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠤᠳᠤᠯ ᠰᠡᠳᠬᠢᠯ ᠢᠶᠠᠨ ᠨᠢᠭᠡᠳᠬᠡᠵᠦ᠂ ᠬᠠᠮᠲᠤ ᠠᠵᠢᠯᠯᠠᠬᠤ ᠠᠮᠢᠳᠤᠯᠢᠭ ᠦᠵᠡᠭᠳᠡᠯ ᠢ ᠡᠭᠦᠳᠴᠦ᠂ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ᠃ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠲᠡᠷᠢᠭᠦᠨ ᠤ ᠬᠢᠯᠢ ᠶᠢᠨ ᠬᠠᠮᠠᠭᠠᠯᠠᠯᠲᠠ ᠶᠢᠨ ᠱᠤᠭᠤᠮ︾ ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠪᠦᠯᠬᠦᠮᠳᠡᠨ ᠬᠢᠯᠢ ᠬᠢᠵᠠᠭᠠᠷ ᠣᠷᠣᠨ ᠢ ᠬᠠᠮᠠᠭᠠᠯᠠᠬᠤ᠂ ᠬᠢᠯᠢ ᠬᠢᠵᠠᠭᠠᠷ ᠣᠷᠣᠨ ᠢ ᠲᠣᠭᠲᠠᠭᠤᠨ ᠪᠠᠶᠢᠯᠭᠠᠬᠤ ᠶᠢ ᠪᠠᠲᠤᠯᠠᠬᠤ᠂ ᠰᠠᠭᠤᠷᠢ ᠪᠠᠷ ᠬᠢᠯᠢ ᠬᠢᠵᠠᠭᠠᠷ ᠣᠷᠣᠨ ᠢ ᠪᠠᠬᠢᠵᠢᠭᠦᠯᠬᠦ᠂ ᠠᠵᠤ ᠦᠢᠯᠡᠰ ᠢᠶᠠᠷ ᠬᠢᠯᠢ ᠬᠢᠵᠠᠭᠠᠷ ᠣᠷᠣᠨ ᠢ ᠬᠥᠭᠵᠢᠭᠦᠯᠬᠦ ︽ᠲᠦᠷᠪᠡᠨ ᠵᠦᠢᠯ ᠤᠨ ᠢᠨᠵᠧᠨᠧᠷᠢᠩ︾ ᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠦᠴᠦ ᠪᠠᠨ ᠬᠠᠮᠲᠤᠳᠬᠠᠨ ᠬᠢᠯᠢ ᠬᠢᠵᠠᠭᠠᠷ ᠣᠷᠣᠨ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ ᠲᠣᠭᠲᠠᠴᠠ ᠶᠢ ᠭᠦᠨᠵᠡᠭᠡᠶᠢᠷᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ᠬᠥᠭᠵᠢᠯᠲᠡ ᠪᠠᠷ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠲᠦᠯᠬᠢᠭᠦᠷ ᠪᠣᠯᠭᠠᠵᠤ᠂ ᠦᠨᠳᠦᠰᠦᠲᠡᠨ ᠤ ᠤᠨᠴᠠᠯᠢᠬᠳᠤ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠵᠤ᠂  ᠬᠦᠷᠢᠶ᠎ᠡ ᠬᠠᠰᠢᠶᠠᠨ ᠤ ᠠᠵᠤ ᠠᠬᠤᠢ ᠶᠢ ᠴᠢᠨᠠᠷ ᠰᠠᠶᠢᠲᠠᠢ ᠬᠥᠭᠵᠢᠭᠦᠯᠵᠦ᠂ ᠬᠢᠯᠢ ᠬᠢᠵᠠᠭᠠᠷ ᠣᠷᠣᠨ ᠤ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠲᠠᠶᠢᠴᠢᠯᠠᠨ ᠪᠦᠯᠬᠦᠮᠳᠡᠨ ᠲᠡᠮᠡᠴᠡᠵᠦ᠂ ᠬᠠᠮᠲᠤᠪᠠᠷ ᠪᠠᠶᠠᠵᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠡᠨᠡᠬᠦ ᠰᠠᠭᠤᠷᠢ ᠴᠢᠨᠠᠷᠲᠠᠢ ᠠᠵᠢᠯ ᠢ ᠰᠠᠶᠢᠲᠤᠷ ᠠᠳᠬᠤᠵᠤ᠂ ᠨᠡᠶᠢᠭᠡᠮ ᠤᠨ ᠵᠠᠰᠠᠯᠲᠠ ᠪᠣᠯᠤᠨ ᠦᠢᠯᠡᠴᠢᠯᠡᠭᠡᠨ ᠤ ᠭᠤᠣᠯᠳᠠᠯᠭ᠎ᠠ ᠶᠢ ᠦᠨᠳᠦᠰᠦᠨ ᠱᠠᠲᠤᠨ ᠳᠤ ᠰᠢᠯᠵᠢᠭᠦᠯᠬᠦ ᠶᠢ ᠠᠬᠢᠭᠤᠯᠵᠤ᠂ ᠵᠠᠰᠠᠭ ᠤᠨ ᠣᠷᠳᠣᠨ ᠤ ᠵᠠᠰᠠᠯᠲᠠ ᠪᠣᠯᠤᠨ ᠨᠡᠶᠢᠭᠡᠮ ᠤᠨ ᠵᠣᠬᠢᠴᠠᠭᠤᠯᠭ᠎ᠠ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠰᠠᠶᠢᠨ ᠦᠢᠯᠡᠳᠦᠯᠴᠡᠯ ᠢ ᠪᠡᠶᠡᠯᠡᠭᠦᠯᠵᠦ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠮᠦᠨ ᠪᠦᠬᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠬᠡᠷᠡᠭᠲᠡᠢ ᠭᠡᠪᠡ᠃    ᠯᠢ ᠭᠦᠸᠧ ᠬᠤᠩ᠂ ᠰᠦᠨ ᠰᠢᠩ ᠢᠦᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号