ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠲᠤᠰᠬᠠᠢ ᠰᠡᠳᠦᠪᠲᠦ ᠬᠤᠷᠠᠯ ᠬᠢᠵᠡᠢ
ᠨᠡᠶᠢᠲᠡᠯᠡᠭᠰᠡᠨ ᠴᠠᠭ᠄
2023/6/25
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠠ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠷᠠᠰᠢᠶᠠᠨ ᠬᠤᠳᠠ ᠶᠢᠨ ᠰᠢᠨ ᠴᠧᠩ ᠵᠡᠭᠡᠯᠢ ᠶᠢᠨ ᠰᠧᠨᠸᠠᠩ ᠨᠡᠶᠢᠭᠡᠮ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠰᠬᠠᠢ ᠰᠡᠳᠦᠪᠲᠦ ᠬᠤᠷᠠᠯ ᠢ ᠥᠷᠨᠢᠭᠦᠯᠪᠡ᠃ ᠲᠣᠰ ᠤᠳᠠᠭᠠᠨ ᠤ ᠬᠤᠷᠠᠯ ᠨᠢ ᠭᠤᠤᠯᠳᠠᠭᠤ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ ︽ᠬᠢᠩᠭᠠᠨ ᠠᠶᠢᠮᠠᠭ ᠤᠨ ᠪᠥᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠲᠤᠬᠠᠢ ᠮᠡᠳᠡᠪᠡᠰᠤ ᠵᠣᠬᠢᠬᠤ ᠭᠠᠷ ᠳᠡᠪᠲᠡᠷ︾ ᠵᠡᠷᠭᠡ ᠠᠭᠤᠯᠭ᠎ᠠ ᠶᠢ ᠪᠥᠬᠦ ᠲᠠᠯ᠎ᠠ ᠪᠠᠷ ᠲᠠᠶᠢᠯᠪᠤᠷᠢᠯᠠᠪᠠ᠃ ᠡᠭᠦᠨ ᠤ ᠬᠠᠮᠲᠤ ᠮᠡᠳᠡᠯᠭᠡ ᠶᠢᠨ ᠰᠢᠯᠭᠠᠯᠲᠠ ᠵᠢᠴᠢ ᠠᠰᠠᠭᠤᠯᠲᠠ ᠬᠠᠷᠢᠭᠤᠯᠲᠠ ᠶᠢᠨ ᠭᠤᠭᠴᠤᠭ᠎ᠠ ᠶᠢ ᠵᠣᠬᠢᠶᠠᠨ ᠪᠠᠶᠢᠭᠤᠯᠪᠠ᠃ ᠲᠤᠰ ᠤᠳᠠᠭᠠᠨ ᠤ ᠲᠤᠰᠬᠠᠶ ᠰᠡᠳᠦᠪᠲᠦ ᠬᠤᠷᠠᠯᠳᠤᠭᠠᠨ ᠢᠶᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠺᠠᠳ᠋ᠷᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠬᠠᠶ ᠦᠵᠡᠯ ᠰᠠᠨᠠᠭ᠎ᠠ ᠲᠠᠨᠢᠯᠲᠠ ᠶᠢ ᠳᠡᠭᠡᠭᠰᠢᠯᠡᠭᠦᠯᠵᠡᠶ᠃ ᠳᠠᠷᠠᠭᠠᠴᠢ ᠶᠢᠨ ᠠᠯᠬᠤᠮ ᠳᠤ᠂ ᠰᠧᠨᠸᠠᠩ ᠨᠡᠶᠢᠭᠡᠮ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠡᠨᠡᠬᠦ ᠭᠤᠣᠯ ᠰᠢᠵᠢᠮ ᠢ ᠴᠢᠩᠭ᠎ᠠ ᠠᠳᠬᠤᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠰᠤᠷᠤᠯᠴᠠᠵᠤ᠂ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠳᠤᠮᠳᠠᠳᠤ ᠶᠢᠨ ᠰᠣᠶᠣᠯ ᠢ ᠤᠯᠠᠨ ᠢᠶᠠᠷ ᠢᠶᠠᠨ ᠰᠤᠷᠤᠯᠴᠠᠬᠤ᠂ ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠦᠨᠡᠨ ᠬᠦ ᠤᠯᠠᠨ ᠲᠦᠮᠡᠨ ᠤ ᠳᠤᠮᠳᠠ ᠭᠦᠨᠵᠡᠭᠡᠶᠢᠷᠡᠭᠦᠯᠦᠨ᠎ᠡ᠃
 
ᠢᠷᠡᠯᠲᠡ᠄ ᠷᠠᠰᠢᠶᠠᠨ ᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号