ᠯᠢᠨ ᠬᠠᠶ ᠵᠡᠭᠡᠯᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠬᠠᠢ ᠤᠬᠠᠭᠤᠯᠭ᠎ᠠ ᠥᠷᠨᠢᠭᠦᠯᠵᠡᠢ
ᠨᠡᠶᠢᠲᠡᠯᠡᠭᠰᠡᠨ ᠴᠠᠭ᠄
2023/6/25
 ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ    ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠂ ᠦᠨᠳᠦᠰᠦᠲᠡᠨ ᠨᠦᠭᠦᠳ ᠡᠶ᠎ᠡ ᠨᠠᠶᠢᠷᠲᠠᠶ ᠪᠠᠷ ᠬᠠᠮᠲᠤ ᠣᠷᠣᠰᠢᠬᠤ᠂ ᠡᠶ᠎ᠡ ᠵᠣᠬᠢᠴᠠᠯ ᠲᠠᠢ ᠬᠠᠷᠢᠯᠴᠠᠨ ᠠᠭᠤᠰᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠡᠮᠬᠢ ᠵᠢᠷᠤᠮ ᠲᠠᠢ ᠥᠷᠨᠢᠬᠦ ᠶᠢ ᠢᠳᠡᠪᠬᠢᠲᠡᠶ ᠠᠬᠢᠭᠤᠯᠬᠤ ᠶᠢᠨ ᠲᠦᠯᠦᠭᠡ᠂ ᠷᠠᠰᠢᠶᠠᠨ ᠬᠤᠳᠠ ᠶᠢᠨ ᠯᠢᠨ ᠬᠠᠶ ᠵᠡᠭᠡᠯᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠪᠠᠷ ᠲᠣᠬᠢᠶᠠᠯ ᠪᠣᠯᠭᠠᠨ᠂ ᠬᠠᠷᠢᠶ᠎ᠠ ᠣᠷᠣᠨ ᠤ ᠬᠡᠤᠬᠡᠳ ᠢ ᠵᠣᠬᠢᠶᠠᠨ ᠪᠠᠶᠢᠭᠤᠯᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ︾ ᠪᠠᠷ ᠭᠤᠤᠯ ᠰᠡᠳᠦᠪ ᠪᠣᠯᠭᠠᠭᠰᠠᠨ ᠠᠵᠢᠯᠯᠠᠭ᠎ᠠ ᠦᠷᠨᠢᠭᠦᠯᠪᠡ᠃    ᠲᠤᠰ ᠠᠵᠢᠯᠯᠠᠭ᠎ᠠ ᠳᠤ ᠬᠠᠷᠢᠶ᠎ᠠ ᠣᠷᠣᠨ ᠤ ᠪᠠᠨ 8 ᠠᠴᠠ 13 ᠨᠠᠰᠤᠨ ᠤ ᠵᠠᠯᠠᠭᠤᠴᠤᠳ ᠪᠠᠭᠠᠴᠤᠳ ᠢ ᠴᠤᠭᠯᠠᠭᠤᠯᠵᠤ᠂ ᠰᠣᠨᠢᠨ ᠤ ᠪᠦᠲᠦᠭᠡᠯ ᠢ ᠭᠠᠷ ᠢᠶᠠᠷ ᠬᠠᠭᠤᠯᠤᠨ ᠴᠤᠭᠯᠠᠭᠤᠯᠬᠤ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠵᠠᠯᠠᠭᠤᠴᠤᠳ ᠪᠠᠭᠠᠴᠤᠳ ᠤᠨ ᠰᠡᠳᠬᠢᠯ ᠤᠨ ᠭᠦᠨ ᠳᠤ ᠬᠠᠳᠠᠩᠰᠢᠭᠤᠯᠵᠠᠢ᠃ ᠲᠣᠰ ᠤᠳᠠᠭᠠᠨ ᠤ ᠠᠵᠢᠯᠯᠠᠭ᠎ᠠ ᠳᠤ ᠵᠠᠯᠠᠭᠤᠴᠤᠳ ᠪᠠᠭᠠᠴᠤᠳ ᠢᠮᠧᠯ᠂ ᠸᠢᠴᠠᠲ ᠵᠡᠷᠭᠡ ᠠᠷᠭ᠎ᠠ ᠮᠠᠶ᠋ᠢᠭ ᠢᠶᠠᠷ ᠰᠠᠨᠠᠭᠠᠴᠢᠯᠠᠭ᠎ᠠ ᠠᠴᠠ ᠪᠠᠨ ᠨᠡᠷ᠎ᠡ ᠮᠡᠳᠡᠭᠦᠯᠦᠨ ᠣᠷᠣᠯᠴᠠᠵᠤ᠂ ᠪᠦᠲᠦᠭᠡᠯ ᠢᠶᠠᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠳᠡᠯᠭᠡᠨ ᠦᠵᠡᠭᠦᠯᠵᠡᠢ᠃ ᠤᠷᠠᠨ ᠪᠦᠲᠦᠭᠡᠯ ᠢ ᠳᠡᠯᠭᠡᠨ ᠦᠵᠡᠭᠦᠯᠬᠦ ᠪᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠤᠨ ᠨᠡᠶᠢᠭᠡᠮ ᠲᠣᠭᠤᠷᠢᠭ ᠤᠨ ᠠᠵᠢᠯᠯᠠᠭ᠎ᠠ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠭᠰᠡᠨ ᠢᠶᠠᠷ ᠪᠠᠷᠠᠬᠤ ᠦᠭᠡᠶ᠂ ᠵᠠᠯᠠᠭᠤᠴᠤᠳ ᠪᠠᠭᠠᠴᠤᠳ ᠲᠤ ᠨᠢᠭᠡ ᠤᠳᠠᠭᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠢᠯᠡᠳᠦᠯᠭᠡ ᠶᠢᠨ ᠬᠥᠮᠦᠵᠢᠯ ᠬᠢᠭᠰᠡᠨ ᠪᠠᠶᠢᠨ᠎ᠠ᠃  
 
ᠢᠷᠡᠯᠲᠡ᠄ ᠷᠠᠰᠢᠶᠠᠨ ᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号