ᠢ ᠬᠤᠸᠠᠨ ᠼᠦᠢ ᠨᠡᠶᠢᠭᠡᠮ ᠲᠣᠭᠤᠷᠢᠭ ᠤᠨ ᠬᠢᠨ ︽ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ︾ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2023/6/25
   ᠭᠡᠷ ᠪᠦᠯᠢ ᠶᠢᠨ ᠬᠦᠴᠦᠷᠬᠡᠭᠯᠡᠯ ᠢ ᠰᠡᠷᠭᠡᠶᠢᠯᠡᠨ ᠬᠤᠷᠢᠭᠯᠠᠵᠤ᠂ ᠭᠡᠷ ᠪᠦᠯᠢ ᠶᠢᠨ ᠪᠦᠷᠢᠯᠳᠦᠭᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠡᠷᠬᠡ ᠲᠡᠭᠰᠢ᠂ ᠡᠶ᠎ᠡ ᠨᠠᠶᠢᠷᠲᠠᠢ᠂ ᠪᠣᠯᠪᠠᠰᠤᠨ ᠭᠡᠷ ᠪᠦᠯᠢ ᠶᠢᠨ ᠬᠠᠷᠢᠴᠠᠭ᠎ᠠ ᠶᠢ ᠬᠠᠮᠠᠭᠠᠯᠠᠵᠤ᠂ ᠭᠡᠷ ᠪᠦᠯᠢ ᠶᠢᠨ ᠡᠶ᠎ᠡ ᠵᠣᠬᠢᠴᠠᠯ᠂ ᠨᠡᠶᠢᠭᠡᠮ ᠤᠨ ᠲᠣᠭᠲᠠᠭᠤᠨ ᠢ ᠠᠬᠢᠭᠤᠯᠬᠤ ᠪᠠᠷ ᠣᠶᠢᠷ᠎ᠠ ᠳᠤ᠂ ᠤᠯᠠᠭᠠᠨᠬᠤᠳᠠ ᠶᠢᠨ ᠢ ᠬᠤᠸᠠᠨ ᠼᠦᠢ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠬᠤᠯᠪᠤᠭ᠎ᠠ ᠠᠴᠠ ︽ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ︾ ᠤᠬᠠᠭᠤᠯᠭ᠎ᠠ ᠠᠵᠢᠯᠯᠠᠭ᠎ᠠ ᠥᠷᠨᠢᠭᠦᠯᠪᠡ᠃    ᠤᠬᠠᠭᠤᠯᠤᠨ ᠲᠠᠶᠢᠯᠪᠤᠷᠢᠯᠠᠬᠤ ᠳᠤᠮᠳᠠ ᠫᠢᠩ ᠠᠨ ᠮᠠ ᠮᠠ᠂ ᠬᠠᠷᠢᠶ᠎ᠠ ᠣᠷᠣᠨ ᠤ ᠪᠠᠨ ᠰᠠᠭᠤᠭᠠᠯᠢ ᠠᠷᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ᠵᠡᠷᠭᠡ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠵᠤ᠂ ᠣᠯᠠᠨ ᠲᠦᠮᠡᠨ ᠳᠤ ᠭᠡᠷ ᠪᠦᠯᠢ ᠶᠢᠨ ᠬᠦᠴᠦᠷᠬᠡᠭᠯᠡᠯ ᠤᠨ ᠤᠬᠠᠭᠳᠠᠬᠤᠨ ᠵᠢᠴᠢ ᠭᠡᠷ ᠪᠦᠯᠢ ᠶᠢᠨ ᠬᠦᠴᠦᠷᠬᠡᠭᠯᠡᠯ ᠤᠨ ᠬᠤᠪᠢ ᠬᠥᠮᠥᠨ᠂ ᠭᠡᠷ ᠪᠦᠯᠢ ᠵᠢᠴᠢ ᠨᠡᠶᠢᠭᠡᠮ ᠳᠤ ᠤᠴᠠᠷᠠᠭᠤᠯᠤᠭᠰᠠᠨ ᠬᠦᠨᠳᠦ ᠨᠣᠴᠢᠲᠠᠢ ᠬᠤᠣᠷ ᠬᠥᠨᠥᠭᠡᠯ ᠢ ᠲᠦᠭᠡᠮᠡᠯᠵᠢᠭᠦᠯᠦᠭᠰᠡᠨ ᠪᠠᠶᠢᠨ᠎ᠠ᠃ ᠡᠭᠦᠨ ᠤ ᠬᠠᠮᠲᠤ ᠡᠮᠡᠭᠲᠡᠶᠢᠴᠦᠳ ᠤᠨ ᠲᠠᠯ᠎ᠠ ᠠᠴᠠ ᠳᠡᠷᠭᠡᠳᠡᠬᠢ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠰᠠᠭᠤᠭᠠᠯᠢ ᠠᠷᠠᠳ ᠲᠤ ᠡᠷ᠎ᠡ ᠡᠮ᠎ᠡ ᠶᠢᠨ ᠬᠠᠷᠢᠴᠠᠭ᠎ᠠ᠂ ᠬᠠᠳᠠᠮ ᠡᠬᠡ ᠬᠦᠤ ᠪᠡᠷᠢ ᠶᠢᠨ ᠬᠠᠷᠢᠴᠠᠭ᠎ᠠ ᠶᠢ ᠬᠡᠷᠬᠢᠨ ᠰᠠᠶᠢᠲᠤᠷ ᠰᠢᠢᠳᠪᠦᠷᠢᠯᠡᠬᠦ ᠵᠡᠷᠭᠡ ᠶᠢ ᠲᠠᠶᠢᠯᠪᠤᠷᠢᠯᠠᠵᠤ ᠦᠭᠬᠦ ᠶᠢᠨ ᠬᠠᠮᠲᠤ ᠭᠡᠷ ᠪᠦᠯᠢ ᠶᠢᠨ ᠬᠦᠴᠦᠷᠬᠡᠭᠯᠡᠯ ᠢ ᠬᠡᠷᠬᠢᠨ ᠰᠡᠷᠭᠡᠶᠢᠯᠡᠬᠦ᠂ ᠭᠡᠷ ᠪᠦᠯᠢ ᠶᠢᠨ ᠬᠦᠴᠦᠷᠬᠡᠭᠯᠡᠯ ᠳᠤ ᠤᠴᠠᠷᠠᠭᠰᠠᠨ ᠤ ᠳᠠᠷᠠᠭ᠎ᠠ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠡᠷᠬᠢᠨ ᠬᠠᠮᠠᠭᠠᠯᠠᠬᠤ ᠵᠡᠷᠭᠡ ᠠᠰᠠᠭᠤᠳᠠᠯ ᠤᠨ ᠲᠠᠯ᠎ᠠ ᠪᠠᠷ᠂ ᠥᠷᠭᠡᠨ ᠤᠯᠠᠨ ᠲᠦᠮᠡᠨ ᠢ ᠦᠪᠡᠷ ᠤᠨ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠲᠠᠢ ᠪᠣᠯᠭᠠᠵᠤ᠂ ᠭᠡᠷ ᠪᠦᠯᠢ ᠶᠢᠨ ᠬᠦᠴᠦᠷᠬᠡᠭᠯᠡᠯ ᠡᠭᠦᠰᠬᠦ ᠦᠶ᠎ᠡ ᠳᠤ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠤᠷᠢᠶᠠᠯᠠᠪᠠ᠃    ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠣᠯᠠᠨ ᠲᠦᠮᠡᠨ ᠤ ᠭᠡᠷ ᠪᠦᠯᠢ ᠶᠢᠨ ᠬᠦᠴᠦᠷᠬᠡᠭᠯᠡᠯ ᠤᠨ ᠲᠤᠬᠠᠢ ᠤᠶᠢᠯᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠵᠠᠢ᠃ ᠪᠠᠰᠠ ᠰᠠᠭᠤᠭᠠᠯᠢ ᠠᠷᠠᠳ ᠲᠤ ᠭᠡᠷ ᠪᠦᠯᠢ ᠶᠢᠨ ᠬᠦᠴᠦᠷᠬᠡᠭᠯᠡᠯ ᠪᠣᠯ ᠭᠡᠷ ᠤᠨ ᠶᠠᠪᠤᠳᠠᠯ ᠪᠢᠰᠢ᠂ ᠬᠠᠷᠢᠨ ᠬᠠᠤᠯᠢ ᠶᠢ ᠵᠥᠷᠢᠴᠡᠭᠰᠡᠨ ᠦᠶ᠋ᠯᠡ ᠠᠵᠢᠯᠯᠠᠭ᠎ᠠ ᠮᠥᠨ ᠭᠡᠳᠡᠭ ᠢ ᠲᠠᠨᠢᠭᠤᠯᠵᠤ᠂ ᠡᠶ᠎ᠡ ᠵᠣᠬᠢᠴᠠᠯ ᠲᠠᠢ ᠨᠡᠶᠢᠭᠡᠮ ᠨᠡᠶᠢᠳᠡ᠂ ᠵᠣᠯ ᠵᠢᠷᠭᠠᠯᠲᠤ ᠭᠡᠷ ᠪᠦᠯᠢ ᠶᠢ ᠪᠦᠲᠦᠭᠡᠨ ᠪᠠᠶᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠵᠠᠢ᠃  
 
ᠢᠷᠡᠯᠲᠡ᠄ ᠤᠯᠠᠭᠠᠨᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号