ᠤᠯᠠᠭᠠᠨᠬᠠᠳᠠ ᠪᠠᠯᠭᠠᠰᠤ ᠦᠨᠳᠦᠰᠦᠲᠡᠨ ᠱᠠᠰᠢᠨ ᠰᠤᠷᠲᠠᠬᠤᠨ ᠤ ᠠᠵᠢᠯ ᠤᠨ ᠲᠥᠷᠥ ᠶᠢᠨ ᠪᠣᠳᠣᠯᠭ᠎ᠠ ᠣᠨᠣᠯ ᠤᠨ ᠮᠡᠳᠡᠯᠭᠡ ᠶᠢ ᠰᠠᠶᠢᠳᠤᠷ ᠰᠤᠷᠤᠯᠴᠠᠵᠠᠢ
ᠨᠡᠶᠢᠲᠡᠯᠡᠭᠰᠡᠨ ᠴᠠᠭ᠄
2023/6/25
    ᠦᠨᠳᠦᠰᠦᠲᠡᠨ᠂ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢᠨ ᠣᠨᠣᠯ ᠤᠨ ᠰᠤᠷᠤᠯᠴᠠᠯᠭ᠎ᠠ ᠶᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠰᠠᠭᠤᠷᠢ ᠶᠢ ᠪᠠᠲᠤᠳᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠵᠤ᠂ ᠪᠠᠶᠢᠭᠤᠯᠭ᠎ᠠ ᠶᠢᠨ ᠺᠠᠳ᠋ᠷᠴᠤᠳ ᠤᠨ ᠨᠠᠮ ᠪᠠ ᠤᠯᠤᠰ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ᠂ ᠱᠠᠰᠢᠨ ᠰᠤᠷᠲᠠᠬᠤᠨ ᠤ ᠠᠵᠢᠯ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ ᠤᠶᠢᠷ᠎ᠠ ᠳᠤ᠂ ᠤᠯᠠᠭᠠᠨᠬᠠᠳᠠ ᠪᠠᠯᠭᠠᠰᠤ ᠪᠥᠬᠦ ᠪᠠᠶᠢᠭᠤᠯᠭ᠎ᠠ ᠶᠢᠨ ᠺᠠᠳ᠋ᠷᠴᠤᠳ ᠢ ᠵᠣᠬᠢᠶᠠᠨ ᠪᠠᠶᠢᠭᠤᠯᠵᠤ ᠦᠨᠳᠦᠰᠦᠲᠡᠨ᠂ ᠱᠠᠰᠢᠨ ᠰᠤᠷᠲᠠᠬᠤᠨ ᠤ ᠠᠵᠢᠯ ᠤᠨ ᠲᠥᠷᠥ ᠶᠢᠨ ᠪᠣᠳᠣᠯᠭ᠎ᠠ ᠶᠢᠨ ᠣᠨᠣᠯ ᠤᠨ ᠮᠡᠳᠡᠯᠭᠡ ᠶᠢ ᠲᠥᠪᠯᠡᠷᠡᠭᠦᠯᠦᠨ ᠰᠤᠷᠤᠯᠴᠠᠭᠤᠯᠪᠠ᠃    ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠮᠠ ᠰᠢᠨ ᠸᠧᠢ ᠤᠯᠠᠨ ᠢ ᠳᠠᠭᠠᠭᠤᠯᠤᠨ ᠶᠡᠷᠦᠩᠬᠡᠢ ᠱᠦᠵᠢ ᠰᠢ ᠶᠢᠨ ᠫᠢᠩ ᠤᠨ 2021 ᠣᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ 2021 ᠣᠨ ᠤ ᠪᠦᠬᠦ ᠤᠯᠤᠰ ᠤᠨ ᠱᠠᠰᠢᠨ ᠰᠤᠷᠲᠠᠬᠤᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠬᠢᠩᠭᠠᠨ ᠠᠶᠢᠮᠠᠭ ᠤᠨ ᠪᠦᠬᠦ ᠤᠯᠤᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠵᠢᠱᠢᠶ᠎ᠡ ᠦᠵᠡᠭᠦᠯᠬᠦ ᠠᠶᠢᠮᠠᠭ ᠤᠨ ᠮᠡᠳᠡᠪᠡᠰᠤ ᠵᠣᠬᠢᠬᠤ ᠭᠠᠷ ᠳᠡᠪᠲᠡᠷ︾ ᠵᠡᠷᠭᠡ ᠶᠢ ᠲᠥᠪᠯᠡᠷᠡᠭᠦᠯᠦᠨ ᠰᠤᠷᠤᠯᠴᠠᠵᠠᠢ᠃ ᠮᠠ ᠰᠢᠨ ᠸᠧᠢ᠂ ᠪᠥᠬᠦ ᠪᠠᠯᠭᠠᠰᠤᠨ ᠤ ᠺᠠᠳ᠋ᠷ ᠠᠵᠢᠯᠲᠠᠨ ᠠᠵᠢᠯᠴᠢᠨ ᠦᠨᠳᠦᠰᠦᠲᠡᠨ᠂ ᠱᠠᠰᠢᠨ ᠰᠤᠷᠲᠠᠬᠤᠨ ᠤ ᠣᠨᠣᠯ ᠤᠨ ᠰᠤᠷᠤᠯᠴᠠᠯᠭ᠎ᠠ ᠶᠢ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠥᠪᠡᠷᠲᠡᠭᠡᠨ ᠰᠤᠷᠤᠯᠴᠠᠬᠤ ᠶᠢ ᠥᠷᠭᠡᠨ ᠭᠦᠨᠵᠡᠭᠡᠢ ᠥᠷᠨᠢᠭᠦᠯᠵᠦ᠂ ᠦᠨᠳᠦᠰᠦᠲᠡᠨ ᠱᠠᠰᠢᠨ ᠰᠤᠷᠲᠠᠬᠤᠨ ᠤ ᠣᠨᠣᠯ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠡᠳᠦᠷ ᠲᠤᠲᠤᠮ ᠤᠨ ᠠᠵᠢᠯ ᠠᠮᠢᠳᠤᠷᠠᠯ ᠳᠤᠮᠳᠠ ᠪᠠᠨ ᠲᠤᠭᠤᠰᠢᠯᠠᠭᠤᠯᠤᠨ᠂ ᠠᠵᠢᠯ ᠤᠨ ᠬᠤᠪᠢᠶᠠᠷᠢᠯᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠨᠡᠨ ᠬᠦ ᠰᠠᠶᠢᠨ ᠶᠠᠪᠤᠳᠠᠯ᠂ ᠪᠣᠳᠠᠲᠠᠢ ᠶᠠᠪᠤᠳᠠᠯ ᠬᠢᠵᠦ ᠥᠭᠬᠦ ᠬᠡᠷᠡᠭᠲᠡᠢ ᠭᠡᠵᠤ ᠴᠢᠬᠤᠯᠠᠴᠢᠯᠠᠵᠠᠢ᠃ ᠰᠤᠷᠤᠯᠴᠠᠯᠭ᠎ᠠ ᠪᠠᠷ ᠳᠠᠮᠵᠢᠨ᠂ ᠥᠷᠭᠡᠨ ᠣᠯᠠᠨ ᠺᠠᠳ᠋ᠷ ᠠᠵᠢᠯᠲᠠᠨ ᠤ ᠦᠨᠳᠦᠰᠦᠲᠡᠨ ᠤ ᠠᠵᠢᠯ᠂ ᠱᠠᠰᠢᠨ ᠰᠤᠷᠲᠠᠬᠤᠨ ᠤ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠ ᠣᠶᠢᠯᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃ ᠳᠠᠷᠠᠭᠠᠴᠢ ᠶᠢᠨ ᠠᠯᠬᠤᠮ ᠳᠤ᠂ ᠤᠯᠠᠭᠠᠨᠬᠠᠳᠠ ᠪᠠᠯᠭᠠᠰᠤ ᠶᠢᠨ ᠬᠢᠨ ᠦᠨᠳᠦᠰᠦᠲᠡᠨ᠂ ᠱᠠᠰᠢᠨ ᠰᠤᠷᠲᠠᠬᠤᠨ ᠤ ᠠᠵᠢᠯ ᠤᠨ ᠲᠦᠷᠦ ᠶᠢᠨ ᠪᠣᠳᠣᠯᠭ᠎ᠠ ᠶᠢᠨ ᠤᠨᠤᠯ ᠤᠨ ᠮᠡᠳᠡᠯᠭᠡ ᠶᠢᠨ ᠰᠤᠷᠤᠯᠴᠠᠯᠭ᠎ᠠ ᠶᠢ ᠦᠷᠭᠦᠯᠵᠢᠯᠡᠨ ᠪᠠᠶᠢᠩᠭᠤᠵᠢᠭᠤᠯᠤᠨ ᠥᠷᠨᠢᠭᠦᠯᠵᠦ᠂ ᠦᠵᠡᠯ ᠰᠠᠨᠠᠭᠠᠨ ᠤ ᠰᠠᠭᠤᠷᠢ ᠶᠢ ᠪᠠᠲᠤᠳᠬᠠᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠳᠤ ᠶᠢᠨ ᠲᠠᠨᠢᠯᠳᠠ︾ ᠶᠢ ᠥᠷᠭᠡᠨ ᠤᠯᠠᠨ ᠺᠠᠳ᠋ᠷ ᠤᠯᠠᠨ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠦᠨ᠎ᠡ᠃  
 
ᠢᠷᠡᠯᠲᠡ᠄ ᠤᠯᠠᠭᠠᠨᠬᠠᠳᠠ  ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号