ᠱᠧᠩᠯᠢ ᠵᠡᠭᠡᠯᠢ 12345 ᠬᠠᠯᠠᠮᠰᠢᠯ ᠤᠲᠠᠰᠤᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/25
   ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ 12345 ᠬᠠᠯᠠᠮᠰᠢᠯ ᠤᠲᠠᠰᠤᠨ ᠤ ᠠᠵᠢᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠠᠵᠢᠯ ᠤᠨ ᠬᠠᠭᠤᠳᠠᠰᠤ ᠶᠢ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠬᠤ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠤᠶᠢᠷ᠎ᠠ ᠳᠤ᠂ ᠤᠯᠠᠭᠠᠨᠬᠤᠳᠠ ᠶᠢᠨ ᠱᠧᠩᠯᠢ ᠵᠡᠭᠡᠯᠢ 12345 ᠬᠠᠯᠠᠮᠰᠢᠯ ᠤᠲᠠᠰᠤᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠵᠡᠭᠡᠯᠢ ᠶᠢᠨ ᠤᠳᠤᠷᠢᠳᠬᠤ ᠪᠠᠭ᠂ ᠡᠯ᠎ᠡ ᠨᠡᠶᠢᠭᠡᠮ ᠲᠣᠭᠤᠷᠢᠭ ᠤᠨ ᠱᠦᠵᠢ ᠬᠤᠷᠠᠯ ᠳᠤ ᠣᠷᠣᠯᠴᠠᠪᠠ᠃ ᠬᠤᠷᠠᠯ ᠠᠴᠠ ᠣᠶᠢᠷ᠎ᠠ ᠶᠢᠨ ᠬᠤᠭᠤᠴᠠᠭᠠᠨ ᠤ 12345 ᠬᠠᠯᠠᠮᠰᠢᠯ ᠤᠲᠠᠰᠤᠨ ᠤ ᠠᠵᠢᠯ ᠢ ᠬᠤᠷᠢᠶᠠᠩᠭᠤᠶᠢᠯᠠᠨ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ᠄ ᠨᠢᠭᠡ ᠳᠤ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠬᠤ ᠬᠡᠷᠡᠭᠳᠡᠢ᠃ ᠡᠯ᠎ᠡ ᠨᠡᠶᠢᠭᠡᠮ ᠲᠣᠭᠤᠷᠢᠭ ᠨᠢ ᠠᠵᠢᠯ ᠤᠨ ᠬᠠᠭᠤᠳᠠᠰᠤ ᠶᠢ ᠣᠯᠣᠭᠰᠠᠨ ᠤ ᠳᠠᠷᠠᠭ᠎ᠠ ᠨᠠᠷᠢᠨ ᠬᠢᠨᠠᠮᠠᠭᠠᠢ ᠰᠤᠳᠤᠯᠤᠨ ᠵᠠᠳᠠᠯᠵᠤ᠂ ᠭᠤᠮᠣᠳᠠᠯ ᠲᠣᠭᠠᠴᠢᠭᠴᠢ ᠲᠠᠢ ᠴᠠᠭ ᠲᠤᠬᠠᠢ ᠳᠤᠨᠢ ᠬᠠᠷᠢᠯᠴᠠᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠲᠣᠭᠲᠠᠭᠠᠨ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠠᠵᠢᠯᠲᠠᠨ ᠢ ᠵᠣᠬᠢᠶᠠᠨ ᠪᠠᠶᠢᠭᠤᠯᠤᠨ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠬᠤ ᠶᠢᠨ ᠬᠠᠮᠲᠤ ᠦᠷ᠎ᠡ ᠳ᠋ᠦᠩ ᠢ ᠭᠤᠮᠣᠳᠠᠯ ᠲᠣᠭᠠᠴᠢᠭᠴᠢ ᠳᠤ ᠬᠠᠷᠢᠭᠤ ᠲᠤᠰᠬᠠᠬᠤ ᠬᠡᠷᠡᠭᠲᠡᠢ᠃ ᠰᠢᠢᠳᠪᠦᠷᠢᠯᠡᠬᠦ ᠶᠠᠪᠤᠴᠠ ᠳᠤ ︽ᠬᠤᠶᠠᠷ ᠢ ᠵᠣᠯᠭᠠᠭᠤᠯᠬᠤ︾ ᠪᠠ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠬᠤ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠬᠤᠶᠠᠷ ᠲᠤ ᠪᠦᠲᠦᠮᠵᠢᠲᠡᠶ ᠪᠠᠷ ᠰᠢᠢᠳᠪᠦᠷᠢᠯᠡᠬᠦ ᠬᠡᠷᠡᠭᠳᠡᠢ᠃ ᠡᠯ᠎ᠡ ᠨᠡᠶᠢᠭᠡᠮ ᠲᠣᠭᠤᠷᠢᠭ ᠨᠢ ᠰᠢᠨ᠎ᠡ ᠠᠵᠢᠯ ᠤᠨ ᠬᠠᠭᠤᠳᠠᠰᠤ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠴᠠᠭ ᠲᠤᠬᠠᠢ ᠳᠤᠨᠢ ᠭᠦᠢᠴᠡᠳᠬᠡᠵᠦ ᠳᠠᠭᠤᠰᠬᠠᠨ᠂ ᠬᠦᠴᠢᠷ ᠲᠦᠪᠡᠭᠲᠡᠢ ᠠᠵᠢᠯ ᠤᠨ ᠬᠠᠭᠤᠳᠠᠰᠤ ᠶᠢ ᠪᠦᠲᠦᠮᠵᠢᠲᠡᠶ ᠰᠢᠢᠳᠪᠦᠷᠢᠯᠡᠬᠦ ᠶᠢ ᠠᠬᠢᠭᠤᠯᠵᠤ᠂ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠦᠷ᠎ᠡ ᠪᠦᠲᠦᠮᠵᠢ ᠪᠠ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠃ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠬᠤ ᠤᠳᠤᠷᠢᠳᠤᠯᠭ᠎ᠠ ᠨᠢ ᠬᠠᠯᠠᠮᠰᠢᠯ ᠤᠲᠠᠰᠤ ᠶᠢᠨ ᠠᠵᠢᠯ ᠢ ᠳᠡᠮᠵᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠨᠢ ᠨᠡᠶᠢᠭᠡᠮ ᠲᠣᠭᠤᠷᠢᠭ ᠲᠠᠢ ᠢᠳᠡᠪᠬᠢᠲᠡᠢ ᠬᠠᠮᠵᠢᠯᠴᠠᠨ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠠᠵᠢᠯ ᠢ ᠰᠠᠶᠢᠲᠤᠷ ᠥᠷᠨᠢᠭᠦᠯᠵᠦ᠂ ᠪᠣᠳᠠᠲᠠᠢ ᠠᠵᠢᠯᠲᠠᠨ ᠨᠢ ᠵᠣᠬᠢᠴᠠᠭᠤᠯᠤᠨ ᠨᠡᠪᠲᠡᠷᠡᠯᠴᠡᠬᠦ ᠠᠵᠢᠯ ᠢ ᠰᠠᠶᠢᠲᠤᠷ ᠬᠢᠵᠦ᠂ ᠬᠤᠭᠤᠷᠤᠨᠳᠤ ᠪᠠᠨ ᠨᠠᠰᠢ ᠴᠠᠰᠢ ᠭᠡᠬᠦ ᠪᠠ ︽ᠲᠦᠭᠵᠢᠷᠡᠬᠦ︾ ᠦᠵᠡᠭᠳᠡᠯ ᠡᠭᠦᠰᠬᠦ ᠶᠢ ᠡᠷᠡᠰ ᠲᠡᠪᠴᠢᠬᠦ ᠬᠡᠷᠡᠭᠲᠡᠢ᠃ ᠳᠥᠷᠪᠡ ᠳᠤ ᠤᠷᠢᠳᠴᠢᠯᠠᠨ ᠢᠯᠡᠷᠡᠭᠦᠯᠬᠦ ᠬᠡᠷᠡᠭᠳᠡᠢ᠃ ᠡᠳᠦᠷ ᠲᠤᠲᠤᠮ ᠤᠨ ᠪᠠᠶᠢᠴᠠᠭᠠᠯᠲᠠ ᠪᠠᠨ ᠴᠢᠩᠭᠠᠳᠬᠠᠨ᠂ ᠰᠠᠭᠤᠭᠠᠯᠢ ᠠᠷᠠᠳ ᠤᠨ ᠠᠮᠢᠳᠤᠷᠠᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠤᠷᠢᠳᠴᠢᠯᠠᠨ ᠢᠯᠡᠷᠡᠭᠦᠯᠵᠦ᠂ 12345 ᠠᠵᠢᠯ ᠤᠨ ᠬᠠᠭᠤᠳᠠᠰᠤ ᠭᠠᠷᠭᠠᠬᠤ ᠶᠢ ᠦᠨᠳᠦᠰᠦ ᠰᠤᠷᠪᠤᠯᠵᠢ ᠠᠴᠠ ᠨᠢ ᠪᠠᠭᠠᠰᠬᠠᠬᠤ ᠬᠡᠷᠡᠭᠳᠡᠢ ᠭᠡᠵᠤ ᠴᠢᠬᠤᠯᠠᠴᠢᠯᠠᠵᠠᠢ᠃ ᠳᠠᠷᠠᠭᠠᠴᠢ ᠶᠢᠨ ᠠᠯᠬᠤᠮ ᠳᠤ᠂ ᠱᠧᠩᠯᠢ ᠵᠡᠭᠡᠯᠢ ᠶᠢᠨ ᠬᠢᠨ ᠬᠠᠷᠢᠭᠤᠴᠠᠯᠭᠠᠲᠤ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠴᠡᠭ᠂ ᠬᠦᠴᠢᠷ ᠠᠰᠠᠭᠤᠳᠠᠯ᠂ ᠲᠦᠭᠵᠢᠷᠡᠮᠡᠯ ᠠᠰᠠᠭᠤᠳᠠᠯ ᠳᠤ ᠴᠢᠭᠯᠡᠭᠦᠯᠦᠨ ︽ᠴᠢᠩᠭ᠎ᠠ ᠦᠨᠡᠨ ᠨᠠᠷᠢᠨ ᠪᠣᠳᠠᠲᠠᠢ ᠲᠦᠷᠭᠡᠨ︾ ᠪᠠᠶᠢᠬᠤ ᠠᠵᠢᠯ ᠤᠨ ᠵᠠᠷᠴᠢᠮ ᠢ ᠪᠠᠷᠢᠮᠲᠠᠯᠠᠵᠤ᠂ ᠱᠠᠲᠤ ᠬᠤᠪᠢᠶᠠᠨ ᠲᠦᠷᠦᠯ ᠬᠤᠪᠢᠶᠠᠨ ᠵᠠᠳᠠᠯᠵᠤ᠂ ᠬᠠᠮᠤᠭ ᠤᠨ ᠲᠡᠷᠢᠭᠦᠨ ᠳᠤ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠤᠨ᠎ᠡ᠃  
 
ᠢᠷᠡᠯᠲᠡ᠄ ᠤᠯᠠᠭᠠᠨᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号