ᠭᠡᠭᠡᠨᠰᠦ᠋ᠮ᠎ᠠ ᠪᠠᠯᠭᠠᠰᠤ ᠦᠨᠳᠦᠰᠦᠲᠡᠨ ᠤ ᠪᠦᠯᠬᠦᠮᠳᠡᠯ ᠤᠨ ᠲᠤᠰᠬᠠᠢ ᠰᠡᠳᠦᠪᠲᠦ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠪᠠ
ᠨᠡᠶᠢᠲᠡᠯᠡᠭᠰᠡᠨ ᠴᠠᠭ᠄
2023/6/25
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠦᠨᠳᠦᠰᠦᠲᠡᠨ ᠤ ᠤᠨᠤᠯ᠂ ᠲᠦᠷᠦ ᠶᠢᠨ ᠪᠣᠳᠣᠯᠭ᠎ᠠ ᠶᠢᠨ ᠰᠤᠷᠤᠯᠴᠠᠯᠭ᠎ᠠ ᠤᠬᠠᠭᠤᠯᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠰᠤᠷᠤᠯᠴᠠᠯᠭ᠎ᠠ ᠤᠬᠠᠭᠤᠯᠭ᠎ᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠲᠦᠯᠦᠭᠡ᠂ 6 ᠰᠠᠷ᠎ᠠ ᠶᠢᠨ 6 ᠤ ᠡᠳᠦᠷ᠂ ᠭᠡᠭᠡᠨᠰᠦ᠋ᠮ᠎ᠠ ᠪᠠᠯᠭᠠᠰᠤ ᠦᠨᠳᠦᠰᠦᠲᠡᠨ ᠤ ᠪᠦᠯᠬᠦᠮᠳᠡᠯ ᠤᠨ ᠲᠤᠰᠬᠠᠢ ᠰᠡᠳᠦᠪᠲᠦ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠪᠠ᠃    ᠲᠣᠰ ᠤᠳᠠᠭᠠᠨ ᠤ ᠤᠷᠤᠯᠳᠤᠭᠠᠨ ᠳᠤ ᠭᠡᠭᠡᠨᠰᠦ᠋ᠮ᠎ᠠ ᠪᠠᠯᠭᠠᠰᠤᠨ ᠤ ᠪᠠᠶᠢᠭᠤᠯᠭ᠎ᠠ ᠶᠢᠨ ᠺᠠᠳ᠋ᠷ᠂ ᠨᠤᠲᠤᠭ ᠤᠨ ᠴᠢᠳᠠᠪᠤᠷᠢᠲᠠᠨ ᠢ ᠬᠦᠮᠤᠵᠢᠬᠦᠯᠬᠦ ᠲᠥᠪ ᠤᠨ ᠪᠦᠷᠢᠯᠳᠦᠭᠦᠨ ᠤ ᠲᠥᠯᠥᠭᠡᠯᠡᠭᠴᠢ ᠪᠠᠷ ᠪᠦᠷᠢᠯᠳᠦᠭᠰᠡᠨ 4 ᠳᠤᠭᠤᠶᠢᠯᠠᠩ 12 ᠬᠥᠮᠥᠨ ᠤᠷᠤᠯᠳᠤᠭᠠᠨ ᠳᠤ ᠣᠷᠣᠯᠴᠠᠵᠤ᠂ ᠤᠷᠤᠯᠳᠤᠭᠠᠨ ᠳᠤ ᠵᠠᠪᠠᠯ ᠬᠠᠷᠢᠭᠤᠯᠬᠤ ᠰᠡᠳᠦᠪ᠂ ᠵᠠᠪᠳᠤᠨ ᠬᠠᠷᠢᠭᠤᠯᠬᠤ ᠰᠡᠳᠦᠪ᠂ ᠭᠡᠨᠡᠳᠡᠬᠦᠯᠬᠦ ᠰᠡᠳᠦᠪ ᠵᠡᠷᠭᠡ ᠭᠤᠷᠪᠠᠨ ᠵᠦᠢᠯ ᠤᠨ ᠰᠡᠳᠦᠪ ᠤᠨ ᠬᠡᠯᠪᠡᠷᠢ ᠶᠢ ᠲᠣᠬᠢᠷᠠᠭᠤᠯᠵᠤ᠂ ᠪᠦᠯᠬᠦᠮ ᠨᠡᠶᠢᠲᠡ ᠶᠢᠨ ᠴᠠᠭ ᠲᠤᠬᠠᠢ ᠳᠤᠨᠢ ᠵᠠᠪᠳᠤᠨ ᠬᠠᠷᠢᠭᠤᠯᠬᠤ᠂ ᠰᠢᠯᠭᠠᠷᠠᠭᠤᠯᠬᠤ ᠺᠣᠮᠢᠰ ᠤᠨ ᠬᠥᠨᠳᠡᠯᠡᠨ ᠠᠴᠠ ᠲᠡᠰᠦᠯᠦᠨ ᠦᠨᠡᠯᠡᠬᠦ᠂ ᠬᠤᠪᠢ ᠲᠡᠮᠳᠡᠭᠯᠡᠭᠴᠢ ᠲᠤᠬᠠᠢ ᠶᠢᠨ ᠲᠠᠯᠠᠪᠤᠷ ᠲᠤ ᠬᠤᠪᠢ ᠪᠤᠳᠤᠬᠤ ᠠᠷᠭ᠎ᠠ ᠮᠠᠶ᠋ᠢᠭ ᠢᠶᠠᠷ ᠤᠷᠤᠯᠳᠤᠭᠠᠨ ᠤ ᠡᠷᠬᠡ ᠲᠡᠭᠰᠢ ᠲᠥᠪ ᠭᠤᠥᠯᠴᠢ ᠪᠠᠶᠢᠬᠤ ᠶᠢ ᠪᠠᠲᠤᠯᠠᠪᠠ᠃ ᠤᠷᠤᠯᠳᠤᠭᠠᠨ ᠤ ᠳᠤᠮᠳᠠ᠂ ᠲᠠᠮᠢᠷᠴᠢᠨ ᠨᠢᠭᠡᠪᠦᠷᠢ ᠴᠥᠮ ᠴᠤᠭ ᠵᠢᠪᠬᠤᠭ᠎ᠠ ᠲᠡᠭᠦᠯᠳᠡᠷ᠂ ᠲᠡᠮᠡᠴᠡᠯ ᠤᠨ ᠵᠣᠷᠢᠭ ᠪᠠᠳᠠᠷᠠᠩᠭᠤᠢ ᠪᠠᠶᠢᠵᠤ᠂ ᠵᠠᠪᠠᠯ ᠬᠠᠷᠢᠭᠤᠯᠬᠤ ᠰᠡᠳᠦᠪ ᠤᠨ ᠭᠤᠭᠴᠤᠭ᠎ᠠ ᠳᠤ᠂ ᠤᠷᠤᠯᠳᠤᠭᠠᠨ ᠳᠤ ᠣᠷᠣᠯᠴᠠᠭᠰᠠᠳ ᠪᠦᠷᠢᠨ ᠭᠦᠢᠴᠡᠳ ᠪᠡᠯᠡᠳᠬᠡᠯ ᠲᠠᠢ ᠪᠠᠶᠢᠵᠤ᠂ ᠯᠠᠪᠳᠠᠭᠤᠨ ᠲᠣᠭᠲᠠᠭᠤᠨ ᠢᠶᠠᠷ ᠬᠠᠷᠢᠭᠤᠯᠵᠤ᠂ ᠡᠯᠪᠡᠭ ᠪᠠᠶᠠᠯᠢᠭ ᠮᠡᠳᠡᠯᠭᠡ ᠶᠢᠨ ᠬᠤᠷᠠᠮᠳᠤᠭᠤᠯᠤᠯ ᠢᠶᠠᠨ ᠢᠯᠡᠷᠡᠭᠦᠯᠦᠭᠰᠡᠨ ᠪᠠᠶᠢᠨ᠎ᠠ᠃ ᡽ ᠵᠠᠪᠳᠤᠨ ᠬᠠᠷᠢᠭᠤᠯᠬᠤ ᠰᠡᠳᠦᠪ ᠤᠨ ᠵᠠᠩᠭᠢᠯᠠᠭ᠎ᠠ ᠶᠢᠨ ᠦᠶ᠎ᠡ ᠳᠤ᠂ ᠤᠷᠤᠯᠳᠤᠭᠠᠨ ᠳᠤ ᠣᠷᠣᠯᠴᠠᠭᠰᠠᠳ ᠢᠳᠡᠪᠬᠢᠲᠡᠢ ᠪᠠᠷ ᠵᠠᠪᠳᠤᠨ ᠬᠠᠷᠢᠭᠤᠯᠵᠤ᠂ ᠤᠷᠤᠯᠳᠤᠭᠠᠨ ᠤ ᠬᠤᠪᠢ ᠪᠠᠨ ᠡᠭᠡᠯᠵᠢᠯᠡᠨ ᠳᠡᠭᠡᠭᠰᠢᠯᠡᠭᠦᠯᠵᠦ᠂ ᠲᠠᠰᠢᠷᠠᠮ ᠢ ᠦᠵᠡᠵᠤ ᠲᠤᠤᠷ᠎ᠠ ᠪᠠᠨ ᠬᠤᠪᠢᠷᠠᠬᠤ ᠴᠢᠳᠠᠪᠤᠷᠢ ᠪᠠᠨ ᠢᠯᠡᠷᠡᠭᠦᠯᠵᠦ᠂ ᠤᠷᠤᠯᠳᠤᠭᠠᠨ ᠤ ᠬᠢᠷᠢ ᠲᠦᠪᠰᠢᠨ ᠳᠤ ᠬᠦᠷᠴᠦ᠂ ᠤᠷᠤᠯᠳᠤᠭᠠᠨ ᠤ ᠴᠤᠭ ᠵᠢᠪᠬᠤᠭ᠎ᠠ ᠪᠠᠨ ᠢᠯᠡᠷᠡᠭᠦᠯᠪᠡ᠃    ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠵᠤ᠂ ᠰᠤᠷᠤᠯᠴᠠᠯᠭ᠎ᠠ ᠪᠠᠷ ᠠᠵᠢᠯᠯᠠᠭ᠎ᠠ ᠶᠢ ᠠᠬᠢᠭᠤᠯᠵᠤ᠂ ᠠᠳᠠᠯᠢᠳᠬᠠᠨ ᠰᠤᠷᠤᠯᠴᠠᠬᠤ ᠪᠠᠷ ᠬᠡᠷᠡᠭᠯᠡᠬᠦ ᠶᠢ ᠠᠬᠢᠭᠤᠯᠵᠤ᠂ ᠲᠤᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠪᠣᠯ ᠭᠡᠭᠡᠨᠰᠦ᠋ᠮ᠎ᠠ ᠪᠠᠯᠭᠠᠰᠤᠨ ᠤ ᠨᠠᠮ ᠤᠨ ᠭᠡᠰᠢᠭᠦᠨ ᠺᠠᠳ᠋ᠷ᠂ ᠣᠯᠠᠨ ᠲᠦᠮᠡᠨ ᠢ ᠪᠦᠬᠦ ᠲᠠᠯ᠎ᠠ ᠪᠠᠷ ᠬᠥᠮᠥᠵᠢᠭᠦᠯᠦᠨ ᠵᠢᠯᠤᠭᠤᠳᠴᠤ᠂ ᠮᠠᠨ ᠤ ᠤᠯᠤᠰ ᠤᠨ ᠦᠨᠳᠦᠰᠦᠲᠡᠨ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ᠂ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠵᠡᠷᠭᠡ ᠠᠭᠤᠯᠭ᠎ᠠ ᠶᠢᠨ ᠲᠤᠬᠠᠢ ᠥᠷᠭᠡᠨ ᠣᠯᠠᠨ ᠺᠠᠳ᠋ᠷ ᠣᠯᠠᠨ ᠲᠦᠮᠡᠨ ᠤ ᠣᠶᠢᠯᠠᠭᠠᠯᠲᠠ ᠪᠠ ᠲᠠᠨᠢᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠬᠦ ᠶᠢᠨ ᠲᠥᠯᠥᠭᠡ ᠶᠤᠮ᠃    
 
ᠢᠷᠡᠯᠲᠡ᠄ ᠤᠯᠠᠭᠠᠨᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号