ᠲᠤᠰ ᠮᠡᠷᠭᠡᠵᠢᠯ ᠳᠤ ᠬᠤᠪᠣᠷ ᠰᠢᠷᠣᠢ ᠶᠢ ᠨᠠᠷᠢᠨ ᠨᠣᠣᠰᠤᠲᠤ ᠬᠤᠨᠢᠨ ᠤ ᠪᠣᠷᠳᠤᠭ᠎ᠠ ᠶᠢᠨ ᠨᠡᠮᠡᠯᠲᠡ ᠡᠳ᠋ | ᠪᠣᠯᠭᠠᠪᠠ᠃ ᠡᠭᠦᠨ ᠤ ᠵᠣᠷᠢᠯᠭ᠎ᠠ ᠭᠡᠪᠡᠯ ᠬᠤᠪᠣᠷ ᠰᠢᠷᠣᠢ ᠶᠢᠨ ᠡᠯᠧᠮᠧᠨ᠋ᠲ ᠤᠨ ᠲᠦᠷᠭᠡᠳᠭᠡᠬᠦ ᠦᠢᠯᠡᠳᠦᠯ ᠢ | ᠠᠰᠢᠭᠯᠠᠨ᠂ ᠬᠤᠨᠢᠨ ᠤ ᠪᠡᠶ᠎ᠡ ᠶᠢᠨ ᠳᠣᠳᠤᠭᠠᠳᠤ ᠶᠢᠨ ᠵᠠᠷᠢᠮ ᠢᠰᠭᠡᠭᠦᠷ ᠤᠨ ᠢᠳᠡᠪᠬᠢᠵᠢᠯ ᠢ ᠥᠭᠡᠷᠡᠴᠢᠯᠡᠵᠤ | ᠬᠤᠨᠢᠨ ᠤ ᠰᠢᠮ᠎ᠡ ᠲᠡᠵᠢᠭᠡᠯ ᠤᠨ ᠡᠳ᠋ ᠢ ᠬᠤᠪᠢᠷᠠᠭᠤᠯᠵᠤ ᠰᠢᠩᠭᠡᠭᠡᠬᠦ ᠴᠢᠳᠠᠯ ᠢ ᠨᠡᠮᠡᠭᠳᠡᠭᠦᠯᠵᠦ᠂ ᠰᠢᠨ᠎ᠡ | ᠬᠠᠭᠤᠴᠢᠨ ᠤ ᠰᠣᠯᠢᠯᠴᠠᠭ᠎ᠠ ᠶᠢ ᠠᠬᠢᠭᠤᠯᠤᠨ ᠡᠭᠦᠨ ᠤ ᠤᠯᠠᠮ ᠢᠶᠠᠷ ᠨᠠᠷᠢᠨ ᠨᠣᠣᠰᠤᠨ ᠭᠠᠷᠤᠯᠲᠠ ᠪᠠ ᠪᠡᠶ᠎ᠡ ᠶᠢᠨ | ᠬᠦᠨᠳᠦᠴᠡ ᠶᠢ ᠨᠢ ᠨᠡᠮᠡᠭᠳᠡᠭᠦᠯᠬᠦ ᠪᠣᠯᠤᠨ᠎ᠠ᠃ ᠲᠤᠷᠰᠢᠯᠲᠠ ᠶᠢᠨ ᠦᠷ᠎ᠡ ᠳ᠋ᠦᠩ ᠤᠨ ᠬᠠᠷᠠᠭᠤᠯᠤᠭᠰᠠᠨ ᠨᠢ ᠬᠤᠪᠣᠷ | ᠰᠢᠷᠤᠢ ᠪᠠᠷ ᠨᠠᠷᠢᠨ ᠨᠣᠣᠰᠤᠳᠤ ᠬᠤᠨᠢᠨ ᠤ ᠪᠡᠶ᠎ᠡ ᠶᠢᠨ ᠬᠦᠨᠳᠦᠴᠡ ᠶᠢ 6.84 — 17.63% ᠪᠠᠷ | ᠨᠡᠮᠡᠭᠳᠡᠭᠦᠯᠵᠦ᠂ ᠨᠣᠣᠰᠤᠨ ᠤ ᠤᠷᠳᠤ ᠶᠢ 0. 68 ᠰᠡᠨᠲ᠋ᠢᠮᠧᠳ᠋ᠷ ᠨᠡᠮᠡᠭᠳᠡᠭᠦᠯᠵᠦ ᠴᠢᠳᠠᠨ᠎ᠠ᠃ ᠬᠤᠨᠢ ᠪᠦᠷᠢ ᠶᠢᠨ | ᠨᠣᠣᠰᠤᠨ ᠤ ᠵᠢᠯ ᠤᠨ ᠭᠠᠷᠤᠯᠲᠠ 0.2 — 0. 22 ᠺᠢᠯᠥᠭᠷᠠᠮ ᠨᠡᠮᠡᠭᠳᠡᠬᠦ ᠪᠥᠭᠡᠳ ᠨᠣᠣᠰᠣᠨ ᠤ ᠥᠩᠭᠡ᠂ | ᠬᠠᠷᠢᠮᠠᠬᠠᠢ ᠴᠢᠨᠠᠷ᠂ ᠳᠠᠲᠠᠴᠠ ᠪᠠ ᠵᠢᠭᠳᠡᠴᠡ ᠶᠢ ᠰᠠᠶᠢᠵᠢᠷᠠᠭᠤᠯᠵᠤ ᠴᠢᠳᠠᠨ᠎ᠠ᠃ ᠨᠣᠣᠰᠤᠨ ᠰᠢᠷᠭᠡᠭ ᠤᠨ | ᠨᠢᠭᠲᠠᠴᠠ ᠶᠢ ᠨᠡᠮᠡᠭᠳᠡᠭᠦᠯᠵᠦ᠂ ᠨᠣᠣᠰᠤᠨ ᠤ ᠤᠷᠠᠯᠢᠭ ᠤᠨ ᠦᠨ᠎ᠡ ᠥᠷᠳᠡᠭ ᠢ ᠨᠡᠮᠡᠭᠳᠡᠭᠦᠯᠳᠡᠭ ᠪᠠᠶᠢᠨ᠎ᠠ᠃ ᠠᠳᠠᠯᠢ | ᠠᠵᠢᠯ ᠲᠥᠷᠥᠯ ᠤᠨ ᠲᠤᠰᠬᠠᠢ ᠮᠡᠷᠭᠡᠵᠢᠯᠲᠡᠳ ᠤᠨ ᠬᠢᠨᠠᠨ ᠲᠤᠭᠳᠠᠭᠠᠯᠲᠠ ᠬᠢᠭᠰᠡᠨ ᠢ ᠦᠨᠳᠦᠰᠦᠯᠡᠪᠡᠯ᠂ ᠬᠤᠪᠣᠷ | ᠰᠢᠷᠤᠢ ᠶᠢ ᠨᠠᠷᠢᠨ ᠨᠣᠣᠰᠤᠲᠤ ᠬᠤᠨᠢ ᠲᠡᠵᠢᠭᠡᠬᠦ ᠤᠶᠢᠯᠡᠰ ᠲᠤ ᠬᠡᠷᠡᠭᠯᠡᠭᠰᠡᠨ ᠨᠢ ᠤᠯᠤᠰ ᠤᠨ ᠳᠣᠲᠤᠭᠠᠳᠤ ᠳᠤ | ᠠᠩᠬ᠎ᠠ ᠤᠳᠠᠭ᠎ᠠ ᠪᠣᠯᠬᠤ ᠪᠥᠭᠡᠳ ᠦᠷ᠎ᠡ ᠪᠥᠳᠦᠭᠡᠯ ᠤᠶᠢᠯᠡᠳᠪᠤᠷᠢᠯᠡᠯ ᠤᠨ ᠬᠡᠷᠡᠭᠯᠡᠭᠡᠨ ᠤ ᠦᠨ᠎ᠡ ᠴᠠᠨ᠎ᠠ ᠨᠢ | ᠨᠡᠯᠢᠶᠡᠳ ᠶᠡᠭᠡ ᠪᠠᠶᠢᠨ᠎ᠡ᠃ ︽ᠮᠠᠯ ᠲᠠᠷᠢᠶᠠᠯᠠᠩ ᠤᠨ ᠬᠡᠷᠡᠭᠯᠡᠭᠡᠨ ᠤ ᠰᠢᠨ᠎ᠡ ᠮᠡᠷᠭᠡᠵᠢᠯ︾ ᠭᠡᠬᠦ ᠨᠣᠮ ᠠᠴᠠ | ᠪᠠᠭᠤᠯᠭᠠᠪᠠ᠃ | |