ᠬᠥᠳᠡᠭᠡ ᠲᠣᠰᠬᠤᠨ ᠳᠤ ᠲᠥᠮᠥᠰᠥ ᠪᠣᠯ ᠲᠠᠷᠢᠶᠠᠴᠢᠨ ᠠᠶᠢᠯ ᠳᠤ ᠦᠷᠭᠦᠯᠵᠢ ᠬᠠᠷᠠᠭᠳᠠᠳᠠᠭ ᠢᠳᠡᠰᠢᠨ | ᠨᠣᠭᠤᠭᠠᠨ ᠤ ᠲᠥᠷᠥᠯ ᠤᠨ ᠢᠳᠡᠭᠡᠨ ᠤ ᠨᠢᠭᠡ ᠪᠣᠯᠤᠨ᠎ᠠ᠃ ᠡᠪᠦᠯ ᠬᠠᠪᠤᠷ ᠤᠨ ᠬᠠᠬᠢᠷ ᠬᠦᠢᠲᠡᠨ ᠤᠯᠠᠷᠢᠯ ︵ | ᠢᠯᠠᠩᠭᠤᠶ᠎ᠠ ᠪᠣᠷᠣᠭᠠᠨ ᠴᠠᠰᠤ ᠲᠠᠢ ᠴᠠᠭ ᠠᠭᠤᠷ︶ ᠳᠤ ᠤᠷᠤᠭᠰᠠᠨ ᠤ ᠳᠠᠷᠠᠭ᠎ᠠ᠂ ᠵᠠᠷᠢᠮ ᠬᠤᠨᠢᠴᠢᠨ ᠦᠷᠭᠦᠯᠵᠢ | ᠨᠠᠬᠢᠶᠠᠯᠠᠭᠰᠠᠨ ᠪᠤᠶᠤ ᠢᠯᠵᠢᠷᠡᠭᠰᠡᠨ ᠲᠥᠮᠥᠰᠥ ᠪᠠᠷ ᠨᠣᠭᠤᠭᠠᠨ ᠪᠣᠷᠳᠤᠭ᠎ᠠ ᠶᠢ ᠣᠷᠣᠯᠠᠭᠤᠯᠵᠤ ᠬᠤᠨᠢᠨ ᠤ | ᠰᠦᠷᠦᠭ ᠢᠶᠠᠨ ᠲᠡᠵᠢᠭᠡᠳᠡᠭ᠃ ᠪᠠᠰᠠ ᠨᠢᠭᠡ ᠪᠦᠯᠦᠭ ᠬᠤᠨᠢ ᠲᠡᠵᠢᠭᠡᠬᠦ ᠲᠠᠯᠠᠪᠠᠶ ᠶᠢᠨ ᠡᠷᠦᠬᠡ ᠨᠢ ᠵᠭᠡᠨᠲᠡ | ᠰᠣᠶᠣᠭᠠᠯᠠᠭᠰᠠᠨ ᠪᠤᠶᠤ ᠢᠯᠵᠢᠷᠡᠭᠰᠡᠨ ᠲᠥᠮᠥᠰᠥ ᠲᠡᠵᠢᠭᠡᠳᠡᠭ᠃ ᠬᠠᠷᠢᠨ ᠬᠤᠨᠢᠨ ᠰᠦᠷᠦᠭ ᠰᠣᠶᠣᠭᠠᠯᠠᠭᠰᠠᠨ ᠪᠤᠶᠤ | ᠢᠯᠵᠢᠷᠡᠭᠰᠡᠨ ᠲᠥᠮᠥᠰᠥ ᠶᠢ ᠲᠡᠭᠦᠵᠦ ᠢᠳᠡᠭᠰᠡᠨ ᠤ ᠳᠠᠷᠠᠭ᠎ᠠ᠂ ᠨᠢᠭᠡ ᠪᠦᠯᠦᠭ ᠬᠤᠨᠢ ᠨᠢ ᠲᠥᠮᠥᠰᠥᠨ ᠤ | ᠬᠤᠤᠷᠳᠠᠯ ᠳᠤ ᠠᠮᠠᠷᠬᠠᠨ ᠨᠡᠷᠪᠡᠭᠳᠡᠬᠦ ᠶᠢ ᠮᠡᠳᠡᠬᠦ ᠥᠬᠡᠶ ᠪᠠᠶᠢᠳᠠᠭ᠃ ᠬᠤᠨᠢᠨ ᠳᠤ ᠲᠥᠮᠥᠰᠥᠨ ᠳᠤ ᠬᠤᠣᠷᠳᠠᠭᠳᠠᠪᠠᠯ | ᠬᠤᠣᠷᠳᠠᠭᠳᠠᠭᠰᠠᠨ ᠬᠤᠨᠢᠨ ᠤ ᠮᠡᠳᠡᠷᠡᠯ ᠤᠨ ᠰᠢᠰᠲ᠋ᠧᠮ ᠪᠠ ᠰᠢᠩᠭᠡᠭᠡᠯᠲᠡ ᠶᠢᠨ ᠰᠢᠰᠲ᠋ᠧᠮ ᠤᠨ ᠠᠵᠢᠯᠯᠠᠭ᠎ᠠ ᠶᠢ | ᠰᠠᠮᠠᠭᠤᠷᠠᠭᠤᠯᠳᠠᠭ᠂ ᠭᠡᠪᠡᠴᠦ ᠬᠤᠨᠢᠨ ᠳᠤ ᠬᠤᠣᠷᠳᠠᠭᠳᠠᠬᠤ ᠡᠮᠴᠢᠯᠡᠭᠡᠨ ᠤ ᠰᠢᠨᠵᠢ ᠲᠡᠮᠳᠡᠭ ᠨᠢ ᠶᠡᠷᠦ ᠳᠡᠭᠡᠨ | ᠬᠤᠨᠢᠨ ᠤ ᠲᠥᠮᠥᠰᠥᠨ ᠳᠤ ᠬᠤᠣᠷᠳᠠᠭᠳᠠᠬᠤ ᠬᠡᠮᠵᠢᠶ᠎ᠡ ᠶᠢᠨ ᠠᠳᠠᠯᠢ ᠪᠤᠰᠤ ᠠᠴᠠ ᠪᠣᠯᠵᠤ᠂ ᠲᠡᠭᠦᠨ ᠤ ᠡᠮᠴᠢᠯᠡᠭᠡᠨ ᠤ | ᠰᠢᠨᠵᠢ ᠲᠡᠮᠳᠡᠭ ᠨᠢ ᠴᠦ ᠨᠡᠯᠢᠶᠡᠳ ᠶᠡᠭᠡ ᠣᠨᠳᠣᠣ ᠪᠠᠶᠢᠳᠠᠯ ᠲᠠᠢ ᠪᠠᠶᠢᠳᠠᠭ᠃ ᠡᠩ ᠤᠨ ᠪᠠᠶᠢᠳᠠᠯ ᠳᠤ ᠬᠥᠩᠭᠡᠨ | ᠬᠤᠣᠷᠳᠠᠭᠳᠠᠭᠰᠠᠨ ᠬᠤᠨᠢᠨ ᠤ ᠣᠯᠠᠩᠬᠢ ᠨᠢ ᠤᠳᠠᠭᠠᠨ ᠴᠢᠨᠠᠷᠲᠠᠶ ᠬᠤᠣᠷᠳᠠᠯᠭ᠎ᠠ ᠶᠢᠨ ᠥᠩᠭᠡᠷᠡᠯᠲᠡ ᠲᠠᠢ ᠪᠠᠶᠢᠵᠤ᠂ | ᠬᠤᠣᠷᠳᠠᠭᠳᠠᠭᠰᠠᠨ ᠬᠤᠨᠢᠨ ᠤ ᠬᠤᠳᠣᠭᠤᠳᠣ ᠭᠡᠳᠡᠰᠦᠨ ᠤ ᠦᠷᠪᠢᠰᠦᠯ ᠤᠨ ᠰᠢᠨᠵᠢ ᠢᠯᠡᠷᠡᠨ᠎ᠡ᠂ ᠡᠪᠡᠳᠴᠢᠨ ᠤ | ᠠᠩᠬ᠎ᠠ ᠳᠤᠮᠳᠠᠳᠤ ᠶᠢᠨ ᠬᠤᠣᠷᠲᠤ ᠬᠤᠨᠢᠨ ᠤ ᠢᠳᠡᠭᠡᠨ ᠤ ᠳᠤᠷᠠᠰᠢᠯ ᠪᠠᠭᠠᠰᠴᠤ᠂ ᠭᠦᠵᠡᠭᠡᠨ ᠤ ᠭᠦᠷᠪᠡᠯᠵᠡᠯ | ᠪᠠᠭᠤᠷᠠᠨ᠂ ᠬᠡᠪᠢᠬᠦ ᠨᠢ ᠬᠠᠶᠠᠭᠳᠠᠬᠤ ᠶᠢᠨ ᠬᠠᠮᠲᠤ ᠠᠮᠠᠨ ᠬᠥᠨᠳᠡᠶ ᠶᠢᠨ ᠰᠠᠯᠢᠰᠤᠲᠤ ᠪᠦᠷᠬᠦᠪᠴᠢ ᠬᠠᠪᠤᠳᠬᠤ᠂ | ᠰᠢᠯᠦᠰᠦ ᠭᠤᠭᠤᠵᠢᠬᠤ᠂ ᠪᠥᠭᠡᠯᠵᠢᠬᠦ ᠪᠠ ᠬᠤᠷᠭᠤᠰᠣ ᠬᠠᠲᠠᠬᠤ ᠵᠡᠷᠭᠡ ᠡᠪᠡᠳᠴᠢᠨ ᠤ ᠢᠯᠡᠷᠡᠯ ᠲᠠᠢ᠃ | ᠬᠤᠣᠷᠳᠠᠭᠳᠠᠭᠰᠠᠨ ᠬᠤᠨᠢᠨ ᠤ ᠬᠤᠳᠣᠭᠤᠳᠣ ᠭᠡᠳᠡᠰᠦᠨ ᠤ ᠦᠷᠪᠢᠰᠦᠯ ᠲᠦᠷᠭᠡᠨ ᠡᠭᠦᠰᠬᠦ ᠦᠶ᠎ᠡ ᠳᠤ᠂ | ᠬᠤᠣᠷᠳᠠᠭᠳᠠᠭᠰᠠᠨ ᠬᠤᠨᠢᠨ ᠳᠤ ᠬᠦᠨᠳᠦ ᠰᠦᠷᠡᠬᠡᠶ ᠰᠠᠭᠤᠯᠭᠠᠬᠤ ᠢᠯᠡᠷᠡᠯ ᠭᠠᠷᠤᠨ᠎ᠠ᠂ ᠬᠤᠣᠷᠳᠠᠭᠳᠠᠭᠰᠠᠨ | ᠬᠤᠨᠢᠨ ᠤ ᠪᠠᠭᠠᠰᠤᠨ ᠳᠤ ᠴᠢᠰᠤ ᠬᠤᠯᠢᠯᠳᠤᠨ᠎ᠠ᠂ ᠬᠤᠣᠷᠳᠠᠭᠳᠠᠭᠰᠠᠨ ᠬᠤᠨᠢᠨ ᠤ ᠴᠤᠭ ᠰᠦᠯᠳᠡ ᠮᠠᠭᠤᠳᠠᠨ᠂ | ᠪᠤᠯᠴᠢᠩ ᠮᠢᠬ᠎ᠠ ᠨᠢ ᠰᠤᠯᠠᠷᠠᠵᠤ᠂ ᠪᠡᠶ᠎ᠡ ᠶᠢᠨ ᠬᠠᠯᠠᠭᠤᠨ ᠨᠢ ᠵᠠᠷᠢᠮ ᠳᠠᠭᠠᠨ ᠥᠨᠳᠥᠷᠵᠢᠵᠦ᠂ ᠬᠤᠰᠬᠢᠨᠠᠭ ᠤᠨ | ᠰᠦᠪᠡ᠂ ᠰᠡᠭᠦᠯ ᠤᠨ ᠦᠨᠳᠦᠰᠦ᠂ ᠳᠦᠷᠪᠡᠨ ᠮᠥᠴᠢ ᠶᠢᠨ ᠳᠣᠲᠣᠷ᠎ᠠ ᠲᠠᠯ᠎ᠠ ᠪᠠ ᠬᠥᠬᠦ ᠵᠡᠷᠭᠡ ᠬᠡᠰᠡᠭ ᠲᠤ | ᠠᠷᠠᠰᠤᠨ ᠡᠰᠡᠷᠭᠡᠨ᠎ᠡ ᠭᠠᠷᠴᠤ᠂ ᠵᠠᠪᠠᠵᠢ ᠶᠢᠨ ᠲᠣᠭᠤᠷᠢᠨ ᠳᠤ ᠤᠰᠤᠨ ᠴᠥᠪᠥᠷᠢᠭᠦᠦ ᠶᠢᠨ ᠴᠢᠨᠠᠷᠲᠠᠶ ᠠᠷᠠᠰᠤᠨ ᠤ | ᠦᠷᠪᠢᠰᠦᠯ ᠡᠭᠦᠰᠴᠦ᠂ ᠳᠠᠬᠢᠨ ᠳᠠᠪᠲᠠᠨ ᠬᠥᠳᠡᠯᠵᠦ᠂ ᠡᠪᠦᠯ ᠬᠠᠪᠤᠷ ᠤᠨ ᠤᠯᠠᠷᠢᠯ ᠳᠤ ᠬᠤᠨᠢᠨ ᠤ ᠰᠦᠷᠦᠭ ᠤᠨ | ᠪᠣᠷᠳᠣᠬᠤ ᠦᠢᠯᠡᠳᠦᠯ ᠢ ᠬᠦᠨᠳᠦ ᠨᠣᠴᠢᠲᠠᠶ ᠨᠥᠯᠥᠭᠡᠯᠡᠨ᠎ᠡ᠃ ᠬᠤᠨᠢ ᠢᠮᠠᠭ᠎ᠠ ᠬᠦᠨᠳᠦ ᠬᠤᠣᠷᠳᠠᠭᠳᠠᠬᠤ ᠦᠶ᠎ᠡ ᠳᠤ᠂ | ᠬᠤᠣᠷᠳᠠᠭᠳᠠᠭᠰᠠᠨ ᠬᠤᠨᠢ ᠨᠢ ᠢᠯᠡᠷᠬᠡᠶ ᠮᠡᠳᠡᠷᠡᠯ ᠤᠨ ᠡᠪᠡᠳᠴᠢᠨ ᠤ ᠢᠯᠡᠷᠡᠯ ᠲᠠᠢ᠂ ᠡᠪᠡᠳᠴᠢᠨ ᠲᠠᠢ ᠠᠩᠬ᠎ᠠ | ᠳᠤᠮᠳᠠᠳᠤ ᠶᠢᠨ ᠬᠤᠣᠷᠳᠠᠭᠳᠠᠭᠰᠠᠨ ᠬᠤᠨᠢ ᠨᠢ ᠬᠥᠭᠡᠷᠴᠦ ᠲᠣᠭᠲᠠᠪᠤᠷᠢ ᠦᠭᠡᠶ᠂ ᠵᠠᠩ ᠠᠭᠠᠰᠢ ᠨᠢ ᠬᠡᠳᠡᠷ ᠳᠣᠭᠰᠢᠨ | ᠂ ᠵᠠᠷᠢᠮ ᠳᠠᠭᠠᠨ ᠤᠷᠤᠭᠰᠢ ᠪᠠᠨ ᠰᠢᠷᠦᠭᠦᠨ ᠳᠠᠭᠠᠷᠢᠨ ᠰᠢᠭᠤᠳ ᠮᠥᠷᠭᠦᠵᠦ᠂ ᠰᠡᠭᠦᠯᠡᠷ ᠨᠢ ᠴᠤᠭ ᠰᠦᠯᠳᠡ ᠦᠭᠡᠶ | ᠪᠣᠯᠵᠤ᠂ ᠬᠤᠶᠢᠲᠤ ᠪᠡᠶ᠎ᠡ ᠨᠢ ᠲᠠᠮᠢᠷ ᠦᠭᠡᠶ ᠪᠣᠯᠵᠤ᠂ ᠬᠥᠳᠡᠯᠭᠡᠭᠡᠨ ᠨᠢ ᠰᠠᠭᠠᠲᠠᠯ ᠲᠠᠢ ᠪᠣᠯᠵᠤ᠂ ᠠᠯᠬᠤᠴᠠ ᠨᠢ | ᠵᠡᠭᠦᠨᠰᠢ ᠪᠠᠷᠠᠭᠤᠨᠰᠢ ᠨᠠᠶᠢᠭᠤᠵᠤ᠂ ᠬᠠᠷᠠᠭᠠᠨ ᠤ ᠰᠠᠯᠢᠰᠤᠲᠤ ᠪᠦᠷᠬᠦᠪᠴᠢ ᠨᠢ ᠪᠣᠷᠣᠯᠠᠵᠤ᠂ ᠠᠮᠢᠰᠬᠤᠯ ᠨᠢ ᠬᠦᠴᠦ | ᠦᠭᠡᠶ ᠪᠣᠯᠵᠤ᠂ ᠵᠢᠷᠦᠬᠡ ᠨᠢ ᠮᠠᠭᠤᠳᠠᠵᠤ᠂ ᠬᠡᠦᠬᠡᠨ ᠬᠠᠷᠠᠭ᠎ᠠ ᠨᠢ ᠲᠣᠮᠣᠷᠠᠨ᠂ ᠪᠦᠬᠦ ᠪᠡᠶ᠎ᠡ ᠨᠢ ᠵᠠᠭᠤᠷᠠᠵᠤ᠂ | ᠶᠡᠷᠦ ᠳᠡᠭᠡᠨ 1~2 ᠡᠳᠦᠷ ᠤᠨ ᠳᠣᠲᠣᠷ᠎ᠠ ᠥᠭᠦᠳᠡᠭ ᠪᠠᠶᠢᠨ᠎ᠠ᠃ ᠡᠩ ᠤᠨ ᠬᠥᠩᠭᠡᠨ ᠬᠤᠣᠷᠳᠠᠭᠳᠠᠭᠰᠠᠨ | ᠬᠤᠨᠢᠨ ᠳᠤ 25% ᠶᠢᠨ ᠳᠡᠭᠡᠳᠦ ᠮᠠᠩᠭᠠᠨ ᠬᠦᠴᠢᠯ ᠤᠨ ᠺᠠᠯᠢ ᠶᠢᠨ ᠠᠭᠤᠰᠤᠮᠠᠯ ᠪᠤᠶᠤ 5% ᠶᠢᠨ ᠲᠠᠨᠨᠢᠨ | ᠬᠦᠴᠢᠯ ᠤᠨ ᠠᠭᠤᠰᠤᠮᠠᠯ 1000 ᠮᠢᠯᠢᠯᠢᠳ᠋ᠷ ᠬᠡᠷᠡᠭᠯᠡᠵᠦ ᠡᠪᠡᠳᠴᠢᠨ ᠲᠠᠢ ᠬᠤᠨᠢᠨ ᠤ ᠬᠤᠳᠣᠭᠤᠳᠣ ᠶᠢ ᠨᠢ | ᠤᠬᠢᠶᠠᠬᠤ ᠪᠤᠶᠤ ᠭᠡᠳᠡᠰᠦ ᠶᠢ ᠨᠢ ᠴᠢᠳᠬᠤᠵᠤ᠂ ᠡᠪᠡᠳᠴᠢᠨ ᠲᠠᠢ ᠬᠤᠨᠢᠨ ᠤ ᠬᠤᠳᠣᠭᠤᠳᠣ ᠭᠡᠳᠡᠰᠦᠨ ᠳᠠᠬᠢ | ᠬᠤᠣᠷᠲᠤ ᠪᠣᠳᠠᠰ ᠢ ᠴᠡᠪᠡᠷᠯᠡᠨ ᠠᠷᠢᠯᠭᠠᠵᠤ᠂ ᠬᠤᠣᠷᠲᠤ ᠪᠣᠳᠠᠰ ᠤᠨ ᠰᠢᠩᠭᠡᠭᠡᠵᠦ ᠲᠠᠷᠬᠠᠬᠤ ᠶᠢ ᠬᠤᠷᠢᠭᠯᠠᠨ᠎ᠠ᠃ | ᠲᠥᠮᠥᠰᠥᠨ ᠳᠤ ᠬᠤᠣᠷᠳᠠᠭᠳᠠᠭᠰᠠᠨ ᠠᠴᠠ ᠪᠣᠯᠤᠭᠰᠠᠨ ᠡᠪᠡᠳᠴᠢᠨ ᠲᠠᠢ ᠬᠤᠨᠢᠨ ᠤ ᠠᠷᠠᠰᠤᠨ ᠤ ᠡᠰᠡᠷᠭᠡᠨ᠎ᠡ᠂ | ᠤᠰᠤᠨ ᠴᠥᠪᠥᠷᠢᠭᠦᠦ ᠶᠢᠨ ᠴᠢᠨᠠᠷᠲᠠᠶ ᠠᠷᠠᠰᠤᠨ ᠤ ᠦᠷᠪᠢᠰᠦᠯ ᠡᠭᠦᠰᠦᠭᠰᠡᠨ ᠬᠡᠰᠡᠭ ᠢ ᠵᠠᠰᠠᠬᠤ ᠳᠤ ᠤᠷᠢᠳ ᠢᠶᠠᠷ | ᠡᠪᠡᠳᠴᠢᠯᠡᠭᠰᠡᠨ ᠬᠡᠰᠡᠭ ᠤᠨ ᠬᠥᠨᠵᠢᠯᠡ ᠶᠢᠨ ᠦᠰᠦ ᠶᠢ ᠨᠢ ᠠᠪᠴᠤ ᠬᠠᠶᠠᠭᠠᠳ ᠭᠬᠢᠷ ᠪᠤᠷᠲᠠᠭ ᠢ ᠨᠢ | ᠠᠷᠢᠯᠭᠠᠬᠤ ᠶᠢᠨ ᠬᠠᠮᠲᠤ 20% ᠶᠢᠨ ᠲᠠᠨᠨᠢᠨ ᠬᠦᠴᠢᠯ ᠤᠨ ᠠᠭᠤᠰᠤᠮᠠᠯ ᠪᠤᠶᠤ 30% ᠶᠢᠨ ᠪᠤᠷ ᠬᠦᠴᠢᠯ ᠤᠨ | ᠠᠭᠤᠰᠤᠮᠠᠯ ᠢᠶᠠᠷ ᠤᠬᠢᠶᠠᠵᠤ᠂ ᠳᠠᠷᠠᠭ᠎ᠠ ᠨᠢ 30% ᠶᠢᠨ ᠯᠣᠣ ᠶᠢᠨ ᠰᠥᠰᠥᠨ ᠤ ᠪᠣᠷᠣ ᠪᠤᠶᠤ 30% ᠶᠢᠨ | ᠠᠽᠣᠲ ᠬᠦᠴᠢᠯ ᠤᠨ ᠮᠥᠩᠭᠦᠨ ᠤ ᠠᠭᠤᠰᠤᠮᠠᠯ ᠢ ᠲᠦᠷᠬᠢᠵᠦ᠂ ᠡᠪᠡᠳᠴᠢᠯᠡᠭᠰᠡᠨ ᠬᠡᠰᠡᠭ ᠤᠨ ᠢᠯᠵᠢᠷᠡᠬᠦ ᠶᠢ | ᠰᠡᠷᠭᠡᠶᠢᠯᠡᠬᠦ᠂ ᠬᠤᠷᠠᠭᠤᠯᠬᠤ ᠪᠠ ᠨᠡᠪᠴᠢᠬᠦ ᠶᠢ ᠬᠤᠷᠢᠭᠯᠠᠬᠤ ᠦᠢᠯᠡᠳᠦᠯ ᠲᠠᠢ᠃ ᠬᠦᠨᠳᠦ ᠬᠤᠣᠷᠳᠠᠯᠭ᠎ᠠ ᠪᠠ | ᠬᠤᠣᠷᠳᠠᠯᠭ᠎ᠠ ᠶᠢᠨ ᠢᠯᠡᠷᠡᠯ ᠨᠢ ᠨᠡᠯᠢᠶᠡᠳ ᠬᠡᠴᠡᠭᠦᠦ ᠡᠪᠡᠳᠴᠢᠨ ᠲᠠᠢ ᠬᠤᠨᠢ ᠶᠢ ᠪᠣᠯ ᠭᠤᠷᠪᠠᠨ ᠰᠢᠷ᠎ᠠ ᠶᠢᠨ ᠬᠤᠣᠷ ᠢ | ᠲᠠᠶᠢᠯᠬᠤ ᠡᠮ ᠤᠨ ᠱᠥᠯᠥ ᠪᠠᠷ ᠡᠪᠡᠳᠴᠢᠨ ᠲᠠᠢ ᠬᠤᠨᠢᠨ ᠳᠤ ᠤᠤᠭᠤᠯᠭᠠᠵᠤ᠂ ᠬᠤᠣᠷ ᠢ ᠨᠢ ᠭᠠᠳᠠᠭᠰᠢᠯᠠᠭᠤᠯᠤᠨ | ᠬᠤᠣᠷ ᠢ ᠨᠢ ᠲᠠᠶᠢᠯᠬᠤ ᠶᠢ ᠠᠬᠢᠭᠤᠯᠤᠨ᠎ᠠ᠃ | |